ᠲᠦᠷᠦᠭᠦᠬᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ ︽ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ᠢ | ᠨᠡᠶᠢᠲᠡᠯᠡᠪᠡ᠃ ᠲᠣᠭᠲᠠᠭᠠᠯ ᠢ ᠤᠨᠴᠠᠭᠠᠢ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ | ᠤᠨᠳᠠᠷᠠᠭᠠᠬᠤ ᠶᠢ ᠰᠢᠯᠭᠠᠨ ᠠᠪᠬᠤ ᠵᠢᠴᠢ ᠪᠤᠰᠤᠳ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠬᠤ᠂ | ᠰᠤᠭᠤᠴᠢᠨ ᠪᠠᠶᠢᠴᠠᠭᠠᠬᠤ ᠳᠤ ᠬᠡᠷᠡᠭᠯᠡᠨ᠎ᠡ᠂ 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠲᠣᠭᠲᠠᠭᠠᠯ︾ ᠤᠨ ᠪᠥᠬᠦ ᠠᠭᠤᠯᠭ᠎ᠠ ᠨᠢ ᠳᠣᠤᠷᠠᠬᠢ ᠮᠡᠲᠦ᠄ | | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠳᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ | ᠬᠠᠮᠢᠶᠠᠷᠤᠯᠲᠠ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠢ | ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠯᠭ᠎ᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠯ ᠤᠨᠲᠠᠷᠠᠭᠠᠬᠤ ᠬᠠᠤᠯᠢ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ | ᠤᠨᠲᠠᠷᠠᠭᠠᠬᠤ ᠶᠢ ᠰᠢᠯᠭᠠᠨ ᠠᠪᠬᠤ ᠵᠢᠴᠢ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠬᠤ ︵ | ᠳᠣᠷᠣᠭᠰᠢ ᠳᠠᠩᠰᠠᠯᠠᠭᠤᠯᠬᠤ ᠭᠡᠵᠦ ᠲᠣᠪᠴᠢᠯᠠᠨ᠎ᠠ︶ ᠳᠤ᠂ ᠰᠤᠭᠤᠴᠢᠨ ᠪᠠᠶᠢᠴᠠᠭᠠᠬᠤ ᠳᠤ ᠲᠤᠰ ᠲᠣᠭᠲᠠᠭᠠᠯ ᠲᠣᠬᠢᠷᠠᠨ᠎ᠠ᠃ | ᠲᠤᠰ ᠲᠣᠭᠲᠠᠭᠠᠯ ᠳᠤ ᠬᠡᠯᠡᠵᠦ ᠪᠠᠶᠢᠭ᠎ᠠ ᠣᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠭᠡᠳᠡᠭ ᠨᠢ ᠲᠤᠰ ᠲᠣᠭᠲᠠᠭᠠᠯ ᠤᠨ ᠠᠷᠪᠠᠨ ᠳᠥᠷᠪᠡᠳᠦᠭᠡᠷ | ᠵᠦᠢᠯ ᠳᠤ ᠵᠢᠭᠰᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠢᠭᠠᠵᠤ ᠪᠠᠶᠢᠨ᠎ᠠ᠃ | ᠲᠤᠰ ᠲᠣᠭᠲᠠᠭᠠᠯ ᠳᠤ ᠬᠡᠯᠡᠵᠦ ᠪᠠᠶᠢᠭ᠎ᠠ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠭᠡᠳᠡᠭ ᠨᠢ ᠤᠨᠴᠠᠭᠠᠢ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠠᠴᠠ ᠭᠠᠳᠠᠨᠠᠬᠢ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ | ᠵᠢᠷᠤᠭ ᠲᠥᠯᠥᠪᠯᠡᠭᠡ ᠬᠢᠬᠦ ᠴᠢᠬᠤᠯᠠ ᠲᠠᠢ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠢᠭᠠᠵᠤ ᠪᠤᠶ᠃ | ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠨ ᠬᠢᠨᠠᠯᠳᠠ ᠲᠠᠯᠪᠢᠨ ᠵᠢᠯᠤᠭᠤᠳᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠰ ᠵᠠᠰᠠᠭ ᠵᠠᠬᠢᠷᠭᠠᠨ ᠤ ᠣᠷᠣᠨ ᠤ | ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ | ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠤᠭᠤᠴᠢᠨ ᠪᠠᠶᠢᠴᠠᠭᠠᠬᠤ ᠠᠵᠢᠯ ᠢ ᠲᠤᠰ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠪᠠᠶᠢᠭ᠎ᠠ ᠭᠠᠵᠠᠷ ᠤᠨ ᠵᠠᠰᠠᠭ ᠵᠠᠬᠢᠷᠭᠠᠨ ᠤ ᠣᠷᠣᠨ ᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠳᠤᠪᠡᠷ ᠳᠡᠭᠡᠷ᠎ᠡ ᠨᠢᠭᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠢᠭᠠᠨ ᠲᠣᠭᠲᠠᠭᠠᠵᠤ | ᠬᠠᠷᠢᠭᠤᠴᠠᠭᠤᠯᠤᠨ᠎ᠠ᠃ | ᠳᠥᠷᠪᠡᠳᠦᠭᠡᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠢᠨᠲ᠋ᠧᠷ ᠰᠦᠯᠵᠢᠶᠡᠨ ᠤ ᠮᠡᠷᠭᠡᠵᠢᠯ ᠵᠡᠷᠭᠡ ᠮᠡᠳᠡᠭᠡ ᠵᠠᠩᠬᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ | ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠨᠢᠭᠡᠴᠡ ᠪᠣᠯᠤᠨ | ᠠᠵᠢᠯᠯᠠᠭᠰᠠᠳ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠲᠠᠰᠤᠷᠠᠯᠲᠠ ᠤᠢᠭᠡᠢ ᠲᠡᠭᠡᠭᠰᠢᠯᠡᠭᠦᠯᠦᠨ᠎ᠡ᠃ | ᠲᠠᠪᠤᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ | ᠪᠠᠶᠢᠴᠠᠭᠠᠬᠤ ᠠᠵᠢᠯ ᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠭᠠᠯ ᠤᠨᠲᠠᠷᠠᠭᠠᠬᠤ ᠶᠢ ᠰᠢᠯᠭᠠᠨ ᠠᠪᠤᠭᠰᠠᠨ᠂ ᠳᠠᠩᠰᠠᠯᠠᠭᠤᠯᠤᠭᠰᠠᠨ ᠪᠠ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠳᠡᠬᠦ ᠶᠢᠨ ᠬᠠᠮᠲᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠯᠤᠭ᠎ᠠ ᠪᠠᠷᠢᠯᠭ᠎ᠠ ᠶᠢᠨ ᠬᠠᠪᠲᠠᠭᠠᠶ ᠵᠢᠷᠤᠭ | ᠂ ᠭᠠᠯ ᠤᠨᠲᠠᠷᠠᠭᠠᠬᠤ ᠲᠦᠭᠦᠭᠡᠷᠦᠮᠵᠢ ᠶᠢᠨ ᠪᠠᠶᠢᠷᠢᠯᠠᠭᠤᠯᠤᠯᠲᠠ ᠶᠢᠨ ᠬᠠᠪᠲᠠᠭᠠᠶ ᠵᠢᠷᠤᠭ᠂ ᠭᠠᠯ ᠤᠨᠲᠠᠷᠠᠭᠠᠬᠤ ᠲᠦᠭᠦᠭᠡᠷᠦᠮᠵᠢ ᠶᠢᠨ ᠰᠢᠰᠲ᠋ᠧᠮ ᠤᠨ ᠵᠢᠷᠤᠭ ᠵᠡᠷᠭᠡ | ᠮᠠᠲ᠋ᠧᠷᠢᠶᠠᠯ ᠢ ᠬᠠᠮᠲᠤ ᠳᠠᠭᠠᠨ ᠡᠳ᠋ᠯᠡᠨ᠎ᠡ᠃ | ᠳᠣᠯᠣᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ | ᠠᠵᠢᠯ ᠢ ᠬᠢᠵᠦ ᠪᠠᠶᠢᠭ᠎ᠠ ᠠᠵᠢᠯᠲᠠᠨ ᠵᠢᠴᠢ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ᠂ | ᠮᠡᠷᠭᠡᠵᠢᠯ ᠤᠨ ᠦᠢᠯᠡᠴᠢᠯᠡᠭᠡᠨ ᠵᠡᠷᠭᠡ ᠨᠢᠭᠡᠴᠡ ᠳᠤ ᠠᠵᠢᠯᠯᠠᠭᠰᠠᠳ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠵᠦ᠂ ᠡᠷᠬᠢᠯᠡᠭᠰᠡᠨ | ᠠᠵᠢᠯ ᠤᠨ ᠪᠣᠯᠪᠠᠰᠤᠷᠠᠭᠤᠯᠤᠯ ᠳᠤ ᠲᠣᠭᠲᠠᠮᠠᠯ ᠬᠤᠭᠤᠴᠠᠭ᠎ᠠ ᠲᠠᠢ ᠪᠠᠷ ᠤᠷᠤᠯᠴᠠᠨ᠎ᠠ᠃ | ᠬᠤᠶᠠᠳᠤᠭᠠᠷ ᠪᠦᠯᠦᠭ ᠬᠤᠯᠪᠣᠭᠳᠠᠯ ᠪᠦᠬᠦᠢ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠶᠠᠰᠤ | ᠴᠢᠨᠠᠷ ᠤᠨ ᠬᠠᠷᠢᠭᠤᠴᠠᠯᠭ᠎ᠠ ᠪᠠ ᠡᠭᠦᠷᠭᠡ | ᠨᠠᠢᠮᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ | ᠪᠠᠷᠢᠯᠭ᠎ᠠ ᠶᠢᠨ ᠶᠠᠰᠤ ᠴᠢᠨᠠᠷ ᠲᠤ ᠬᠠᠤᠯᠢ ᠶᠣᠰᠣᠭᠠᠷ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ | ᠂ ᠪᠠᠷᠢᠯᠭ᠎ᠠ ᠬᠢᠨᠠᠬᠤ᠂ ᠮᠡᠷᠭᠡᠵᠢᠯ ᠤᠨ ᠦᠢᠯᠡᠴᠢᠯᠡᠭᠡ ᠵᠡᠷᠭᠡ ᠨᠢᠭᠡᠴᠡ ᠨᠦᠭᠦᠳ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ᠂ ᠪᠠᠷᠢᠯᠭ᠎ᠠ ᠪᠠᠷᠢᠬᠤ ᠶᠠᠰᠤ ᠴᠢᠨᠠᠷ ᠲᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ ᠪᠦᠲᠦᠭᠡᠨ | ᠪᠠᠶᠢᠭᠤᠯᠤᠯᠲᠠ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢ ᠬᠢᠨᠠᠨ ᠬᠠᠮᠢᠶᠠᠷᠬᠤ᠂ ᠮᠡᠷᠭᠡᠵᠢᠯ ᠤᠨ ᠦᠢᠯᠡᠴᠢᠯᠡᠭᠡᠨ ᠵᠡᠷᠭᠡ ᠨᠢᠭᠡᠴᠡ ᠶᠢᠨ | ᠠᠵᠢᠯᠯᠠᠭᠰᠠᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠲᠤ ᠬᠠᠷᠠᠭᠠᠯᠵᠠᠭᠰᠠᠨ | ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ | ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ᠳᠣᠣᠷᠠᠬᠢ ᠮᠡᠲᠦ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ | ᠴᠢᠨᠠᠷ ᠤᠨ ᠬᠠᠷᠢᠭᠤᠴᠠᠯᠭ᠎ᠠ ᠪᠣᠯᠤᠨ ᠡᠭᠦᠷᠭᠡ ᠶᠢ ᠭᠦᠢᠴᠡᠳᠬᠡᠬᠦ ᠬᠡᠷᠡᠭᠲᠡᠶ᠄ | ︵ᠨᠢᠭᠡ︶ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢ ᠬᠢᠨᠠᠨ ᠬᠠᠮᠢᠶᠠᠷᠬᠤ᠂ ᠮᠡᠷᠭᠡᠵᠢᠯ ᠤᠨ ᠦᠢᠯᠡᠴᠢᠯᠡᠭᠡᠨ ᠬᠢᠬᠦ ᠵᠡᠷᠭᠡ ᠨᠢᠭᠡᠴᠡ ᠬᠢᠭᠡᠳ | ᠲᠡᠭᠦᠨ ᠤ ᠠᠵᠢᠯᠯᠠᠭᠰᠠᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠥᠷᠢᠴᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠵᠤ ᠪᠣᠯᠬᠤ ᠦᠭᠡᠶ︔ | ︵ᠬᠤᠶᠠᠷ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ | ᠰᠢᠯᠭᠠᠨ ᠠᠪᠬᠤ ᠶᠢ ᠬᠠᠤᠯᠢ ᠶᠣᠰᠣᠭᠠᠷ ᠭᠤᠶᠤᠴᠢᠯᠠᠵᠤ᠂ ᠳᠠᠩᠰᠠᠯᠠᠭᠤᠯᠬᠤ ᠶᠢᠨ ᠬᠠᠮᠲᠤ ᠰᠤᠭᠤᠴᠢᠨ ᠪᠠᠶᠢᠴᠠᠭᠠᠬᠤ ᠶᠢ ᠬᠦᠯᠢᠶᠡᠬᠦ ᠬᠡᠷᠡᠭᠲᠡᠶ︔ | ︵ᠭᠤᠷᠪᠠ︶ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠪᠠᠷᠢᠯᠭ᠎ᠠ ᠶᠢᠨ | ᠶᠠᠰᠤ ᠴᠢᠨᠠᠷ ᠢ ᠬᠠᠤᠯᠢ ᠶᠣᠰᠣᠭᠠᠷ ᠨᠠᠶᠢᠳᠠᠵᠤ ᠬᠢᠨᠠᠨ ᠬᠠᠮᠢᠶᠠᠷᠤᠭᠤᠯᠬᠤ ᠬᠡᠷᠡᠭᠲᠡᠶ︔ | ︵ᠳᠥᠷᠪᠡ︶ ᠵᠣᠬᠢᠴᠠᠩᠭᠤᠶ ᠬᠢᠷᠢ ᠬᠡᠮ ᠲᠠᠢ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢ ᠬᠢᠨᠠᠨ ᠬᠠᠮᠢᠶᠠᠷᠬᠤ ᠨᠢᠭᠡᠴᠡ ᠳᠤ ᠨᠠᠶᠢᠳᠠᠬᠤ︔ | ︵ᠲᠠᠪᠤ︶ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠣᠯᠤᠨ ᠭᠡᠷ᠎ᠡ ᠶᠢᠨ ᠪᠣᠯᠵᠤᠭ᠎ᠠ ᠶᠣᠰᠣᠭᠠᠷ᠂ ᠬᠢᠷᠢ ᠲᠡᠩᠴᠡᠭᠰᠡᠨ | ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠶᠢ ᠬᠠᠩᠭᠠᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ | ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢ ᠰᠣᠩᠭᠤᠨ ᠬᠡᠷᠡᠭᠯᠡᠨ᠎ᠡ︔ | ︵ᠵᠢᠷᠭᠤᠭ᠎ᠠ︶ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ | ᠳᠠᠭᠤᠰᠤᠭᠰᠠᠨ ᠢ ᠰᠢᠯᠭᠠᠨ ᠠᠪᠬᠤ ᠳᠠᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠨ | ᠰᠢᠯᠭᠠᠨ᠎ᠠ︔ | ︵ᠳᠣᠯᠤᠭ᠎ᠠ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠤᠯᠪᠣᠭᠳᠠᠯ ᠪᠦᠬᠦᠢ ᠳᠠᠩᠰᠠ ᠡᠪᠬᠡᠮᠡᠯ ᠢ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠤᠯᠢ ᠶᠣᠰᠣᠭᠠᠷ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ | ᠠᠷᠪᠠᠳᠤᠭᠠᠷ ᠵᠦᠢᠯ ᠵᠢᠷᠤᠵᠤ ᠲᠦᠯᠦᠪᠯᠡᠬᠦ ᠨᠢᠭᠡᠴᠡ ᠳᠣᠣᠷ᠎ᠠ ᠵᠢᠭᠰᠠᠭᠠᠭᠰᠠᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ | ᠠᠵᠢᠯ ᠤᠨ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠬᠡᠷᠡᠭᠲᠡᠢ᠄ | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠵᠢᠷᠤᠭᠯᠠᠨ ᠲᠥᠯᠥᠪᠯᠡᠵᠦ᠂ ᠱᠠᠭᠠᠷᠳᠠᠯᠭ᠎ᠠ ᠳᠤ ᠨᠡᠶᠢᠴᠡᠭᠰᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ | ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠳᠠᠭᠠᠨ᠂ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠶ ᠵᠦᠢᠯ ᠵᠤᠷᠪᠤᠰ ᠢ ᠵᠥᠷᠢᠴᠡᠵᠦ ᠪᠣᠯᠬᠤ ᠦᠭᠡᠶ︔ | ︵ᠬᠤᠶᠠᠷ︶ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠳᠤ ᠰᠣᠩᠭᠤᠨ ᠬᠡᠷᠡᠭᠯᠡᠭᠰᠡᠨ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ | ᠴᠢᠳᠠᠪᠬᠢ ᠶᠢᠨ ᠱᠠᠭᠠᠷᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠳᠤ ᠬᠡᠪ ᠪᠠᠷᠢᠮᠵᠢᠶ᠎ᠠ᠂ | ᠴᠢᠳᠠᠪᠬᠢ ᠵᠡᠷᠭᠡ ᠮᠡᠷᠭᠡᠵᠢᠯ ᠤᠨ ᠭᠦᠢᠴᠡᠳᠬᠡᠬᠦ ᠲᠤᠭ᠎ᠠ ᠶᠢ ᠲᠣᠳᠣᠷᠬᠠᠶᠢᠯᠠᠵᠤ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ︔ | ︵ᠭᠤᠷᠪᠠ︶ ᠪᠠᠷᠢᠯᠭ᠎ᠠ ᠪᠠᠷᠢᠭᠤᠯᠤᠭᠰᠠᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ | ᠰᠢᠯᠭᠠᠨ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠲᠠᠮᠠᠭ᠎ᠠ ᠳᠠᠷᠤᠵᠤ ᠨᠤᠲᠠᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠶᠠᠰᠤ | ᠴᠢᠨᠠᠷ ᠲᠤ ᠬᠠᠷᠢᠭᠤᠴᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠪᠠᠷᠢᠯᠭ᠎ᠠ ᠪᠠᠷᠢᠬᠤ ᠨᠢᠭᠡᠴᠡ ᠨᠢ ᠳᠣᠣᠷ᠎ᠠ ᠵᠢᠭᠰᠠᠭᠠᠭᠰᠠᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ | ᠪᠠᠷᠢᠬᠤ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠬᠡᠷᠡᠭᠲᠡᠢ᠄ | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠵᠢᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠪᠤᠶᠤ ᠪᠠᠷᠢᠯᠭ᠎ᠠ ᠶᠢᠨ ᠬᠡᠷᠡᠭᠴᠡᠭᠡ ᠶᠢ ᠬᠠᠩᠭᠠᠭᠰᠠᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠶᠣᠰᠣᠭᠠᠷ ᠪᠠᠷᠢᠯᠭ᠎ᠠ ᠶᠢᠨ | ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠳᠤᠷ᠎ᠠ ᠪᠠᠷ ᠢᠶᠠᠨ ᠬᠤᠪᠢᠷᠠᠭᠤᠯᠤᠨ ᠪᠠᠷᠢᠯᠭ᠎ᠠ ᠪᠠᠷᠢᠵᠤ᠂ ᠭᠠᠯ ᠤᠨᠲᠠᠷᠠᠭᠠᠬᠤ | ᠪᠠᠷᠢᠯᠭ᠎ᠠ ᠶᠢᠨ ᠶᠠᠰᠤ ᠴᠢᠨᠠᠷ ᠢ ᠪᠠᠭᠤᠷᠠᠭᠤᠯᠵᠤ ᠪᠣᠯᠬᠤ ᠦᠭᠡᠶ︔ | ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ᠂ ᠪᠠᠷᠢᠯᠭ᠎ᠠ ᠪᠠᠷᠢᠬᠤ ᠮᠡᠷᠭᠡᠵᠢᠯ ᠤᠨ ᠪᠠᠷᠢᠮᠵᠢᠶ᠎ᠠ ᠪᠣᠯᠤᠨ ᠭᠡᠷ᠎ᠡ ᠳᠤ ᠪᠣᠯᠵᠣᠨ | ᠲᠣᠭᠲᠠᠭᠰᠠᠨ ᠲᠤᠭᠳᠠᠭᠠᠯ ᠶᠣᠰᠣᠭᠠᠷ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠪᠦᠬᠦᠢ ᠪᠠᠷᠢᠯᠭ᠎ᠠ ᠶᠢᠨ ᠮᠠᠲ᠋ᠧᠷᠢᠶᠠᠯ | ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ᠂ ᠬᠢᠷᠢ ᠲᠡᠩᠴᠡᠭᠰᠡᠨ ᠦᠢᠯᠡᠳᠬᠦᠨ ᠢ ᠬᠡᠷᠡᠭᠯᠡᠨ᠂ | ᠭᠠᠯ ᠤᠨᠲᠠᠷᠠᠭᠠᠬᠤ ᠪᠠᠷᠢᠯᠭ᠎ᠠ ᠪᠠᠷᠢᠬᠤ ᠶᠠᠰᠤ ᠴᠢᠨᠠᠷ ᠢ ᠪᠠᠲᠤᠯᠠᠬᠤ ᠬᠡᠷᠡᠭᠲᠡᠶ︔ | ︵ᠭᠤᠷᠪᠠ︶ ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ | ᠳᠠᠭᠤᠰᠤᠭᠰᠠᠨ ᠢ ᠰᠢᠯᠭᠠᠨ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠲᠠᠮᠠᠭ᠎ᠠ | ᠳᠠᠷᠤᠵᠤ ᠨᠤᠲᠠᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠪᠠᠷᠢᠯᠭ᠎ᠠ ᠬᠢᠨᠠᠵᠤ ᠬᠠᠮᠢᠶᠠᠷᠬᠤ ᠨᠢᠭᠡᠴᠡ ᠨᠢ ᠳᠣᠣᠷ᠎ᠠ ᠵᠢᠭᠰᠠᠭᠠᠭᠰᠠᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ | ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠬᠡᠷᠡᠭᠲᠡᠢ᠄ | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠤᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠵᠢᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠪᠤᠶᠤ ᠪᠠᠷᠢᠯᠭ᠎ᠠ ᠶᠢᠨ ᠬᠡᠷᠡᠭᠴᠡᠭᠡ ᠶᠢ ᠬᠠᠩᠭᠠᠭᠰᠠᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠶᠣᠰᠣᠭᠠᠷ ᠪᠠᠷᠢᠯᠭ᠎ᠠ ᠶᠢᠨ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ︔ | ︵ᠬᠤᠶᠠᠷ︶ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠶᠢᠨ ᠱᠠᠭᠠᠷᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ | ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢ ᠬᠡᠷᠡᠭᠯᠡᠬᠦ᠂ ᠤᠭᠰᠠᠷᠠᠬᠤ ᠠᠴᠠ ᠡᠮᠦᠨ᠎ᠡ ᠵᠠᠪᠠᠯ ᠦᠢᠯᠡᠳᠬᠦᠨ ᠤ ᠶᠠᠰᠤ ᠴᠢᠨᠠᠷ ᠢ ᠭᠡᠷᠡᠴᠢᠯᠡᠬᠦ ᠪᠢᠴᠢᠭ | ᠮᠠᠲ᠋ᠧᠷᠢᠶᠠᠯ ᠢ ᠬᠢᠨᠠᠨ ᠪᠠᠶᠢᠴᠠᠭᠠᠬᠤ ᠬᠡᠷᠡᠭᠲᠡᠶ᠂ ᠭᠠᠯ ᠤᠨᠲᠠᠷᠠᠭᠠᠬᠤ ᠬᠢᠷᠢ ᠲᠡᠩᠴᠡᠬᠦ ᠦᠭᠡᠶ ᠦᠢᠯᠡᠳᠬᠦᠨ ᠪᠣᠯᠤᠨ ᠭᠠᠯ ᠰᠡᠷᠭᠡᠶᠢᠯᠡᠬᠦ ᠴᠢᠳᠠᠪᠬᠢ ᠨᠢ ᠱᠠᠭᠠᠷᠳᠠᠯᠭ᠎ᠠ ᠳᠤ | ᠨᠡᠶᠢᠴᠡᠬᠦ ᠦᠭᠡᠶ ᠪᠠᠷᠢᠯᠭ᠎ᠠ ᠶᠢᠨ | ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢ ᠬᠡᠷᠡᠭᠯᠡᠬᠦ ᠪᠤᠶᠤ ᠤᠭᠰᠠᠷᠠᠵᠤ ᠪᠣᠯᠬᠤ ᠦᠭᠡᠶ︔ | ︵ᠭᠤᠷᠪᠠ︶ ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ | ᠳᠠᠭᠤᠰᠤᠭᠰᠠᠨ ᠢ ᠰᠢᠯᠭᠠᠨ ᠠᠪᠬᠤ ᠳᠤ ᠣᠷᠣᠯᠴᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠲᠠᠮᠠᠭ᠎ᠠ | ᠳᠠᠷᠤᠵᠤ ᠨᠤᠲᠠᠯᠠᠬᠤ ᠶᠢᠨ ᠬᠠᠮᠲᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠬᠢᠨᠠᠨ ᠬᠠᠮᠢᠶᠠᠷᠬᠤ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠭᠤᠷᠪᠠᠳᠤᠭᠠᠷ ᠪᠦᠯᠦᠭ ᠣᠨᠴᠠᠭᠠᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠬᠤ | ᠠᠷᠪᠠᠨ ᠳᠥᠷᠪᠡᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠳᠤᠨᠢ ᠪᠠᠶᠢᠬᠤ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠪᠣᠯ ᠣᠨᠴᠠᠭᠠᠢ | ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠮᠥᠨ᠄ | ︵ᠨᠢᠭᠡ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠬᠤᠶᠠᠷ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠡᠶ᠎ᠡ ᠶᠢᠨ ᠲᠠᠮᠢᠷ ᠤᠨ ᠲᠠᠯᠠᠪᠠᠶ᠂ ᠬᠤᠷᠠᠯ ᠤᠨ | ᠲᠢᠩᠬᠢᠮ᠂ ᠣᠯᠠᠨ ᠨᠡᠶᠢᠲᠡ ᠶᠢᠨ ᠦᠵᠡᠰᠬᠦᠯᠡᠩ ᠤᠨ ᠣᠷᠳᠣᠨ᠂ ᠮᠦᠽᠧᠶ ᠶᠢᠨ ᠦᠵᠡᠭᠦᠯᠦᠯᠭᠡ ᠶᠢᠨ ᠲᠢᠩᠬᠢᠮ︔ | ︵ᠬᠤᠶᠠᠷ︶ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ ᠲᠦᠮᠡ ᠲᠠᠪᠤᠨ ᠮᠢᠩᠭᠠᠨ ᠲᠡᠭᠰᠢ ᠳᠥᠷᠪᠡᠯᠵᠢᠨ ᠮᠧᠲᠷ ᠠᠴᠠ ᠶᠡᠭᠡ ᠠᠷᠠᠳ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠠᠰᠠᠷ᠂ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡᠨ ᠤ ᠲᠡᠷᠭᠡ ᠬᠦᠯᠢᠶᠡᠬᠦ ᠲᠢᠩᠬᠢᠮ᠂ | ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠣᠩᠭᠤᠴᠠ ᠬᠦᠯᠢᠶᠡᠬᠦ ᠲᠢᠩᠬᠢᠮ︔ | ︵ᠭᠤᠷᠪᠠ︶ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠵᠣᠴᠢᠳ ᠤᠨ ᠪᠠᠭᠤᠳᠠᠯ᠂ ᠬᠤᠭᠤᠯᠠᠨ ᠭᠡᠷ᠂ | ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ︔ | ︵ᠳᠥᠷᠪᠡ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠬᠤᠶᠠᠷ ᠮᠢᠩᠭ᠎ᠠ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠠᠴᠠ ᠶᠡᠭᠡ ᠺᠢᠨᠤ᠋ ᠵᠦᠴᠦᠭᠡ ᠶᠢᠨ | ᠬᠦᠷᠢᠶᠡᠯᠡᠩ᠂ ᠣᠯᠠᠨ ᠨᠡᠶᠢᠲᠡ ᠶᠢᠨ ᠨᠣᠮ ᠤᠨ ᠰᠠᠩ ᠤᠨ ᠤᠩᠰᠢᠯᠭ᠎ᠠ ᠶᠢᠨ ᠲᠠᠰᠤᠭ᠂ ᠡᠵᠡᠩᠨᠡᠯᠲᠡ ᠶᠢᠨ ᠴᠢᠨᠠᠷᠲᠠᠶ ᠭᠡᠷ ᠳᠣᠲᠣᠷᠠᠬᠢ ᠪᠡᠶ᠎ᠡ ᠴᠢᠭᠢᠷᠠᠭᠵᠢᠭᠤᠯᠬᠤ᠂ | ᠰᠡᠯᠡᠭᠦᠴᠡᠯ ᠤᠨ ᠲᠠᠯᠠᠪᠤᠷ᠂ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ᠂ ᠶᠡᠭᠡ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠨᠣᠮ ᠤᠨ ᠰᠠᠩ᠂ | ᠬᠤᠭᠤᠯᠠᠨ ᠭᠡᠷ᠂ ᠬᠥᠳᠡᠯᠮᠦᠷᠢ ᠨᠢᠭᠲᠠᠷᠬᠠᠰᠠᠨ ᠠᠵᠤ ᠠᠬᠤᠶᠢᠯᠠᠯ ᠤᠨ ᠦᠢᠯᠡᠳᠪᠦᠷᠢᠯᠡᠯ᠂ ᠪᠤᠯᠪᠠᠰᠤᠷᠠᠭᠤᠯᠤᠯ ᠤᠨ ᠲᠠᠰᠤᠭ᠂ ᠰᠦᠮ᠎ᠡ᠂ ᠳᠤᠭᠠᠩ︔ | ︵ᠲᠠᠪᠤ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠮᠢᠩᠭᠠᠨ ᠲᠡᠭᠰᠢ ᠳᠥᠷᠪᠡᠯᠵᠢᠨ ᠮᠧᠲᠷ ᠠᠴᠠ ᠶᠡᠭᠡ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ | ᠴᠡᠴᠡᠷᠯᠢᠭ᠂ ᠬᠡᠦᠬᠡᠳ ᠤᠨ ᠨᠠᠭᠠᠳᠤᠮ ᠤᠨ ᠭᠠᠵᠠᠷ ᠵᠡᠷᠭᠡ ᠭᠡᠷ ᠳᠣᠲᠣᠷᠠᠬᠢ ᠬᠡᠦᠬᠡᠳ ᠤᠨ ᠠᠵᠢᠯᠯᠠᠭᠠᠨ ᠤ ᠭᠠᠵᠠᠷ᠂ ᠠᠰᠠᠷᠠᠮᠵᠢ ᠶᠢᠨ ᠬᠦᠷᠢᠶᠡᠯᠡᠩ᠂ ᠡᠮᠨᠡᠯᠭᠡ ᠶᠢᠨ | ᠬᠤᠷᠢᠶ᠎ᠠ᠂ ᠰᠤᠪᠢᠯᠠᠯᠲᠠ ᠶᠢᠨ ᠭᠠᠵᠠᠷ ᠤᠨ ᠡᠪᠡᠳᠴᠢᠲᠡᠨ ᠤ ᠥᠷᠥᠭᠡ ᠶᠢᠨ ᠠᠰᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠨᠣᠮ ᠤᠨ | ᠰᠠᠩ᠂ ᠬᠤᠭᠤᠯᠠᠨ ᠭᠡᠷ᠂ ᠰᠤᠷᠭᠠᠭᠤᠯᠢ ᠶᠢᠨ ᠨᠡᠶᠢᠲᠡ ᠶᠢᠨ ᠪᠠᠶᠢᠷᠢ᠂ ᠬᠥᠳᠡᠯᠮᠦᠷᠢ ᠨᠢᠭᠲᠠᠷᠬᠠᠰᠠᠨ ᠠᠵᠤ ᠠᠬᠤᠶᠢᠯᠠᠯ ᠤᠨ ᠠᠵᠢᠯᠲᠠᠨ ᠤ ᠨᠡᠶᠢᠲᠡ ᠶᠢᠨ ᠪᠠᠶᠢᠷᠢ︔ | ︵ᠵᠢᠷᠭᠤᠭ᠎ᠠ︶ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠲᠠᠪᠤᠨ ᠵᠠᠭᠤᠨ ᠲᠡᠭᠰᠢ ᠳᠥᠷᠪᠡᠯᠵᠢᠨ ᠮᠧᠲᠷ ᠠᠴᠠ ᠶᠡᠭᠡ ᠳᠠᠭᠤᠤ ᠪᠥᠵᠢᠭ ᠤᠨ ᠲᠢᠩᠬᠢᠮ᠂ ᠳᠦᠷᠰᠦ | ᠰᠢᠩᠭᠡᠭᠡᠯᠲᠡ ᠶᠢᠨ ᠲᠢᠩᠬᠢᠮ᠂ ᠺᠢᠨᠤ᠋ ᠶᠢᠨ ᠲᠢᠩᠬᠢᠮ᠂ ᠺᠠᠷᠠ OK ᠲᠢᠩᠬᠢᠮ᠂ ᠰᠥᠨᠢ ᠶᠢᠨ ᠨᠠᠶᠢᠷ ᠤᠨ ᠭᠠᠵᠠᠷ᠂ ᠨᠠᠶᠢᠷ ᠨᠠᠭᠠᠳᠤᠮ ᠤᠨ ᠲᠢᠩᠬᠢᠮ᠂ ᠤᠬᠢᠶᠠᠯᠭ᠎ᠠ ᠶᠢᠨ | ᠭᠡᠷ᠂ ᠰᠦᠯᠵᠢᠶᠡᠨ ᠤ ᠪᠠᠭᠠᠷ᠂ ᠠᠷᠢᠬᠢᠨ ᠮᠤᠬᠤᠯᠠᠭ᠂ ᠨᠠᠶᠢᠷ ᠨᠠᠭᠠᠳᠤᠮ ᠤᠨ ᠴᠢᠳᠠᠮᠵᠢ ᠲᠠᠢ ᠬᠤᠭᠤᠯᠠᠨ ᠭᠡᠷ᠂ ᠴᠠᠢ ᠶᠢᠨ ᠮᠤᠬᠤᠯᠠᠭ᠂ ᠺᠣᠹᠧ ᠶᠢᠨ ᠮᠤᠬᠤᠯᠠᠭ︔ | ︵ᠳᠣᠯᠤᠭ᠎ᠠ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠲᠣᠭᠲᠠᠭᠠᠭᠰᠠᠨ ᠨᠢᠭᠡᠳᠦᠭᠡᠷ | ᠲᠥᠷᠥᠯ ᠤᠨ ᠥᠨᠳᠥᠷ ᠳᠠᠪᠬᠤᠷᠭᠠᠲᠤ ᠣᠷᠣᠨ ᠰᠠᠭᠤᠴᠠ ᠶᠢᠨ ᠪᠠᠷᠢᠯᠭ᠎ᠠ︔ | ︵ᠨᠠᠢᠮᠠ︶ ᠬᠤᠲᠠ ᠶᠢᠨ ᠵᠢᠮᠲᠦ ᠵᠠᠮ ᠬᠠᠷᠢᠯᠴᠠᠭ᠎ᠠ᠂ ᠨᠦᠬᠡᠨ ᠵᠠᠮ ᠤᠨ ᠪᠠᠷᠢᠯᠭ᠎ᠠ᠂ ᠲᠣᠮᠣ ᠬᠡᠯᠪᠡᠷᠢ ᠶᠢᠨ ᠴᠠᠬᠢᠯᠭᠠᠨ ᠭᠠᠷᠭᠠᠬᠤ᠂ ᠬᠦᠴᠦᠳᠡᠯ | ᠥᠭᠡᠷᠡᠴᠢᠯᠡᠵᠦ ᠴᠠᠬᠢᠯᠭᠠᠨ ᠲᠦᠭᠡᠭᠡᠬᠦ ᠪᠠᠷᠢᠯᠭ᠎ᠠ︔ | ︵ᠶᠢᠰᠦ︶ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠡᠳ᠋ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠦᠢᠯᠡᠳᠪᠦᠷᠢ᠂ ᠬᠥᠮᠥᠷᠭᠡ | ᠪᠣᠯᠤᠨ ᠲᠤᠰᠬᠠᠶ ᠲᠡᠷᠭᠡᠨ ᠥᠷᠲᠡᠭᠡ᠂ ᠭᠠᠷᠠᠮ᠂ ᠨᠣᠴᠣᠮᠠᠲᠠᠭᠠᠶ ᠳᠡᠯᠪᠡᠷᠡᠮᠡᠲᠡᠭᠡᠶ ᠬᠡᠢ ᠪᠡᠶᠡᠲᠦ ᠪᠣᠯᠤᠨ ᠰᠢᠩᠭᠡᠨ ᠪᠡᠶᠡᠲᠦ ᠶᠢ ᠰᠠᠪᠠᠯᠠᠬᠤ ᠥᠷᠲᠡᠭᠡ᠂ ᠬᠠᠩᠭᠠᠬᠤ | ᠥᠷᠲᠡᠭᠡ᠂ ᠳᠠᠷᠤᠯᠲᠠ ᠲᠣᠬᠢᠷᠠᠭᠤᠯᠬᠤ ᠥᠷᠲᠡᠭᠡ︔ | ︵ᠠᠷᠪᠠ︶ ᠲᠥᠷᠥ ᠶᠢᠨ ᠪᠠᠶᠢᠭᠤᠯᠭ᠎ᠠ ᠶᠢᠨ ᠠᠯᠪᠠᠨ ᠠᠰᠠᠷ᠂ ᠴᠠᠬᠢᠯᠭᠠᠨ ᠬᠦᠴᠦᠨ ᠲᠣᠬᠢᠷᠠᠭᠤᠯᠬᠤ ᠠᠰᠠᠷ᠂ ᠴᠠᠬᠢᠯᠭᠠᠨ ᠬᠤᠯᠪᠣᠭᠠᠨ ᠤ ᠠᠰᠠᠷ᠂ | ᠰᠢᠦᠳᠠᠨ ᠤ ᠠᠰᠠᠷ᠂ ᠭᠠᠮᠰᠢᠭ ᠢ ᠰᠡᠷᠭᠡᠶᠢᠯᠡᠨ ᠵᠢᠯᠣᠭᠤᠳᠤᠨ ᠲᠣᠬᠢᠷᠠᠭᠤᠯᠬᠤ ᠠᠰᠠᠷ᠂ ᠷᠠᠳᠢᠤ᠋ ᠨᠡᠪᠲᠡᠷᠡᠭᠦᠯᠭᠡ ᠲᠧᠯᠸᠢᠰ ᠤᠨ ᠠᠰᠠᠷ᠂ ᠳᠠᠩᠰᠠ ᠡᠪᠬᠡᠮᠡᠯ ᠤᠨ ᠠᠰᠠᠷ︔ | ︵ᠠᠷᠪᠠᠨ ᠨᠢᠭᠡ︶ ᠲᠤᠰ ᠵᠦᠢᠯ ᠤᠨ ᠨᠢᠭᠡᠳᠦᠭᠡᠷ ᠵᠤᠷᠪᠤᠰ ᠠᠴᠠ ᠵᠢᠷᠭᠤᠳᠤᠭᠠᠷ ᠵᠤᠷᠪᠤᠰ ᠲᠤ ᠵᠢᠭᠰᠠᠭᠠᠭᠰᠠᠨ ᠪᠠᠶᠢᠳᠠᠯ ᠪᠦᠬᠦᠢ ᠪᠦᠳᠦᠭᠡᠠ | ᠪᠠᠶᠢᠭᠤᠯᠤᠯᠲᠠ ᠶᠢᠨ ᠪᠠᠷᠢᠯᠭ᠎ᠠ︔ | ︵ᠠᠷᠪᠠᠨ ᠬᠤᠶᠠᠷ︶ ᠲᠤᠰ ᠵᠦᠢᠯ ᠤᠨ ᠠᠷᠪᠠᠳᠤᠭᠠᠷ ᠵᠤᠷᠪᠤᠰ᠂ ᠠᠷᠪᠠᠨ ᠨᠢᠭᠡᠳᠦᠭᠡᠷ ᠵᠤᠷᠪᠤᠰ ᠤᠨ ᠲᠣᠭᠲᠠᠭᠠᠯ ᠠᠴᠠ ᠭᠠᠳᠠᠨᠠᠬᠢ ᠳᠠᠩ ᠪᠡᠶᠡᠲᠦ | ᠪᠠᠷᠢᠯᠭ᠎ᠠ ᠶᠢᠨ ᠲᠠᠯᠠᠪᠠᠶ ᠨᠢ ᠳᠥᠷᠪᠡᠨ ᠲᠦᠮᠡᠨ ᠲᠡᠭᠰᠢ ᠳᠥᠷᠪᠡᠯᠵᠢᠨ ᠮᠧᠲᠷ ᠠᠴᠠ ᠶᠡᠭᠡ ᠪᠤᠶᠤ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠨᠢ ᠲᠠᠪᠢᠨ ᠮᠧᠲᠷ ᠠᠴᠠ | ᠬᠡᠲᠦᠷᠡᠭᠰᠡᠨ ᠣᠯᠠᠨ ᠨᠡᠶᠢᠲᠡ ᠶᠢᠨ ᠪᠠᠷᠢᠯᠭ᠎ᠠ᠃ | ᠠᠷᠪᠠᠨ ᠲᠠᠪᠤᠳᠤᠭᠠᠷ ᠵᠦᠢᠯ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ | ᠳᠦᠷᠢᠮ ᠢ ᠬᠡᠷᠡᠭᠵᠢᠭᠦᠯᠦᠨ᠎ᠡ᠃ | ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢᠨ ᠨᠢᠭᠡᠴᠡ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠪᠠᠷ | ᠭᠤᠶᠤᠴᠢᠯᠠᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ | ᠪᠠᠶᠢᠴᠠᠭᠠᠭᠰᠠᠨ ᠦᠷ᠎ᠡ | ᠳ᠋ᠦᠩ ᠳᠤ ᠬᠠᠤᠯᠢ ᠶᠣᠰᠣᠭᠠᠷ ᠬᠠᠷᠢᠭᠤᠴᠠᠬᠤ ᠬᠡᠷᠡᠭᠲᠡᠶ᠃ | ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠶᠢ ᠳᠠᠮᠵᠢᠭᠰᠠᠨ ᠦᠭᠡᠶ ᠪᠤᠶᠤ | ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠶ ᠪᠣᠯ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠯᠤᠨ ᠪᠠᠷᠢᠯᠭ᠎ᠠ ᠪᠠᠷᠢᠬᠤ ᠨᠢᠭᠡᠴᠡ ᠠᠴᠠ ᠪᠠᠷᠢᠯᠭ᠎ᠠ ᠪᠠᠷᠢᠵᠤ | ᠪᠣᠯᠬᠤ ᠦᠭᠡᠶ᠃ | ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠳᠤ | ᠲᠤᠤᠷᠠᠬᠢ ᠮᠡᠳᠦ ᠪᠢᠴᠢᠭ ᠮᠠᠲ᠋ᠧᠷᠢᠶᠠᠯ ᠢ ᠲᠤᠰᠢᠶᠠᠬᠤ ᠴᠢᠬᠤᠯᠠᠳᠠᠢ ᠄ | ︵ᠨᠢᠭᠡ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ︔ | ︵ᠭᠤᠷᠪᠠ︶ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠠᠤᠯᠢ ᠶᠣᠰᠣᠭᠠᠷ ᠭᠦᠢᠴᠡᠳᠬᠡᠬᠦ ᠴᠢᠬᠤᠯᠠᠲᠠᠢ ᠪᠠᠶᠢᠪᠠᠯ | ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠢ︔ | ︵ᠳᠥᠷᠪᠡ︶ ᠬᠠᠤᠯᠢ ᠶᠣᠰᠣᠭᠠᠷ ᠵᠥᠪᠰᠢᠶᠡᠷᠡᠬᠦ ᠴᠢᠬᠤᠯᠠ ᠲᠠᠢ ᠲᠦᠷ ᠴᠠᠭ ᠤᠨ ᠴᠢᠨᠠᠷᠲᠠᠶ ᠪᠠᠷᠢᠯᠭ᠎ᠠ ᠪᠣᠯ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ | ᠲᠤᠰᠢᠶᠠᠬᠤ ᠬᠡᠷᠡᠭᠲᠡᠶ᠃ | ᠠᠷᠪᠠᠨ ᠲᠤᠯᠤᠳᠤᠭᠠᠷ ᠵᠦᠢᠯ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠲᠤᠤᠷᠠᠬᠢ ᠪᠠᠶᠢᠳᠠᠯ ᠤᠨ ᠨᠢᠭᠡ ᠵᠦᠢᠯ ᠳᠤ ᠪᠠᠭᠳᠠᠪᠠᠯ ᠪᠦᠲᠦᠭᠡᠨ | ᠪᠠᠶᠢᠭᠤᠯᠤᠯᠲᠠ ᠠᠴᠠ ᠠᠷᠪᠠᠨ ᠵᠢᠷᠭᠤᠳᠤᠭᠠᠷ ᠵᠦᠢᠯ ᠳᠤ ᠲᠤᠭᠳᠠᠭᠠᠭᠰᠠᠨ ᠮᠠᠲ᠋ᠧᠷᠢᠶᠠᠯ ᠢ ᠲᠤᠰᠢᠶᠠᠬᠤ ᠠᠴᠠ ᠭᠠᠳᠠᠨ᠎ᠠ᠂ ᠬᠠᠮᠳᠦ ᠲᠤᠨᠢ ᠤᠨᠴᠠᠭᠠᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠤᠨ ᠮᠠᠲ᠋ᠧᠷᠢᠶᠠᠯ ᠲᠤᠰᠢᠶᠠᠬᠤ ᠬᠡᠷᠡᠭᠳᠡᠢ | ︵ᠨᠢᠭᠡ︶ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠡᠷᠬᠡᠪᠰᠢ ᠣᠯᠠᠨ ᠤᠯᠤᠰ ᠤᠨ | ᠪᠠᠷᠢᠮᠵᠢᠶ᠎ᠠ ᠪᠤᠶᠤ ᠬᠢᠯᠢ ᠶᠢᠨ ᠭᠠᠳᠠᠨᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠬᠦ ᠲᠣᠭᠲᠠᠭᠠᠯ | ᠪᠠᠶᠢᠬᠤ ᠦᠭᠡᠶ ︔ | ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠬᠡᠷᠡᠭᠯᠡᠬᠦ ᠪᠠᠷ ᠪᠠᠶᠢᠭ᠎ᠠ ᠰᠢᠨ᠎ᠡ ᠮᠡᠷᠭᠡᠵᠢᠯ᠂ ᠰᠢᠨ᠎ᠡ ᠰᠢᠨᠵᠢᠯᠡᠬᠦ | ᠤᠬᠠᠭᠠᠨ ᠮᠡᠷᠭᠡᠵᠢᠯ᠂ ᠰᠢᠨ᠎ᠡ ᠮᠠᠲ᠋ᠧᠷᠢᠶᠠᠯ ᠨᠢ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ | ᠲᠣᠭᠲᠠᠭᠠᠯ ᠳᠤ ᠨᠡᠶᠢᠴᠡᠬᠦ ᠦᠭᠡᠶ ᠪᠠᠶᠢᠬᠤ᠃ | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠭᠠᠯ ᠤᠨᠲᠠᠷᠠᠭᠠᠬᠤ ᠣᠨᠴᠠᠭᠠᠢ ᠵᠢᠷᠤᠭ ᠲᠥᠯᠥᠪᠯᠡᠭᠡᠨ ᠤ ᠮᠡᠷᠭᠡᠵᠢᠯ ᠤᠨ ᠮᠠᠲ᠋ᠧᠷᠢᠶᠠᠯ ᠳᠤ ᠭᠠᠯ ᠤᠨᠲᠠᠷᠠᠭᠠᠬᠤ | ᠣᠨᠴᠠᠭᠠᠢ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ᠂ ᠵᠢᠷᠤᠭ ᠲᠥᠯᠥᠪᠯᠡᠭᠡ ᠳᠤ ᠬᠡᠷᠡᠭᠯᠡᠭᠰᠡᠨ ᠤᠯᠠᠨ ᠤᠯᠤᠰ ᠤᠨ ᠪᠠᠷᠢᠮᠵᠢᠶ᠎ᠠ᠂ ᠬᠢᠯᠢ ᠶᠢᠨ ᠭᠠᠳᠠᠨᠠᠬᠢ | ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠬᠢᠲᠠᠳ ᠬᠡᠯᠡᠨ ᠤ ᠲᠣᠪᠬᠢᠮᠠᠯ ᠵᠢᠴᠢ ᠬᠤᠯᠪᠣᠭᠳᠠᠯ ᠪᠦᠬᠦᠢ | ᠬᠡᠷᠡᠭᠯᠡᠭᠡᠨ ᠤ ᠪᠣᠳᠠᠲᠤ ᠵᠢᠱᠢᠶ᠎ᠡ᠂ ᠦᠢᠯᠡᠳᠬᠦᠨ ᠤ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠪᠠᠭᠲᠠᠭᠠᠭᠰᠠᠨ ᠪᠠᠶᠢᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠲᠤᠰᠢᠶᠠᠭᠰᠠᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ | ᠭᠠᠷᠳᠠᠭᠰᠠᠨ ᠤ ᠳᠠᠷᠠᠭ᠎ᠠ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠣᠯ ᠬᠦᠯᠢᠶᠡᠨ ᠠᠪᠤᠭᠰᠠᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ︔ | ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ | ᠬᠡᠷᠡᠭᠲᠡᠢ᠃ | ᠠᠷᠪᠠ ᠶᠢᠰᠦᠳᠦᠭᠡᠷ ᠵᠦᠢᠯ ᠲᠤᠰ ᠲᠣᠭᠲᠠᠭᠠᠯ ᠤᠨ ᠠᠷᠪᠠᠨ ᠳᠣᠯᠣᠳᠤᠭᠠᠷ ᠵᠦᠢᠯ ᠤᠨ ᠪᠠᠶᠢᠳᠠᠯ ᠤᠨ ᠨᠢᠭᠡ ᠳᠤᠨᠢ ᠪᠠᠭᠲᠠᠬᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠳᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠲᠠᠪᠤᠨ ᠠᠵᠢᠯᠯᠠᠬᠤ ᠡᠳᠦᠷ ᠤᠨ | ᠳᠣᠲᠣᠷ᠎ᠠ ᠭᠤᠶᠤᠴᠢᠯᠠᠭᠰᠠᠨ ᠮᠠᠲ᠋ᠧᠷᠢᠶᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠲᠤᠰᠬᠠᠶ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠬᠤ ᠬᠡᠷᠡᠭᠲᠡᠶ᠃ | ᠬᠤᠷᠢᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ᠂ | ᠪᠠᠷᠢᠯᠭ᠎ᠠ ᠵᠡᠷᠭᠡ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠬᠥᠮᠦᠰ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠬᠥᠮᠥᠷᠭᠡ ᠶᠢ | ᠪᠠᠶᠢᠭᠤᠯᠵᠤ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ | ᠠᠪᠤᠭᠰᠠᠨ ᠡᠳᠦᠷ ᠠᠴᠠ ᠡᠬᠢᠯᠡᠨ ᠠᠷᠪᠠᠨ ᠠᠵᠢᠯᠯᠠᠬᠤ ᠡᠳᠦᠷ ᠤᠨ ᠳᠣᠲᠣᠷ᠎ᠠ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠪᠦᠳᠦᠭᠡᠨ ᠪᠠᠶᠢᠭᠤᠯᠤᠯᠳᠠ ᠶᠢᠨ ᠨᠢᠭᠡᠴᠡ ᠶᠢᠨ ᠲᠤᠰᠢᠶᠠᠭᠰᠠᠨ ᠤᠨᠴᠠᠭᠠᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠤᠨ | ᠮᠠᠲ᠋ᠧᠷᠢᠶᠠᠯ ᠢ ᠬᠢᠨᠠᠨ ᠲᠣᠭᠲᠠᠭᠠᠬᠤ ᠬᠡᠷᠡᠭᠲᠡᠶ᠃ | ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠢ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠠᠰᠢᠷᠠᠮ ᠢᠶᠠᠷ ᠰᠤᠭᠤᠯᠵᠤ᠂ ᠮᠡᠷᠭᠡᠵᠢᠯ ᠨᠢ ᠪᠤᠳᠤᠯᠢᠶᠠᠨᠲᠠᠶ᠂ | ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠤᠯᠤᠰ ᠠᠴᠠ ᠤᠨᠴᠠᠭᠠᠢ ᠱᠠᠭᠠᠷᠳᠠᠯᠭ᠎ᠠ ᠲᠠᠢ ᠲᠥᠷᠥᠯ ᠵᠦᠢᠯ ᠳᠤ ᠬᠠᠷᠠᠭᠠᠯᠵᠠᠭᠰᠠᠨ ᠲᠤᠰᠬᠠᠶ ᠮᠡᠷᠭᠡᠵᠢᠯ ᠤᠨ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠪᠦᠬᠦ | ᠤᠯᠤᠰ ᠤᠨ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠮᠠᠰᠲ᠋ᠧᠷ ᠵᠢᠴᠢ ᠬᠢᠯᠢ ᠶᠢᠨ ᠭᠠᠳᠠᠨᠠᠬᠢ ᠬᠠᠷᠠᠭᠠᠯᠵᠠᠭᠰᠠᠨ ᠬᠢᠷᠢ ᠬᠡᠮ ᠲᠠᠢ ᠲᠤᠰᠬᠠᠶ | ᠮᠡᠷᠭᠡᠵᠢᠯᠲᠡᠨ ᠢ ᠰᠢᠭᠤᠳ ᠤᠷᠢᠵᠤ ᠦᠨᠡᠯᠡᠨ ᠬᠢᠨᠠᠬᠤ ᠳᠤ ᠣᠷᠣᠯᠴᠠᠭᠤᠯᠵᠤ ᠪᠣᠯᠤᠨ᠎ᠠ︔ ᠤᠨᠴᠠᠭᠠᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ | ᠲᠥᠯᠥᠪᠯᠡᠭᠡᠨ ᠤ ᠨᠢᠭᠡᠴᠡ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠳᠤ ᠣᠷᠣᠯᠴᠠᠵᠤ ᠪᠣᠯᠬᠤ ᠤᠢᠭᠡᠢ᠃ | ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠵᠦ᠂ ᠶᠡᠷᠦᠩᠬᠡᠶ ᠲᠤᠭ᠎ᠠ ᠨᠢ | ᠳᠣᠯᠣᠭᠠᠨ ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠶ ᠪᠥᠭᠡᠳ ᠬᠢᠨᠠᠨ ᠲᠣᠭᠲᠠᠭᠠᠭᠰᠠᠨ ᠰᠠᠨᠠᠯ ᠢᠶᠠᠨ ᠲᠤᠰᠠᠭᠠᠷ ᠭᠠᠷᠭᠠᠬᠤ ᠬᠡᠷᠡᠭᠲᠡᠶ᠃ ᠤᠨᠴᠠᠭᠠᠢ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢᠨ ᠮᠡᠷᠭᠡᠵᠢᠯ ᠤᠨ | ᠮᠠᠲ᠋ᠧᠷᠢᠶᠠᠯ ᠤᠨ ᠳᠥᠷᠪᠡᠨ ᠤ ᠭᠤᠷᠪᠠ ᠠᠴᠠ ᠳᠡᠭᠡᠭᠰᠢᠬᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢᠶᠠᠷ ᠵᠥᠪᠰᠢᠶᠡᠷᠡᠭᠦᠯᠪᠡᠯ ᠳᠠᠷᠤᠶ ᠬᠢᠨᠠᠨ ᠲᠣᠭᠲᠠᠭᠠᠵᠤ | ᠪᠠᠲᠤᠯᠠᠭᠰᠠᠨ ᠳᠤ ᠲᠣᠭᠠᠴᠠᠭᠳᠠᠨ᠎ᠠ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠠᠳᠠᠯᠢ ᠪᠤᠰᠤ ᠰᠠᠨᠠᠯ ᠲᠠᠢ ᠪᠠᠶᠢᠪᠠᠯ ᠲᠣᠳᠣᠷᠬᠠᠶᠢᠯᠠᠬᠤ ᠬᠡᠷᠡᠭᠲᠡᠶ᠃ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠢ ᠬᠢᠨᠠᠨ ᠲᠣᠭᠲᠠᠭᠠᠯᠭᠠᠬᠤ ᠪᠠᠷ | ᠮᠡᠳᠡᠭᠦᠯᠦᠭᠰᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ | ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ ᠰᠠᠨᠠᠯ ᠢᠶᠠᠨ ᠪᠢᠴᠢᠭ ᠢᠶᠠᠷ ᠭᠠᠷᠭᠠᠵᠤ ᠥᠭᠬᠦ ᠬᠡᠷᠡᠭᠲᠡᠶ᠃ ᠲᠤᠰ ᠲᠣᠭᠲᠠᠭᠠᠯ ᠤᠨ ᠶᠣᠰᠣᠭᠠᠷ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ ᠴᠢᠬᠤᠯᠠᠲᠠᠢ ᠪᠠᠶᠢᠪᠠᠯ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠴᠠᠭ ᠢ ᠬᠤᠷᠢᠨ | ᠠᠵᠢᠯ ᠤᠨ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠬᠤᠷᠢᠨ ᠭᠤᠷᠪᠠᠳᠤᠭᠠᠷ ᠵᠦᠢᠯ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠭᠠᠳ ᠬᠢᠷᠢ ᠲᠡᠩᠴᠡᠭᠰᠡᠨ ᠰᠠᠨᠠᠯ ᠭᠠᠷᠭᠠᠵᠤ ᠥᠭᠬᠦ ᠬᠡᠷᠡᠭᠲᠡᠢ᠃ | ︵ᠨᠢᠭᠡ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠬᠤ︔ | ︵ᠬᠤᠶᠠᠷ︶ ᠵᠢᠷᠤᠵᠤ ᠲᠥᠯᠥᠪᠯᠡᠬᠦ ᠨᠢᠭᠡᠴᠡ ᠨᠢ ᠵᠣᠬᠢᠴᠠᠩᠭᠤᠢ ᠬᠢᠷᠢ ᠬᠡᠮ ᠲᠠᠢ ᠪᠠᠶᠢᠬᠤ︔ | ︵ᠭᠤᠷᠪᠠ︶ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠨᠢ ᠤᠯᠤᠰ ᠤᠨ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ | ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ | ︵ᠲᠤᠰ ᠲᠣᠭᠲᠠᠭᠠᠯ ᠤᠨ ᠠᠷᠪᠠᠨ ᠳᠣᠯᠣᠳᠤᠭᠠᠷ ᠵᠦᠢᠯ ᠤᠨ ᠪᠠᠶᠢᠳᠠᠯ ᠤᠨ ᠨᠢᠭᠡ ᠨᠢ ᠪᠠᠶᠢᠬᠤ ᠣᠨᠴᠠᠭᠠᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ᠂ ᠭᠠᠯ | ᠰᠡᠷᠭᠡᠶᠢᠯᠡᠨ ᠤᠨᠲᠠᠷᠠᠭᠠᠬᠤ ᠣᠨᠴᠠᠭᠠᠢ ᠵᠢᠷᠤᠭ ᠲᠥᠯᠥᠪᠯᠡᠭᠡᠨ ᠤ ᠮᠡᠷᠭᠡᠵᠢᠯ ᠤᠨ ᠮᠠᠲ᠋ᠧᠷᠢᠶᠠᠯ ᠢ ᠲᠤᠰᠬᠠᠢ ᠮᠡᠷᠭᠡᠵᠢᠯᠲᠡᠨ ᠬᠢᠨᠠᠨ ᠰᠢᠯᠭᠠᠷᠠᠭᠤᠯᠬᠤ ᠳᠤ ᠬᠢᠷᠢ | ᠲᠡᠩᠴᠡᠭᠰᠡᠨ︶᠃ | ᠡᠮᠦᠨᠡᠬᠢ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠤᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠰᠠᠨᠠᠯ ᠢ | ᠭᠠᠷᠭᠠᠵᠤ ᠥᠭᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠬᠠᠮᠲᠤᠷᠠᠨ ᠬᠢᠨᠠᠨ ᠪᠠᠶᠢᠴᠠᠭᠠᠬᠤ ᠳᠤ᠂ ᠪᠦᠳᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡᠨ ᠤ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠬᠠᠮᠲᠤᠷᠠᠨ ᠬᠢᠨᠠᠨ | ᠪᠠᠶᠢᠴᠠᠭᠠᠬᠤ ᠳᠤ ᠣᠷᠣᠭᠤᠯᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠪᠦᠳᠦᠭᠡᠠ ᠪᠠᠶᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠡ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ | ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠳᠤᠷ᠎ᠠ ᠪᠠᠷ ᠢᠶᠠᠨ ᠵᠠᠰᠠᠵᠤ ᠪᠣᠯᠬᠤ ᠤᠢᠭᠡᠢ᠃ ᠦᠨᠡᠬᠡᠷ ᠵᠠᠰᠠᠪᠤᠷᠢ ᠣᠷᠣᠭᠤᠯᠬᠤ | ᠴᠢᠬᠤᠯᠠᠲᠠᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠡ ᠨᠢ ᠲᠤᠰ ᠲᠣᠭᠲᠠᠭᠠᠯ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠯᠭᠠᠬᠤ ᠪᠠᠷ ᠲᠠᠬᠢᠨ ᠭᠤᠶᠤᠴᠢᠯᠠᠬᠤ ᠬᠡᠷᠡᠭᠲᠡᠢ᠃ | ᠳᠥᠷᠪᠡᠳᠦᠭᠡᠷ ᠪᠦᠯᠦᠭ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠬᠤ | ᠬᠤᠷᠢᠨ ᠵᠢᠷᠭᠤᠳᠤᠭᠠᠷ ᠵᠦᠢᠯ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠭᠠᠯ ᠤᠨᠲᠠᠷᠠᠭᠠᠬᠤ ᠶᠢ ᠰᠢᠯᠭᠠᠨ ᠠᠪᠬᠤ ᠳᠦᠷᠢᠮ ᠢ | ᠬᠡᠷᠡᠭᠵᠢᠭᠦᠯᠦᠨ᠎ᠡ᠃ | ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠤ ᠳᠠᠷᠠᠭ᠎ᠠ᠂ ᠪᠠᠷᠢᠯᠭ᠎ᠠ ᠪᠠᠷᠢᠭᠤᠯᠬᠤ ᠨᠢᠭᠡᠴᠡ ᠨᠢ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠯ ᠤᠨᠲᠠᠷᠠᠭᠠᠬᠤ ᠶᠢ ᠰᠢᠯᠭᠠᠨ | ᠠᠪᠤᠭᠤᠯᠬᠤ ᠪᠠᠷ ᠭᠤᠶᠤᠴᠢᠯᠠᠬᠤ ᠬᠡᠷᠡᠭᠲᠡᠶ︔ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠰᠢᠯᠭᠠᠯᠲᠠ ᠬᠢᠯᠭᠡᠭᠰᠡᠨ ᠤᠢᠭᠡᠢ ᠪᠤᠶᠤ ᠭᠠᠯ ᠰᠡᠷᠭᠡᠶᠢᠯᠡᠨ ᠤᠨᠲᠠᠷᠠᠭᠠᠬᠤ | ᠲᠤᠬᠠᠢ ᠰᠢᠯᠭᠠᠯᠲᠠ ᠨᠢ ᠬᠢᠷᠢ ᠲᠡᠩᠴᠡᠭᠰᠡᠨ ᠤᠢᠭᠡᠢ ᠪᠠᠶᠢᠪᠠᠯ᠂ ᠠᠰᠢᠭᠯᠠᠯᠲᠠ ᠳᠤ ᠣᠷᠣᠭᠤᠯᠬᠤ ᠶᠢ ᠴᠠᠭᠠᠵᠠᠯᠠᠨ᠎ᠠ᠃ | ᠬᠤᠷᠢᠨ ᠳᠣᠯᠣᠳᠤᠭᠠᠷ ᠵᠦᠢᠯ ᠪᠥᠳᠥᠭᠡᠨ ᠪᠠᠶᠢᠭᠤᠯᠤᠯᠳᠠ ᠶᠢᠨ ᠨᠢᠭᠡᠴᠡ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠲᠠᠭᠠᠨ᠂ | ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠨᠢ ᠳᠣᠣᠷᠠᠬᠢ ᠱᠠᠭᠠᠷᠳᠠᠯᠭ᠎ᠠ ᠲᠤ ᠨᠡᠶᠢᠴᠡᠬᠦ ᠡᠰᠡᠬᠦ ᠶᠢ ᠪᠠᠶᠢᠴᠠᠭᠠᠨ ᠰᠢᠯᠭᠠᠬᠤ ᠬᠡᠷᠡᠭᠲᠡᠢ᠃ | ︵ᠨᠢᠭᠡ︶ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠪᠣᠯᠤᠨ ᠭᠡᠷ᠎ᠡ ᠳᠤ ᠪᠣᠯᠵᠣᠨ ᠲᠣᠭᠲᠠᠭᠰᠠᠨ ᠭᠠᠯ ᠤᠨᠲᠠᠷᠠᠭᠠᠬᠤ ᠡᠯ᠎ᠡ ᠵᠦᠢᠯ ᠤᠨ | ᠠᠭᠤᠯᠭ᠎ᠠ ᠶᠢ ᠪᠡᠶᠡᠯᠡᠭᠦᠯᠬᠦ ᠬᠡᠷᠡᠭᠲᠡᠶ︔ | ︵ᠬᠤᠶᠠᠷ︶ ᠪᠠᠷᠢᠯᠭ᠎ᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠦᠷᠢᠨ ᠪᠦᠲᠦᠨ ᠳᠠᠩᠰᠠ ᠡᠪᠬᠡᠮᠡᠯ ᠪᠣᠯᠤᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢᠨ | ᠮᠠᠲ᠋ᠧᠷᠢᠶᠠᠯ ︵ᠭᠠᠯ ᠤᠨᠲᠠᠷᠠᠭᠠᠬᠤ ᠳᠤ ᠬᠤᠯᠪᠣᠭᠳᠠᠬᠤ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠲᠣᠨᠣᠭᠯᠠᠭᠠᠰᠤ ᠰᠡᠯᠪᠢᠭᠡᠰᠦ ᠪᠣᠯᠤᠨ ᠲᠥᠬᠦᠭᠡᠷᠦᠮᠵᠢ ᠶᠢᠨ | ᠲᠠᠯᠠᠪᠠᠶ ᠳᠤ ᠣᠷᠣᠬᠤ ᠲᠤᠷᠰᠢᠯᠲᠠ ᠶᠢᠨ ᠮᠡᠳᠡᠭᠦᠯᠦᠯᠲᠡ ᠪᠠᠭᠲᠠᠨ᠎ᠠ︶ ᠲᠠᠢ ᠪᠠᠶᠢᠬᠤ︔ | ︵ᠭᠤᠷᠪᠠ ︶ ᠪᠦᠳᠦᠭᠡᠨ ᠪᠠᠶᠢᠭᠤᠯᠤᠯᠳᠠ ᠶᠢᠨ ᠨᠢᠭᠡᠴᠡ ᠨᠢ ᠪᠠᠷᠢᠯᠭ᠎ᠠ ᠳᠠᠭᠠᠨ ᠭᠠᠯ ᠤᠨᠲᠠᠷᠠᠭᠠᠬᠤ ᠳᠤ ᠬᠤᠯᠪᠣᠭᠳᠠᠬᠤ ᠡᠯ᠎ᠡ ᠬᠡᠰᠡᠭ ᠤᠨ ᠲᠥᠷᠥᠯ | ᠵᠦᠢᠯ ᠤᠨ ᠪᠠᠷᠢᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠬᠤ︔ ᠪᠠᠷᠢᠯᠭ᠎ᠠ ᠪᠠᠷᠢᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠬᠢᠨᠠᠨ ᠬᠠᠮᠢᠶᠠᠷᠤᠯᠳᠠ᠂ | ᠮᠡᠷᠭᠡᠵᠢᠯ ᠤᠨ ᠦᠢᠯᠡᠴᠢᠯᠡᠭᠡᠨ ᠬᠢᠬᠦ ᠵᠡᠷᠭᠡ ᠨᠢᠭᠡᠴᠡ ᠤᠳ ᠪᠠᠷᠢᠯᠭ᠎ᠠ ᠶᠢᠨ ᠭᠠᠯ ᠤᠨᠲᠠᠷᠠᠭᠠᠬᠤ ᠶᠠᠰᠤ ᠴᠢᠨᠠᠷ ᠢ ᠬᠤᠯᠪᠣᠭᠳᠠᠯ ᠪᠦᠬᠦᠢ ᠪᠠᠷᠢᠮᠵᠢᠶ᠎ᠠ ᠳᠤ | ᠨᠡᠶᠢᠴᠡᠭᠦᠯᠬᠦ ᠪᠠᠷ ᠨᠤᠲᠠᠯᠠᠨ ᠲᠣᠭᠲᠠᠭᠠᠬᠤ ᠬᠡᠷᠡᠭᠲᠡᠶ︔ | ︵ᠳᠥᠷᠪᠡ︶ ᠭᠠᠯ ᠤᠨᠲᠠᠷᠠᠭᠠᠬᠤ ᠲᠦᠭᠦᠭᠡᠷᠦᠮᠵᠢ ᠶᠢᠨ ᠴᠢᠨᠠᠷ ᠴᠢᠳᠠᠯ᠂ ᠰᠢᠰᠲ᠋ᠧᠮ ᠤᠨ ᠴᠢᠳᠠᠮᠵᠢ ᠶᠢ ᠬᠠᠮᠲᠤᠷᠠᠨ ᠲᠣᠬᠢᠷᠠᠭᠤᠯᠵᠤ ᠬᠠᠮᠲᠤᠷᠠᠨ ᠲᠤᠷᠰᠢᠬᠤ | ᠵᠡᠷᠭᠡ ᠠᠭᠤᠯᠭ᠎ᠠ ᠶᠢ ᠪᠠᠶᠢᠴᠠᠭᠠᠨ ᠬᠡᠮᠵᠢᠵᠦ ᠬᠢᠷᠢ ᠲᠡᠩᠴᠡᠭᠰᠡᠨ ᠪᠠᠶᠢᠬᠤ᠃ | ᠪᠠᠶᠢᠴᠠᠭᠠᠨ ᠰᠢᠯᠭᠠᠭᠠᠳ ᠡᠮᠦᠨᠡᠬᠢ ᠪᠠᠳᠠᠭ ᠤᠨ ᠲᠣᠭᠲᠠᠭᠠᠯ ᠳᠤ ᠨᠡᠶᠢᠴᠡᠬᠦ ᠤᠢᠭᠡᠢ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠪᠠᠶᠢᠪᠠᠯ᠂ ᠪᠦᠳᠦᠭᠡᠠ | ᠪᠠᠶᠢᠭᠤᠯᠤᠯᠳᠠ ᠶᠢᠨ ᠨᠢᠭᠡᠴᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠪᠣᠯᠬᠤ ᠤᠢᠭᠡᠢ᠃ | ᠬᠤᠷᠢᠨ ᠨᠠᠢᠮᠠᠳᠤᠭᠠᠷ ᠵᠦᠢᠯ ᠪᠦᠳᠦᠭᠡᠠ ᠪᠠᠶᠢᠭᠤᠯᠤᠯᠳᠠ ᠶᠢᠨ ᠨᠢᠭᠡᠴᠡ ᠨᠢ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠪᠠᠷ ᠭᠤᠶᠤᠴᠢᠯᠠᠬᠤ ᠳᠤ᠂ | ᠳᠣᠣᠷᠠᠬᠢ ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠤᠨ ᠬᠦᠰᠦᠨᠦᠭᠲᠦ︔ | ︵ᠬᠤᠶᠠᠷ︶ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ︔ | ︵ᠭᠤᠷᠪᠠ︶ ᠭᠠᠯ ᠤᠨᠲᠠᠷᠠᠭᠠᠬᠤ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠵᠢᠷᠤᠭ᠃ | ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠳᠦᠭᠡᠠ | ᠪᠠᠶᠢᠭᠤᠯᠤᠯᠳᠠ ᠶᠢᠨ ᠨᠢᠭᠡᠴᠡ ᠶᠢᠨ ᠲᠤᠰᠢᠶᠠᠭᠰᠠᠨ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠢ ᠭᠠᠷᠳᠠᠭᠰᠠᠨ ᠤ ᠳᠠᠷᠠᠭ᠎ᠠ ᠭᠤᠶᠤᠴᠢᠯᠠᠭᠰᠠᠨ | ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠬᠦᠯᠢᠶᠡᠨ ᠠᠪᠤᠭᠰᠠᠨ ᠭᠡᠷᠡᠴᠢ ᠪᠠᠷᠢᠮᠲᠠ ᠬᠢᠵᠦ ᠥᠭᠬᠦ ᠬᠡᠷᠡᠭᠲᠡᠶ︔ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ | ᠭᠦᠢᠴᠡᠳ ᠪᠤᠰᠤ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ᠂ ᠤᠨᠴᠠᠭᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠲᠤᠬᠠᠶ ᠶᠢᠨ ᠭᠠᠵᠠᠷ ᠤᠨ ᠬᠢᠨᠠᠨ ᠲᠣᠭᠲᠠᠭᠠᠯᠲᠠ ᠬᠢᠬᠦ ᠬᠡᠷᠡᠭᠲᠡᠶ᠃ ᠲᠤᠬᠠᠶ ᠶᠢᠨ ᠲᠠᠯᠠᠪᠠᠶ ᠶᠢᠨ | ᠦᠨᠡᠯᠡᠨ ᠲᠣᠭᠲᠠᠭᠠᠯᠲᠠ ᠳᠤ ᠪᠠᠷᠢᠯᠭ᠎ᠠ ᠶᠢᠨ ᠭᠠᠯ ᠢ ᠰᠡᠷᠭᠡᠶᠢᠯᠡᠬᠦ ︵ᠤᠨᠲᠠᠷᠠᠭᠠᠬᠤ︶ ᠲᠦᠭᠦᠭᠡᠷᠦᠮᠵᠢ ᠶᠢᠨ ᠭᠠᠳᠠᠷ ᠪᠠᠶᠢᠳᠠᠯ ᠢ ᠲᠤᠬᠠᠶ ᠶᠢᠨ ᠲᠠᠯᠠᠪᠠᠶ ᠳᠤ ᠥᠯᠢᠭᠡᠷ | ᠠᠪᠴᠤ ᠦᠵᠡᠬᠦ ᠶᠢ ᠪᠠᠭᠲᠠᠭᠠᠨ᠎ᠠ︔ ᠲᠤᠰᠬᠠᠶ ᠬᠡᠮᠵᠢᠭᠦᠷᠯᠢᠭ ᠲᠥᠬᠦᠭᠡᠷᠦᠮᠵᠢ ᠪᠠᠷ ᠳᠠᠮᠵᠢᠭᠤᠯᠤᠨ ᠬᠤᠯᠪᠣᠭᠳᠠᠬᠤ ᠵᠠᠶ᠂ ᠥᠨᠳᠥᠷ᠂ ᠥᠷᠭᠡᠨ᠂ ᠤᠷᠲᠤ᠂ ᠲᠠᠯᠠᠪᠠᠶ᠂ | ᠵᠤᠵᠠᠭᠠᠨ ᠤ ᠬᠡᠮᠵᠢᠶ᠎ᠡ ᠵᠡᠷᠭᠡ ᠬᠡᠮᠵᠢᠵᠦ ᠪᠣᠯᠬᠤ ᠭᠦᠢᠴᠡᠳᠬᠡᠬᠦ ᠲᠤᠭ᠎ᠠ ᠳᠤ ᠲᠤᠬᠠᠶ ᠶᠢᠨ ᠭᠠᠵᠠᠷ ᠲᠤᠨᠢ ᠦᠯᠢᠭᠡᠷ ᠠᠪᠴᠤ ᠬᠡᠮᠵᠢᠯᠲᠡ ᠬᠢᠨ᠎ᠡ︔ ᠭᠠᠯ ᠤᠨᠲᠠᠷᠠᠭᠠᠬᠤ | ᠲᠥᠬᠦᠭᠡᠷᠦᠮᠵᠢ ᠶᠢᠨ ᠴᠢᠳᠠᠮᠵᠢ ᠶᠢ ᠦᠯᠢᠭᠡᠷ ᠠᠪᠴᠤ ᠰᠢᠯᠭᠠᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠰᠢᠰᠲ᠋ᠧᠮ ᠤᠨ ᠴᠢᠳᠠᠮᠵᠢ ᠶᠢ ᠬᠤᠯᠪᠣᠭᠠᠯᠠᠨ | ᠲᠣᠬᠢᠷᠠᠭᠤᠯᠵᠤ ᠬᠤᠯᠪᠣᠭᠠᠯᠠᠨ ᠲᠤᠷᠰᠢᠬᠤ ᠵᠡᠷᠭᠡ ᠠᠭᠤᠯᠭ᠎ᠠ ᠪᠠᠭᠲᠠᠨ᠎ᠠ᠃ | ᠭᠤᠴᠢᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠭᠠᠯ ᠤᠨᠲᠠᠷᠠᠭᠠᠬᠤ ᠶᠢ ᠰᠢᠯᠭᠠᠨ ᠠᠪᠤᠭᠤᠯᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠭᠠᠯ | ᠤᠨᠲᠠᠷᠠᠭᠠᠬᠤ ᠶᠢ ᠰᠢᠯᠭᠠᠨ ᠠᠪᠤᠭᠰᠠᠨ ᠰᠠᠨᠠᠯ ᠢᠶᠠᠨ ᠭᠠᠷᠭᠠᠬᠤ ᠬᠡᠷᠡᠭᠲᠡᠶ᠃ | ᠳᠣᠣᠷᠠᠬᠢ ᠨᠥᠬᠦᠴᠡᠯ ᠳᠤ ᠨᠡᠶᠢᠴᠡᠬᠦ ᠳᠤᠨᠢ ᠭᠠᠯ ᠤᠨᠲᠠᠷᠠᠭᠠᠬᠤ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠰᠠᠨᠠᠯ ᠭᠠᠷᠭᠠᠵᠤ ᠥᠭᠬᠦ ᠬᠡᠷᠡᠭᠲᠡᠶ᠄ | ︵ᠨᠢᠭᠡ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠬᠤ︔ | ︵ᠬᠤᠶᠠᠷ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ ᠶᠢᠨ ᠠᠭᠤᠯᠭ᠎ᠠ ᠨᠢ ᠪᠦᠷᠢᠨ ᠲᠡᠭᠦᠯᠳᠡᠷ ᠪᠠᠶᠢᠬᠤ︔ | ︵ᠭᠤᠷᠪᠠ︶ ᠭᠠᠯ ᠤᠨᠲᠠᠷᠠᠭᠠᠬᠤ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠵᠢᠷᠤᠭ ᠨᠢ ᠬᠢᠨᠠᠨ | ᠪᠠᠶᠢᠴᠠᠭᠠᠭᠠᠳ ᠬᠢᠷᠢ ᠲᠡᠩᠴᠡᠭᠰᠡᠨ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠯᠤᠭ᠎ᠠ ᠨᠡᠶᠢᠴᠡᠭᠰᠡᠨ ᠪᠠᠶᠢᠬᠤ︔ | ︵ᠲᠦᠷᠪᠡ︶ ᠲᠤᠬᠠᠢ ᠶᠢᠨ ᠲᠠᠯᠠᠪᠤᠷ ᠤᠨ ᠦᠨᠡᠯᠡᠨ ᠲᠣᠭᠲᠠᠭᠠᠭᠰᠠᠨ ᠳ᠋ᠦᠩᠨᠡᠯᠲᠡ ᠨᠢ ᠬᠢᠷᠢ ᠲᠡᠩᠴᠡᠭᠰᠡᠨ ᠪᠠᠶᠢᠬᠤ᠃ | ᠡᠮᠦᠨᠡᠬᠢ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠶ ᠪᠣᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠯ ᠤᠨᠲᠠᠷᠠᠭᠠᠬᠤ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠰᠠᠨᠠᠯ ᠢ ᠭᠠᠷᠭᠠᠵᠤ ᠥᠭᠬᠦ ᠶᠢᠨ | ᠬᠠᠮᠲᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠲᠥᠯᠥᠪᠵᠢᠭᠦᠯᠭᠡ ᠬᠢᠬᠦ᠂ ᠭᠠᠵᠠᠷ ᠰᠢᠷᠣᠢ᠂ ᠭᠠᠯ ᠰᠡᠷᠭᠡᠶᠢᠯᠡᠨ ᠤᠨᠲᠠᠷᠠᠭᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ | ᠲᠠᠩᠰᠠ ᠡᠪᠬᠡᠮᠡᠯ ᠵᠡᠷᠭᠡ ᠵᠦᠢᠯᠡᠰ ᠢ ᠬᠠᠮᠲᠤᠷᠠᠨ ᠰᠢᠯᠭᠠᠨ ᠠᠪᠬᠤ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠲᠤᠬᠠᠢ ᠰᠢᠯᠭᠠᠨ | ᠠᠪᠤᠭᠰᠠᠨ ᠰᠠᠨᠠᠯ ᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠠᠴᠠ ᠨᠢᠭᠡᠳᠦᠯᠲᠡᠢ ᠭᠠᠷᠭᠠᠨ᠎ᠠ᠃ | ᠲᠠᠪᠤᠳᠤᠭᠠᠷ ᠪᠦᠯᠦᠭ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠳᠠᠩᠰᠠᠯᠠᠭᠤᠯᠬᠤ ᠬᠢᠭᠡᠳ | ᠰᠤᠭᠤᠴᠢᠨ ᠪᠠᠶᠢᠴᠠᠭᠠᠬᠤ | ᠭᠤᠴᠢᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠪᠤᠰᠤᠳ ᠪᠠᠷᠢᠯᠭ᠎ᠠ ᠳᠤ ᠪᠦᠳᠦᠭᠡᠨ ᠪᠠᠶᠢᠭᠤᠯᠤᠯᠳᠠ ᠶᠢᠨ ᠨᠢᠭᠡᠴᠡ ᠨᠢ ᠪᠠᠷᠢᠯᠭ᠎ᠠ ᠪᠠᠷᠢᠬᠤ | ᠵᠥᠪᠰᠢᠶᠡᠷᠡᠯ ᠭᠤᠶᠤᠴᠢᠯᠠᠬᠤ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠶᠢ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ᠂ ᠪᠠᠷᠢᠯᠭ᠎ᠠ ᠪᠠᠷᠢᠬᠤ ᠬᠡᠷᠡᠭᠴᠡᠭᠡ ᠶᠢ ᠬᠠᠩᠭᠠᠬᠤ | ᠭᠠᠯ ᠤᠨᠲᠠᠷᠠᠭᠠᠬᠤ ᠵᠢᠷᠤᠭ ᠲᠥᠯᠥᠪᠯᠡᠭᠡ ᠵᠢᠴᠢ ᠮᠡᠷᠭᠡᠵᠢᠯ ᠤᠨ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ | ᠪᠠᠷᠢᠯᠭ᠎ᠠ ᠪᠠᠷᠢᠬᠤ ᠬᠡᠷᠡᠭᠴᠡᠭᠡ ᠶᠢ ᠬᠠᠩᠭᠠᠭᠰᠠᠨ ᠦᠭᠡᠢ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠵᠢᠴᠢ ᠮᠡᠷᠭᠡᠵᠢᠯ ᠤᠨ ᠮᠠᠲ᠋ᠧᠷᠢᠶᠠᠯ ᠢ | ᠬᠠᠩᠭᠠᠭᠰᠠᠨ ᠦᠭᠡᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠤᠶᠤ ᠠᠵᠢᠯ ᠡᠬᠢᠯᠡᠭᠦᠯᠬᠦ ᠶᠢ | ᠵᠥᠪᠰᠢᠶᠡᠷᠡᠭᠰᠡᠨ ᠮᠡᠳᠡᠭᠦᠯᠦᠯᠲᠡ ᠣᠯᠭᠤᠵᠤ ᠪᠣᠯᠬᠤ ᠦᠭᠡᠢ᠃ | ᠭᠤᠴᠢᠨ ᠭᠤᠷᠪᠠᠳᠤᠭᠠᠷ ᠵᠦᠢᠯ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠳᠠᠩᠰᠠᠯᠠᠨ ᠰᠤᠭᠤᠴᠢᠨ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ | ᠃ | ᠪᠤᠰᠤᠳ ᠪᠦᠳᠦᠭᠡᠠ ᠪᠠᠶᠢᠭᠤᠯᠤᠯᠲᠠ ᠶᠢᠨ ᠪᠠᠷᠢᠯᠭ᠎ᠠ ᠶᠢ ᠬᠠᠤᠯᠢ ᠶᠣᠰᠣᠭᠠᠷ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠤᠢᠭᠡᠢ ᠪᠠᠶᠢᠪᠠᠯ ᠬᠡᠷᠡᠭᠯᠡᠬᠦ ᠶᠢ ᠨᠢ | ᠵᠣᠭᠰᠣᠭᠠᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠪᠤᠰᠤᠳ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠳᠠᠭᠤᠰᠴᠤ ᠰᠢᠯᠭᠠᠨ ᠠᠪᠬᠤ ᠳᠤ ᠬᠢᠷᠢ ᠲᠡᠩᠴᠡᠭᠰᠡᠨ ᠡᠳᠦᠷ ᠠᠴᠠ | ᠡᠬᠢᠯᠡᠨ ᠲᠠᠪᠤᠨ ᠠᠵᠢᠯᠯᠠᠬᠤ ᠡᠳᠦᠷ ᠤᠨ ᠳᠣᠲᠣᠷ᠎ᠠ᠂ ᠪᠦᠳᠦᠭᠡᠠ ᠪᠠᠶᠢᠭᠤᠯᠤᠯᠳᠠ ᠶᠢᠨ ᠨᠢᠭᠡᠴᠡ ᠨᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠪᠦᠳᠦᠭᠡᠠ ᠪᠠᠶᠢᠭᠤᠯᠤᠯᠳᠠ ᠶᠢᠨ ᠨᠢᠭᠡᠴᠡ ᠳᠠᠩᠰᠠᠯᠠᠭᠤᠯᠬᠤ ᠳᠤ ᠳᠣᠤᠷᠠᠬᠢ ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵ᠨᠢᠭᠡ︶ ᠭᠠᠯ ᠤᠨᠲᠠᠷᠠᠭᠠᠬᠤ ᠶᠢ ᠰᠢᠯᠭᠠᠨ ᠠᠪᠬᠤ ᠶᠢᠨ ᠳᠠᠩᠰᠠᠯᠠᠭᠤᠯᠬᠤ ᠬᠦᠰᠦᠨᠦᠭᠲᠦ︔ | ︵ᠬᠤᠶᠠᠷ︶ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠮᠡᠳᠡᠭᠦᠯᠦᠯᠲᠡ︔ | ︵ᠭᠤᠷᠪᠠ︶ ᠭᠠᠯ ᠤᠨᠲᠠᠷᠠᠭᠠᠬᠤ ᠳᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠵᠢᠷᠤᠭ᠃ | ᠲᠤᠰ ᠲᠣᠭᠲᠠᠭᠠᠯ ᠤᠨ ᠬᠤᠷᠢᠨ ᠳᠣᠯᠣᠳᠤᠭᠠᠷ ᠵᠦᠢᠯ ᠳᠤ ᠪᠦᠳᠦᠭᠡᠠ ᠪᠠᠶᠢᠭᠤᠯᠤᠯᠳᠠ ᠶᠢᠨ ᠨᠢᠭᠡᠴᠡ ᠶᠢᠨ ᠪᠠᠷᠢᠯᠭ᠎ᠠ ᠳᠠᠭᠤᠰᠴᠤ ᠭᠠᠯ ᠰᠡᠷᠭᠡᠶᠢᠯᠡᠨ | ᠤᠨᠲᠠᠷᠠᠭᠠᠬᠤ ᠲᠤᠬᠠᠢ ᠪᠠᠶᠢᠴᠠᠭᠠᠨ ᠰᠢᠯᠭᠠᠬᠤ ᠬᠤᠯᠪᠣᠭᠳᠠᠯ ᠪᠦᠬᠦᠢ ᠲᠣᠭᠲᠠᠭᠠᠯ ᠢ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠨ᠎ᠡ᠃ | ᠭᠤᠴᠢᠨ ᠲᠠᠪᠤᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠪᠦᠳᠦᠭᠡᠠ ᠪᠠᠶᠢᠭᠤᠯᠤᠯᠳᠠ ᠶᠢᠨ ᠨᠢᠭᠡᠴᠡ ᠶᠢᠨ ᠳᠠᠩᠰᠠᠯᠠᠭᠤᠯᠤᠭᠰᠠᠨ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ᠂ ᠳᠠᠩᠰᠠᠯᠠᠭᠤᠯᠤᠭᠰᠠᠨ | ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ ᠳᠠᠩᠰᠠᠯᠠᠭᠤᠯᠤᠭᠰᠠᠨ ᠭᠡᠷᠡᠴᠢ ᠬᠢᠵᠦ ᠥᠭᠬᠦ ᠬᠡᠷᠡᠭᠲᠡᠶ︔ ᠳᠠᠩᠰᠠᠯᠠᠭᠤᠯᠤᠭᠰᠠᠨ ᠮᠠᠲ᠋ᠧᠷᠢᠶᠠᠯ ᠨᠢ ᠬᠡᠷᠪᠡ ᠪᠦᠷᠢᠨ ᠦᠭᠡᠶ | ᠪᠣᠯ ᠨᠥᠬᠦᠪᠥᠷᠢᠯᠡᠵᠦ ᠵᠠᠯᠠᠷᠠᠭᠤᠯᠬᠤ ᠴᠢᠬᠤᠯᠠ ᠲᠠᠢ ᠪᠦᠬᠦ ᠠᠭᠤᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠳᠠᠩᠰᠠᠯᠠᠭᠤᠯᠤᠭᠰᠠᠨ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠶ᠃ ᠰᠤᠭᠤᠴᠢᠨ ᠪᠠᠶᠢᠴᠠᠭᠠᠬᠤ | ᠠᠵᠢᠯ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠲᠦᠷᠢᠮ ᠢ ᠬᠡᠷᠡᠭᠵᠢᠭᠦᠯᠵᠦ᠂ ᠪᠠᠶᠢᠴᠠᠭᠠᠭᠳᠠᠬᠤ ᠡᠲᠡᠭᠡᠳ ᠢ ᠰᠤᠭᠤᠴᠢᠨ ᠪᠠᠶᠢᠴᠠᠭᠠᠵᠤ᠂ | ᠪᠠᠶᠢᠴᠠᠭᠠᠬᠤ ᠠᠵᠢᠯᠲᠠᠨ ᠢ ᠰᠤᠭᠤᠴᠢᠨ ᠲᠣᠮᠢᠯᠠᠨ᠎ᠠ᠃ ᠰᠤᠭᠤᠴᠢᠨ ᠠᠪᠬᠤ ᠬᠠᠷᠢᠴᠠᠯ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠷᠢᠶ᠎ᠠ ᠣᠷᠣᠨ ᠤ ᠪᠠᠨ ᠳᠣᠲᠣᠷᠠᠬᠢ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠪᠠᠶᠢᠳᠠᠯ ᠲᠠᠢ | ᠤᠶᠠᠯᠳᠤᠭᠤᠯᠤᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠪᠤᠰᠤᠳ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠭᠳᠠᠬᠤ ᠡᠲᠡᠭᠡᠳ ᠢᠶᠠᠷ ᠲᠤᠬᠳᠠᠭᠠᠬᠳᠠᠬᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯ ᠤᠨ | ᠡᠳᠦᠷ ᠤᠨ ᠳᠣᠲᠣᠷ᠎ᠠ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠠᠪᠬᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠠᠶᠢᠴᠠᠭᠠᠵᠤ᠂ ᠪᠠᠶᠢᠴᠠᠭᠠᠭᠰᠠᠨ ᠲᠡᠮᠳᠡᠭᠯᠡᠯ ᠬᠢᠬᠦ ᠬᠡᠷᠡᠭᠲᠡᠢ᠃ ᠪᠠᠶᠢᠴᠠᠭᠠᠭᠰᠠᠨ ᠦᠷ᠎ᠡ ᠳ᠋ᠦᠩ ᠢᠶᠠᠨ ᠪᠦᠳᠦᠭᠡᠠ ᠪᠠᠶᠢᠭᠤᠯᠤᠯᠳᠠ ᠶᠢᠨ ᠨᠢᠭᠡᠴᠡ ᠳᠤ | ᠮᠡᠳᠡᠭᠳᠡᠬᠦ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠪᠦᠳᠦᠭᠡᠠ ᠪᠠᠶᠢᠭᠤᠯᠤᠯᠳᠠ ᠶᠢᠨ ᠨᠢᠭᠡᠴᠡ ᠪᠠᠶᠢᠴᠠᠭᠠᠭᠠᠳ ᠬᠢᠷᠢ ᠲᠡᠩᠴᠡᠭᠰᠡᠨ ᠦᠭᠡᠶ ᠪᠤᠯ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠢ ᠣᠯᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠬᠡᠷᠡᠭᠯᠡᠬᠦ ᠶᠢ ᠨᠢ ᠵᠣᠭᠰᠣᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠶ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠪᠲᠠᠨ ᠪᠠᠶᠢᠴᠠᠭᠠᠯᠭᠠᠬᠤ ᠪᠠᠷ ᠭᠤᠶᠤᠴᠢᠯᠠᠬᠤ ᠬᠡᠷᠡᠭᠲᠡᠶ᠃ | ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠴᠢᠭ ᠤᠨ | ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ ᠳᠠᠪᠲᠠᠨ ᠪᠠᠶᠢᠴᠠᠭᠠᠬᠤ ᠶᠢᠨ ᠬᠠᠮᠲᠤ ᠳᠠᠪᠲᠠᠨ ᠪᠠᠶᠢᠴᠠᠭᠠᠭᠰᠠᠨ | ᠰᠠᠨᠠᠯ ᠢᠶᠠᠨ ᠭᠠᠷᠭᠠᠬᠤ ᠬᠡᠷᠡᠭᠲᠡᠶ᠃ ᠳᠠᠬᠢᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠬᠡᠷᠡᠭᠯᠡᠵᠦ ᠪᠣᠯᠤᠨ᠎ᠠ | ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠨᠠᠢᠮᠠᠳᠤᠭᠠᠷ ᠵᠦᠢᠯ ᠲᠤᠰ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠷᠢᠯᠭ᠎ᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ︽ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠬᠡᠨ ᠲᠣᠷᠭᠠᠨ᠎ᠠ︔ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠪᠦᠳᠦᠭᠡᠨ ᠪᠠᠶᠢᠭᠤᠯᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ᠂ ᠮᠡᠷᠭᠡᠵᠢᠯ ᠤᠨ ᠦᠢᠯᠡᠴᠢᠯᠡᠭᠡ | ᠬᠠᠩᠭᠠᠬᠤ ᠵᠡᠷᠭᠡ ᠨᠢᠭᠡᠴᠡ ᠵᠢᠴᠢ ᠲᠡᠭᠦᠨ ᠤ ᠠᠵᠢᠯᠳᠠᠨ ᠬᠤᠯᠪᠣᠭᠳᠠᠯ ᠪᠦᠬᠦᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ | ᠪᠠ ᠤᠯᠤᠰ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠵᠥᠷᠢᠴᠡᠭᠰᠡᠨ ᠪᠠᠶᠢᠪᠠᠯ᠂ ᠬᠠᠤᠯᠢ | ᠶᠣᠰᠣᠭᠠᠷ ᠰᠢᠢᠳᠬᠡᠬᠦ ᠪᠤᠶᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠠᠴᠠ ᠭᠠᠳᠠᠨ᠎ᠠ ᠪᠠᠰᠠ ᠬᠠᠷᠠᠭᠠᠯᠵᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠡᠭᠦᠷᠭᠡᠯᠡᠬᠦ ᠬᠡᠷᠡᠭᠲᠡᠢ᠃ | ᠭᠤᠴᠢ ᠶᠢᠰᠦᠳᠦᠭᠡᠷ ᠵᠦᠢᠯ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠠᠪᠬᠤ ᠲᠥᠷᠢᠮ ᠪᠠ ᠲᠣᠰ ᠲᠣᠭᠲᠠᠭᠠᠯ ᠢ ᠬᠡᠷᠡᠭᠵᠢᠭᠦᠯᠬᠦ ᠳᠤ ᠱᠠᠭᠠᠷᠳᠠᠭᠳᠠᠬᠤ ᠪᠢᠴᠢᠭ ᠮᠠᠲ᠋ᠧᠷᠢᠶᠠᠯ ᠤᠨ ᠶᠠᠩᠵᠤ ᠬᠡᠯᠪᠡᠷᠢ ᠶᠢ ᠲᠥᠷᠥ ᠶᠢᠨ ᠶᠠᠪᠤᠳᠠᠯ ᠤᠨ | ᠬᠤᠷᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠳᠥᠴᠢᠳᠦᠭᠡᠷ ᠵᠦᠢᠯ ᠰᠢᠨ᠎ᠡ ᠪᠠᠷ ᠨᠡᠶᠢᠲᠡᠯᠡᠭᠰᠡᠨ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠶᠢ ᠬᠡᠷᠡᠭᠵᠢᠭᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠨᠢᠭᠡᠨᠲᠡ ᠬᠠᠤᠯᠢ | ᠶᠣᠰᠣᠭᠠᠷ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠣᠯ ᠤᠤᠯ ᠤᠨ ᠬᠢᠨᠠᠨ ᠪᠠᠶᠢᠴᠠᠭᠠᠭᠰᠠᠨ ᠰᠠᠨᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ᠳᠥᠴᠢᠨ ᠨᠢᠭᠡᠳᠦᠭᠡᠷ ᠵᠦᠢᠯ ᠣᠷᠣᠨ ᠰᠠᠭᠤᠴᠠ ᠶᠢᠨ ᠭᠡᠷ ᠳᠣᠲᠣᠷᠠᠬᠢ ᠵᠠᠰᠠᠯ ᠴᠢᠮᠡᠭᠯᠡᠯ᠂ ᠭᠠᠴᠠᠭᠠᠨ ᠤ ᠠᠷᠠᠳ ᠤᠨ ᠥᠪᠡᠷ ᠢᠶᠠᠨ ᠪᠠᠷᠢᠭᠰᠠᠨ ᠣᠷᠣᠨ | ᠰᠠᠭᠤᠴᠠ᠂ ᠭᠠᠮᠰᠢᠭ ᠠᠴᠠ ᠠᠪᠤᠷᠠᠬᠤ ᠪᠠ ᠬᠥᠮᠦᠨ ᠦᠯᠦ ᠣᠯᠠᠨ ᠴᠤᠭᠯᠠᠷᠠᠬᠤ ᠲᠠᠯᠠᠪᠤᠷ ᠤᠨ ᠲᠥᠷ ᠴᠠᠭ ᠤᠨ ᠴᠢᠨᠠᠷᠲᠠᠢ ᠪᠠᠷᠢᠯᠭ᠎ᠠ ᠶᠢ ᠪᠥᠳᠥᠭᠡᠨ ᠪᠠᠶᠢᠭᠤᠯᠬᠤ | ᠠᠵᠢᠯᠯᠠᠭ᠎ᠠ ᠳᠤ ᠲᠣᠰ ᠲᠣᠭᠲᠠᠭᠠᠯ ᠢ ᠬᠡᠷᠡᠭᠯᠡᠬᠦ ᠥᠭᠡᠢ᠃ | ᠳᠥᠴᠢᠨ ᠬᠤᠶᠠᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠠᠯᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠤᠰ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠡᠷᠡᠭᠵᠢᠭᠦᠯᠬᠦ ᠨᠠᠷᠢᠨ ᠳᠦᠷᠢᠮ ᠢ | ᠲᠣᠭᠲᠠᠭᠠᠵᠤ ᠪᠣᠯᠤᠨ᠎ᠠ᠃ | ᠳᠥᠴᠢᠨ ᠭᠤᠷᠪᠠᠳᠤᠭᠠᠷ ᠵᠦᠢᠯ ᠲᠣᠰ ᠲᠣᠭᠲᠠᠭᠠᠯ ᠢ 2020 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |