| ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠯᠲᠡ | ᠶᠢᠨ ᠨᠣᠷᠮ᠎ᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠲᠤᠬᠠᠶ ᠮᠡᠳᠡᠭᠳᠡᠯ | | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ᠂ ᠬᠠᠮᠢᠶᠠᠷᠤᠯᠲᠠ ᠶᠢᠨ ᠲᠥᠪ ︵ | ᠬᠤᠪᠢᠶᠠᠷᠢ ᠲᠥᠪ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠡᠯᠲᠡᠰ ᠪᠠᠭᠲᠠᠨ᠎ᠠ︶᠄ | ᠨᠢᠳᠤᠨᠤᠨ ᠤ ᠵᠢᠯ ᠤᠨ ᠡᠴᠦᠰ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠤᠭᠯᠠᠭᠤᠯᠬᠤ᠂ ᠭᠠᠷᠭᠠᠨ ᠠᠪᠬᠤ᠂ ᠵᠢᠭᠡᠯᠡᠯᠭᠡ ᠲᠠᠯᠪᠢᠬᠤ ᠭᠤᠷᠪᠠᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ | ᠲᠠᠷᠬᠠᠭᠠᠭᠰᠠᠨ ᠠᠴᠠ ᠨᠠᠰᠢ᠂ ᠡᠯ᠎ᠡ ᠭᠠᠵᠠᠷ ᠤᠨ ᠬᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠣᠳᠣᠬᠠᠨ ᠤ ᠰᠢᠨ᠎ᠡ ᠪᠠᠶᠢᠳᠠᠯ ᠰᠢᠨ᠎ᠡ ᠡᠭᠦᠷᠭᠡ ᠳᠤ | ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠠᠵᠢᠯ ᠢᠶᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ | ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠨᠣᠷᠮ᠎ᠠ ᠪᠠ ᠬᠠᠮᠢᠶᠠᠷᠤᠯᠲᠠ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠭᠦᠢᠴᠡᠳ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ | ᠣᠷᠣᠨ ᠠᠴᠠ ᠠᠵᠢᠯ ᠤᠨ ᠬᠠᠷᠠᠯᠲᠠ ᠶᠢ ᠲᠣᠭᠲᠠᠭᠠᠬᠤ ᠶᠢᠨ ᠬᠠᠮᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠃ | ᠨᠢᠭᠡ᠂ ᠠᠵᠢᠯ ᠤᠨ ᠬᠠᠷᠠᠯᠲᠠ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠰᠢᠢᠳᠪᠦᠷᠢ ᠪᠣᠯᠤᠨ ᠪᠥᠬᠦ ᠤᠯᠤᠰ ᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠷᠭᠡᠨ ᠣᠯᠠᠨ | ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠵᠦ᠂ ᠣᠷᠣᠨ ᠰᠠᠭᠤᠴᠠ ᠶᠢᠨ ᠬᠡᠷᠡᠭᠯᠡᠭᠡ ᠶᠢ ᠠᠬᠢᠭᠤᠯᠤᠨ᠂ ᠠᠵᠤ ᠠᠬᠤᠶ ᠶᠢᠨ | ᠨᠡᠮᠡᠭᠳᠡᠯ ᠢ ᠳᠠᠶᠢᠴᠢᠯᠠᠵᠤ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠶᠡᠭᠡ ᠲᠠᠯ᠎ᠠ ᠶᠢ ᠳᠠᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ | ᠬᠤᠰᠢᠭᠤᠴᠢᠯᠠᠨ ᠰᠢᠨ᠎ᠡ ᠶᠢ ᠡᠭᠦᠳᠬᠦ᠂ ᠠᠶᠤᠯ ᠲᠦᠭᠰᠢᠭᠦᠷᠢ ᠶᠢ ᠠᠷᠢᠯᠭᠠᠨ ᠬᠦᠴᠢᠷᠳᠡᠯ ᠢ ᠰᠢᠢᠳᠪᠦᠷᠢᠯᠡᠬᠦ ᠵᠣᠷᠢᠯᠲᠠ ᠠᠴᠠ ᠡᠭᠦᠰᠴᠦ᠂ ᠪᠠᠯᠠ ᠮᠥᠩᠭᠦ ᠶᠢᠨ ᠠᠮᠤᠷ | ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠳᠤ | ᠤᠯᠠᠮ ᠨᠢᠭᠡ ᠠᠯᠬᠤᠮ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠠᠶᠢᠲᠤᠷ | ᠬᠠᠮᠢᠶᠠᠷᠴᠤ ᠭᠦᠢᠴᠡᠳ ᠬᠡᠷᠡᠭᠯᠡᠬᠦ ᠬᠠᠷᠠᠯᠲᠠ ᠶᠢ ᠪᠡᠶᠡᠯᠡᠭᠦᠯᠬᠦ ᠪᠤᠯᠤᠨ᠎ᠠ᠃ ᠣᠳᠣᠬᠠᠨ ᠳᠤ᠂ ᠮᠠᠨ ᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠣᠷᠮ᠎ᠠ ᠵᠥᠪᠬᠡᠨ 54 . 6 % ᠳᠤ ᠬᠦᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ | ᠳᠣᠤᠷ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠣᠷᠮ᠎ᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠡᠭᠦᠷᠭᠡ ᠲᠦᠢᠯ ᠤᠨ ᠲᠤᠯᠭᠠᠮ᠎ᠠ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠠᠷᠠᠯᠲᠠ ᠪᠣᠯ᠂ ᠡᠨᠡ ᠵᠢᠯ ᠪᠥᠬᠦ ᠣᠷᠣᠨ ᠤ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠨᠣᠷᠮ᠎ᠠ ᠶᠢ 64 % ᠳᠤ ᠬᠦᠷᠦᠭᠦᠯᠵᠦ᠂ 5 ᠵᠢᠯ ᠤᠨ ᠳᠣᠲᠣᠷ᠎ᠠ 85 | % ᠳᠤ ᠬᠦᠷᠦᠭᠦᠯᠬᠦ ᠪᠠᠷ ᠴᠢᠷᠮᠠᠶᠢᠨ᠎ᠠ᠃ | ᠬᠤᠶᠠᠷ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ | ︵ᠨᠢᠭᠡ︶ ᠭᠠᠷᠭᠠᠨ ᠠᠪᠬᠤ ᠪᠠ ᠵᠢᠭᠡᠯᠡᠯᠭᠡ ᠲᠠᠯᠪᠢᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ | 1᠂ ᠬᠡᠷ ᠪᠦᠯᠢ ᠶᠢᠨ ᠬᠢᠨ ᠤ ᠬᠠᠮᠲᠤ ᠪᠠᠷ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠬᠤ ᠶᠢᠨ ᠲᠥᠯᠥᠭᠡ᠂ ᠬᠡᠷ ᠪᠦᠯᠢ ᠶᠢᠨ | ᠰᠢᠭᠤᠳ ᠴᠢᠰᠤᠨ ᠲᠥᠷᠥᠯ ᠤᠨ ᠪᠦᠷᠢᠯᠳᠦᠬᠦᠨ ︵ᠲᠣᠰ ᠬᠥᠮᠦᠨ᠂ ᠬᠤᠯᠪᠣᠰᠤ ᠵᠢᠴᠢ ᠬᠤᠶᠠᠷ ᠲᠠᠯ᠎ᠠ ᠶᠢᠨ ᠡᠴᠢᠭᠡ ᠡᠬᠡ ᠵᠢᠴᠢ ᠦᠷ᠎ᠡ ᠬᠡᠤᠬᠡᠳ ᠪᠠᠭᠲᠠᠨ᠎ᠠ︶ | ᠪᠦᠬᠦᠨ ᠬᠦᠴᠦᠨ ᠪᠥᠬᠦᠶ ᠭᠡᠷᠡᠴᠢ ᠬᠠᠩᠭᠠᠵᠤ ᠳᠡᠶᠢᠯᠬᠦ ᠳᠤ ᠭᠦᠷᠪᠡᠯ᠂ ᠳᠠᠷᠤᠶ ︽ᠠᠳᠠᠯᠢ ᠡᠷᠦᠬᠡ ᠠᠮᠠ︾ ᠪᠠᠷ ᠦᠵᠡᠵᠦ᠂ ᠲᠣᠰ ᠬᠥᠮᠦᠨ ᠢᠶᠠᠷ | ᠵᠥᠪᠰᠢᠶᠡᠷᠡᠭᠦᠯᠦᠭᠡᠳ ᠴᠥᠮ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠠᠳᠠᠯᠢ ᠨᠢᠭᠡ ᠢᠵᠢ ᠣᠷᠣᠨ ᠰᠠᠭᠤᠴᠠ ᠶᠢ ᠬᠤᠳᠠᠯᠳᠤᠨ | ᠠᠪᠴᠤ ᠪᠣᠯᠤᠨ᠎ᠠ᠃ ᠲᠣᠰ ᠬᠥᠮᠦᠨ᠂ ᠬᠤᠯᠪᠣᠰᠤ ᠵᠢᠴᠢ ᠬᠤᠶᠠᠷ ᠲᠠᠯ᠎ᠠ ᠶᠢᠨ ᠰᠢᠭᠤᠳ ᠴᠢᠰᠤᠨ ᠲᠥᠷᠥᠯ ᠨᠢ ᠨᠢᠭᠡ ᠢᠵᠢ ᠣᠷᠣᠨ ᠰᠠᠭᠤᠴᠠ ᠠᠴᠠ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠪᠠ ᠨᠢᠭᠡ ᠤᠳᠠᠭ᠎ᠠ ᠵᠢᠭᠡᠯᠡᠯᠭᠡ ᠠᠪᠴᠤ ᠪᠣᠯᠤᠨ᠎ᠠ᠃ | 2᠂ ᠣᠷᠣᠨ ᠰᠠᠭᠤᠴᠠ ᠶᠢ ︽ᠪᠦᠷᠢᠨ ᠵᠠᠰᠠᠵᠤ ᠴᠢᠮᠡᠭᠯᠡᠬᠦ︾ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠲᠥᠷᠥ ᠶᠢᠨ | ᠪᠣᠳᠣᠯᠭ᠎ᠠ ᠶᠢᠨ ᠲᠥᠪ ᠭᠤᠤᠯᠴᠢ ᠴᠢᠨᠠᠷ ᠢ ᠪᠠᠲᠤᠯᠠᠬᠤ ᠶᠢᠨ ᠲᠤᠰᠠᠳᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ | ᠲᠤᠭ᠎ᠠ ᠬᠡᠮᠵᠢᠶ᠎ᠡ ᠶᠢ ᠣᠷᠣᠨ ᠰᠠᠭᠤᠴᠠ ᠶᠢ ︽ᠪᠦᠷᠢᠨ ᠵᠠᠰᠠᠵᠤ ᠴᠢᠮᠡᠭᠯᠡᠬᠦ︾ ᠢᠶᠠᠷ ᠨᠢᠭᠡᠳᠦᠯᠲᠡᠶ ᠬᠢᠨᠠᠨ ᠲᠣᠭᠲᠠᠭᠠᠨ᠎ᠠ᠃ ᠵᠠᠰᠠᠵᠤ ᠴᠢᠮᠡᠭᠯᠡᠭᠡᠳᠦᠢ ᠣᠷᠣᠨ | ᠰᠠᠭᠤᠴᠠ ᠶᠢ ᠬᠤᠳᠠᠯᠳᠤᠨ ᠠᠪᠤᠭᠰᠠᠨ ᠲᠤᠰᠢᠶᠠᠨ ᠬᠠᠳᠠᠭᠠᠯᠠᠭᠴᠢ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ | ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠠᠰᠠᠯ ᠴᠢᠮᠡᠭᠯᠡᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠰᠠᠯ | ᠴᠢᠮᠡᠭᠯᠡᠯ ᠤᠨ ᠵᠢᠭᠡᠯᠡᠯᠭᠡ ᠭᠤᠶᠤᠴᠢᠯᠠᠬᠤ ᠳᠤ ᠬᠡᠷᠡᠭᠯᠡᠵᠦ ᠪᠣᠯᠤᠨ᠎ᠠ᠂ ᠭᠠᠷᠭᠠᠨ ᠠᠪᠤᠭᠰᠠᠨ ᠪᠠ ᠵᠢᠭᠡᠯᠡᠭᠦᠯᠦᠭᠰᠡᠨ ᠪᠥᠬᠦ ᠲᠤᠭ᠎ᠠ ᠨᠢ ᠬᠤᠳᠠᠯᠳᠤᠨ ᠠᠪᠤᠭᠰᠠᠨ ᠣᠷᠣᠨ | ᠰᠠᠭᠤᠴᠠ ᠶᠢᠨ ᠪᠥᠬᠦ ᠦᠨ᠎ᠡ ᠶᠢᠨ 25 % ᠠᠴᠠ ᠬᠡᠲᠦᠷᠡᠵᠦ ᠪᠣᠯᠬᠤ ᠥᠭᠡᠢ᠃ ᠵᠠᠰᠠᠵᠤ ᠴᠢᠮᠡᠭᠯᠡᠬᠦ ᠵᠢᠭᠡᠯᠡᠯᠭᠡ ᠳᠤ ᠵᠥᠪᠬᠡᠨ ᠪᠡᠯᠡᠨ ᠭᠡᠷ ᠢ ᠪᠠᠷᠢᠴᠠᠭᠠᠯᠠᠬᠤ᠂ | ᠳᠠᠨᠵᠢᠯᠠᠬᠤ ᠪᠠ ᠪᠠᠲᠤᠯᠠᠭᠴᠢ ᠳᠠᠭᠠᠭᠠᠯᠲᠠ ᠬᠢᠬᠦ ᠠᠷᠭ᠎ᠠ ᠮᠠᠶ᠋ᠢᠭ ᠢ ᠬᠡᠷᠡᠭᠯᠡᠨ᠎ᠡ᠃ | 3᠂ ᠮᠠᠨ ᠤ ᠣᠷᠣᠨ ᠬᠠᠬᠢᠷ ᠬᠦᠢᠳᠡᠨ ᠭᠠᠵᠠᠷ ᠣᠷᠣᠨ ᠳᠤ ᠣᠷᠣᠰᠢᠵᠤ ᠪᠠᠶᠢᠬᠤ ᠶᠢ ᠦᠨᠳᠦᠰᠦᠯᠡᠨ᠂ ᠬᠡᠷ ᠪᠦᠯᠢ ᠶᠢᠨ ᠲᠡᠷᠭᠡ ᠬᠥᠰᠬᠡ ᠶᠢᠨ ᠡᠪᠦᠯ ᠤᠨ | ᠤᠯᠠᠷᠢᠯ ᠳᠤ ᠬᠡᠪ ᠤᠨ ᠬᠡᠷᠡᠭᠯᠡᠯᠲᠡ ᠶᠢ ᠪᠠᠲᠤᠯᠠᠬᠤ ᠶᠢᠨ ᠲᠤᠰᠠᠳᠠ᠂ ᠲᠤᠰᠢᠶᠠᠨ ᠬᠠᠳᠠᠭᠠᠯᠠᠭᠤᠯᠤᠭᠴᠢ ᠠᠴᠠ ᠨᠢᠭᠡ ᠬᠤᠷᠢᠶᠠᠯᠠᠯ ᠠᠴᠠ ᠬᠤᠳᠠᠯᠳᠤᠨ ᠠᠪᠤᠭᠰᠠᠨ | ᠲᠡᠷᠭᠡᠨ ᠵᠤᠭᠰᠤᠭᠠᠯ᠂ ᠭᠠᠵᠠᠷ ᠳᠣᠤᠷᠠᠬᠢ ᠲᠡᠷᠭᠡᠨ ᠵᠣᠭᠰᠣᠭᠠᠯ ᠬᠤᠳᠠᠯᠳᠤᠨ ᠠᠪᠬᠤ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠭᠠᠷᠭᠠᠨ ᠠᠪᠬᠤ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠬᠤ ᠬᠡᠪᠴᠢᠶᠡᠨ ᠳᠤ ᠣᠷᠣᠭᠤᠯᠤᠨ᠎ᠠ᠃ | 4᠂ ᠣᠨᠳᠣᠤ ᠭᠠᠵᠠᠷ ᠤᠨ ᠬᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠳᠤ ︽ᠤᠷᠢᠳᠠᠪᠠᠷ ᠭᠠᠷᠭᠠᠨ ᠠᠪᠴᠤ ᠳᠠᠷᠠᠭ᠎ᠠ ᠨᠢ ᠵᠢᠭᠡᠯᠡᠯᠭᠡ ᠬᠢᠬᠦ︾ | ᠲᠣᠭᠲᠠᠭᠠᠯ ᠢ ᠬᠡᠷᠡᠭᠵᠢᠭᠦᠯᠵᠦ᠂ ᠪᠣᠶ ᠪᠥᠬᠦᠶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠤᠭᠴᠢ ᠲᠤᠰᠢᠶᠠᠨ | ᠬᠠᠳᠠᠭᠠᠯᠠᠭᠤᠯᠬᠤ ᠭᠠᠵᠠᠷ ᠪᠤᠶᠤ ᠬᠡᠷ ᠪᠠᠶᠢᠰᠢᠩ ᠬᠤᠳᠠᠯᠳᠤᠨ ᠠᠪᠬᠤ ᠭᠠᠵᠠᠷ ᠠᠴᠠ ᠵᠢᠭᠡᠯᠡᠯᠭᠡ ᠠᠪᠴᠤ ᠪᠣᠯᠤᠨ᠎ᠠ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢᠭᠡᠪᠦᠷᠢ ᠨᠢ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠳᠤ ᠬᠠᠮᠵᠢᠯᠴᠠᠨ ᠪᠠᠶᠢᠴᠠᠭᠠᠬᠤ | ᠲᠣᠭᠲᠠᠴᠠ ᠶᠢ ᠪᠠᠶᠢᠭᠤᠯᠤᠨ᠂ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠪᠠ ᠳᠠᠮᠵᠢᠭᠤᠯᠵᠤ᠂ | ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠰᠠᠭᠠᠳ ᠦᠭᠡᠶ | ᠨᠡᠪᠲᠡᠷᠡᠬᠦ᠂ ᠦᠢᠯᠡᠴᠢᠯᠡᠭᠡᠨ ᠢ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠨ᠎ᠠ᠃ | 5᠂ ᠲᠤᠰᠢᠶᠠᠨ ᠬᠠᠳᠠᠭᠠᠯᠠᠭᠤᠯᠤᠭᠴᠢ ᠰᠦᠯᠵᠢᠶᠡᠨ ᠳᠡᠭᠡᠷ᠎ᠡ ᠪᠣᠷᠣᠯᠠᠭᠤᠯᠬᠤ ᠨᠥᠬᠦᠴᠡᠯ ᠥᠬᠡᠶ ᠣᠷᠣᠨ ᠰᠠᠭᠤᠴᠠ ᠶᠢ ᠬᠤᠳᠠᠯᠳᠤᠨ ᠠᠪᠤᠭᠰᠠᠨ ᠪᠠᠶᠢᠪᠠᠯ᠂ | ᠬᠡᠷᠪᠡ ᠬᠡᠷ ᠪᠠᠶᠢᠰᠢᠩ ᠬᠤᠳᠠᠯᠳᠤᠬᠤ ᠨᠢᠭᠡᠴᠡ ᠯᠦᠭᠡ ᠲᠣᠭᠲᠠᠭᠰᠠᠨ ︽ᠲᠠᠸᠠᠷ ᠤᠨ ᠪᠠᠶᠢᠰᠢᠩ ᠢ ᠠᠷᠠᠯᠵᠢᠶᠠᠯᠠᠬᠤ ᠭᠡᠷ᠎ᠡ︾᠂ ᠲᠣᠭᠲᠠᠭᠠᠭᠰᠠᠨ ᠬᠠᠷᠢᠴᠠᠯ ᠠᠴᠠ | ᠳᠣᠤᠷ᠎ᠠ ᠥᠬᠡᠶ ᠥᠯᠥ ᠬᠥᠳᠡᠯᠬᠦ ᠬᠥᠷᠥᠩᠭᠡ ᠶᠢ ᠪᠣᠷᠣᠯᠠᠭᠤᠯᠬᠤ ᠲᠤᠰᠬᠠᠶ ᠪᠠᠷᠢᠮᠲᠠ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠵᠤ ᠳᠡᠶᠢᠯᠬᠦ᠂ ᠡᠰᠡᠬᠦᠯ᠎ᠡ | ᠬᠠᠮᠲᠤ ᠪᠠᠷ ᠬᠤᠳᠠᠯᠳᠤᠨ ᠠᠪᠬᠤ ᠨᠢᠭᠡᠴᠡ ᠠᠴᠠ ᠱᠠᠲᠤ ᠦᠶ᠎ᠡ ᠶᠢᠨ ᠴᠢᠨᠠᠷᠲᠠᠶ ᠳᠠᠭᠠᠭᠠᠯᠲᠠ ᠬᠠᠩᠭᠠᠵᠤ᠂ ᠪᠠᠶᠢᠴᠠᠭᠠᠯᠲᠠ ᠪᠠᠷ ᠳᠡᠮᠵᠢᠨ ᠬᠡᠷ ᠪᠠᠶᠢᠰᠢᠩ ᠬᠤᠳᠠᠯᠳᠤᠨ | ᠠᠪᠤᠭᠰᠠᠨ ᠠᠵᠢᠯᠯᠠᠭ᠎ᠠ ᠨᠢ ᠦᠨᠡᠨ ᠪᠣᠳᠠᠲᠠᠶ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠬᠠᠩᠭᠠᠵᠤ ᠪᠣᠯᠤᠨ᠎ᠠ᠂ | ᠭᠡᠪᠡᠴᠦ ᠪᠤᠰᠤᠳ ᠪᠡᠯᠡᠨ ᠬᠡᠷ ᠪᠠᠶᠢᠰᠢᠩ ᠢᠶᠠᠷ ᠪᠠᠷᠢᠴᠠᠭᠠᠯᠠᠬᠤ᠂ ᠳᠠᠨᠵᠢᠯᠠᠬᠤ᠂ ᠡᠰᠡᠬᠦᠯ᠎ᠡ ᠪᠠᠲᠤᠯᠠᠭᠴᠢ ᠪᠠᠷ ᠳᠠᠭᠠᠭᠠᠯᠲᠠ ᠬᠢᠯᠭᠡᠬᠦ ᠴᠢᠬᠤᠯᠠᠲᠠᠶ᠃ | 6᠂ ︽ᠲᠠᠩᠰᠠᠨ ᠠᠴᠠ ᠬᠠᠰᠤᠵᠤ ᠵᠢᠭᠡᠯᠡᠯᠭᠡ ᠪᠤᠴᠠᠭᠠᠬᠤ︾ ᠲᠤᠬᠠᠶᠢᠯᠠᠭᠰᠠᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠢᠯ ᠪᠦᠷᠢ ᠠᠳᠠᠭ ᠲᠠᠭᠠᠨ ᠨᠢᠭᠡ | ᠤᠳᠠᠭ᠎ᠠ ᠲᠤᠯᠭᠠᠨ ᠬᠠᠰᠤᠵᠤ᠂ ᠨᠥᠬᠦᠴᠡᠯ ᠲᠠᠢ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠰᠠᠷ᠎ᠠ ᠪᠦᠷᠢ ᠲᠤᠯᠭᠠᠨ ᠬᠠᠰᠤᠵᠤ ᠵᠢᠭᠡᠯᠡᠯᠭᠡ ᠪᠤᠴᠠᠭᠠᠬᠤ ᠬᠡᠷᠡᠭᠲᠡᠶ᠃ | | 7᠂ ᠪᠠᠶᠢᠭᠤᠯᠵᠦ ᠪᠠᠶᠢᠭ᠎ᠠ ᠪᠠᠶᠢᠰᠢᠩ ᠤᠨ ᠪᠠᠷᠢᠴᠠᠭᠠᠳᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠠᠷᠠᠬᠠᠨ | ᠬᠡᠷᠡᠭᠵᠢᠭᠦᠯᠦᠭᠡᠳᠦᠶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠦᠴᠢᠷᠳᠡᠯ ᠢ ᠢᠯᠡᠨ | ᠳᠠᠪᠠᠵᠤ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠪᠠᠶᠢᠭᠤᠯᠵᠦ ᠪᠠᠶᠢᠭ᠎ᠠ ᠪᠠᠶᠢᠰᠢᠩ ᠤᠨ ᠵᠢᠭᠡᠯᠡᠯᠭᠡ ᠶᠢᠨ ᠪᠠᠲᠤᠯᠠᠭ᠎ᠠ ᠶᠢᠨ ᠮᠥᠩᠭᠦ ᠶᠢᠨ | ᠲᠣᠭᠲᠠᠭᠠᠯ ᠢ ᠦᠯᠦ ᠬᠡᠷᠡᠭᠵᠢᠭᠦᠯᠦᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠢᠨ᠎ᠡ ᠪᠠᠲᠤᠯᠠᠭ᠎ᠠ ᠶᠢᠨ ᠠᠷᠭ᠎ᠠ ᠮᠠᠶ᠋ᠢᠭ ᠢᠶᠠᠨ ᠥᠪᠡᠷᠲᠡᠭᠡᠨ ᠵᠠᠰᠠᠬᠤ ᠣᠷᠣᠨ ᠳᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | 8᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠴᠤ ᠬᠡᠷ ᠤᠨ ᠲᠦᠷᠢᠶᠡᠰᠦ ᠳᠥᠯᠥᠬᠦ ᠲᠤᠬᠠᠶᠢᠯᠠᠭᠰᠠᠨ ᠠᠵᠢᠯ ᠢ | ᠥᠷᠨᠢᠭᠦᠯᠦᠨ᠎ᠡ᠃ ᠲᠤᠰᠢᠶᠠᠨ ᠬᠠᠳᠠᠭᠠᠯᠠᠭᠤᠯᠤᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠵᠠᠯᠭᠠᠭ᠎ᠠ ᠪᠠᠷ ᠲᠤᠭ᠎ᠠ ᠶᠣᠰᠣᠭᠠᠷ | ᠭᠦᠢᠴᠡᠳ ᠲᠤᠰᠢᠶᠠᠨ ᠬᠠᠳᠠᠭᠠᠯᠠᠭᠠᠳ ᠪᠦᠬᠦᠯᠢ 3 ᠰᠠᠷ᠎ᠠ ᠪᠣᠯᠵᠣ᠂ ᠲᠣᠰ ᠬᠥᠮᠦᠨ ᠵᠢᠴᠢ ᠬᠤᠯᠪᠣᠰᠤ ᠨᠢ ᠦᠨᠡᠨ ᠬᠦ ᠲᠤᠰᠢᠶᠠᠨ ᠬᠠᠳᠠᠭᠠᠯᠠᠭᠤᠯᠤᠭᠰᠠᠨ ᠭᠠᠵᠠᠷ᠂ | ᠠᠵᠢᠯᠯᠠᠬᠤ ᠭᠠᠵᠠᠷ ᠲᠤ ᠥᠪᠡᠷ ᠤᠨ ᠣᠷᠣᠨ ᠰᠠᠭᠤᠴᠠ ᠥᠬᠡᠶ ᠪᠥᠭᠡᠳ ᠪᠠᠶᠢᠰᠢᠩ ᠲᠦᠷᠢᠶᠡᠰᠦᠯᠡᠵᠦ ᠪᠠᠶᠢᠪᠠᠯ᠂ ᠲᠣᠰ ᠬᠥᠮᠦᠨ ᠵᠢᠴᠢ ᠬᠤᠯᠪᠣᠰᠤ ᠶᠢᠨ ᠢᠶᠠᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠬᠡᠷ ᠤᠨ ᠲᠦᠷᠢᠶᠡᠰᠦ ᠪᠠᠨ ᠳᠥᠯᠥᠵᠦ ᠪᠣᠯᠤᠨ᠎ᠠ᠃ ᠠᠵᠢᠯᠲᠠᠨ ᠣᠯᠠᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠳᠤ᠂ ᠬᠡᠷ ᠪᠦᠯᠢ ᠶᠢᠨ ᠵᠢᠯ ᠳᠤ ᠭᠠᠷᠭᠠᠨ ᠠᠪᠬᠤ ᠨᠡᠶᠢᠳᠡ ᠲᠤᠭ᠎ᠠ ᠶᠢ ᠲᠤᠬᠠᠶ ᠶᠢᠨ ᠵᠢᠯ ᠤᠨ | ᠪᠣᠳᠠᠲᠠᠶ ᠪᠠᠶᠢᠰᠢᠩ ᠤᠨ ᠲᠦᠷᠢᠶᠡᠰᠦᠨ ᠤ ᠵᠠᠷᠤᠯᠭ᠎ᠠ ᠶᠢᠨ ᠲᠤᠭ᠎ᠠ ᠠᠴᠠ ᠬᠡᠲᠦᠷᠡᠭᠦᠯᠵᠦ ᠪᠣᠯᠬᠤ ᠥᠬᠡᠶ︔ ᠲᠠᠸᠠᠷ ᠤᠨ ᠣᠷᠣᠨ ᠰᠠᠭᠤᠴᠠ ᠲᠦᠷᠢᠶᠡᠰᠦᠯᠡᠨ | ᠰᠠᠭᠤᠬᠤ ᠳᠤ ᠡᠷᠦᠬᠡ ᠪᠦᠷᠢ ᠶᠢᠨ ᠵᠢᠯ ᠪᠦᠷᠢ ᠶᠢᠨ ᠭᠠᠷᠭᠠᠵᠤ ᠠᠪᠬᠤ ᠲᠤᠭ᠎ᠠ ᠬᠡᠮᠵᠢᠶ᠎ᠡ ᠶᠢ ᠡᠯ᠎ᠡ ᠭᠠᠵᠠᠷ ᠤᠨ ᠬᠠᠮᠢᠶᠠᠷᠤᠯᠲᠠ ᠶᠢᠨ ᠲᠥᠪ ᠠᠴᠠ ᠲᠤᠬᠠᠶ ᠶᠢᠨ | ᠭᠠᠵᠠᠷ ᠤᠨ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢ ᠦᠨᠳᠦᠰᠦᠯᠡᠨ ᠲᠣᠭᠲᠠᠭᠠᠨ᠎ᠠ᠃ | 9᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠥᠬᠡᠶ ᠲᠤᠰᠢᠶᠠᠨ ᠬᠠᠳᠠᠭᠠᠯᠠᠭᠤᠯᠤᠭᠴᠢ ᠠᠴᠠ ᠲᠣᠰ ᠬᠥᠮᠦᠨ | ᠪᠤᠶᠤ ᠬᠡᠷ ᠪᠦᠯᠢ ᠶᠢᠨ ᠪᠦᠷᠢᠯᠳᠦᠬᠦᠨ ᠤ ᠡᠪᠡᠳᠴᠢᠨ ᠤ ᠪᠠᠶᠢᠳᠠᠯ ᠢ ᠣᠨᠣᠰᠢᠯᠠᠭᠰᠠᠨ ᠭᠡᠷᠡᠴᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠦᠨᠳᠦ | ᠡᠪᠡᠳᠴᠢᠨ ᠤ ᠬᠡᠪᠴᠢᠶᠡᠨ ᠳᠤ ᠬᠠᠷᠢᠶᠠᠯᠠᠭᠳᠠᠬᠤ ᠪᠤᠶᠤ ᠲᠤᠬᠠᠶ ᠶᠢᠨ ᠵᠢᠯ ᠳᠤ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ︵ᠡᠭᠦᠳᠡᠨ ᠡᠮᠨᠡᠯᠭᠡ ᠶᠢᠨ ᠵᠠᠷᠤᠳᠠᠯ | ᠪᠠᠭᠲᠠᠨ᠎ᠠ︶ ᠤᠨ ᠪᠠᠷᠢᠮᠲᠠ ᠨᠢ 2 ᠲᠦᠮᠡᠨ ᠲᠥᠭᠦᠷᠢᠭ ︵2 ᠲᠦᠮᠡᠨ ᠲᠥᠭᠦᠷᠢᠭ ᠪᠠᠭᠲᠠᠨ᠎ᠠ︶ ᠢ ᠳᠠᠪᠠᠭᠰᠠᠨ ᠪᠠᠶᠢᠪᠠᠯ᠂ ᠫᠢᠶᠣᠣ ᠪᠠᠷᠢᠮᠲᠠ ᠪᠠᠷ ᠵᠶ᠋ᠠᠨᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠴᠤ ᠪᠣᠯᠤᠨ᠎ᠠ᠂ ᠭᠠᠷᠭᠠᠨ ᠠᠪᠬᠤ ᠲᠤᠭ᠎ᠠ ᠬᠡᠮᠵᠢᠶ᠎ᠡ ᠨᠢ ᠲᠣᠰ ᠵᠢᠯ ᠤᠨ ᠬᠤᠪᠢ | ᠬᠥᠮᠦᠨ ᠤ ᠡᠭᠦᠷᠭᠡᠯᠡᠬᠦ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠲᠤᠭ᠎ᠠ ᠠᠴᠠ ᠬᠡᠲᠦᠷᠡᠵᠦ ᠪᠣᠯᠬᠤ ᠥᠬᠡᠶ᠃ | ︵ᠬᠤᠶᠠᠷ︶ ᠵᠢᠭᠡᠯᠡᠯᠭᠡ ᠶᠢᠨ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ | 1᠂ ᠡᠯ᠎ᠡ ᠬᠠᠮᠢᠶᠠᠷᠤᠯᠲᠠ ᠶᠢᠨ ᠲᠥᠪ ᠤᠨ ᠠᠵᠢᠯ ᠲᠥᠷᠥᠯ ᠤᠨ ᠰᠠᠯᠪᠤᠷᠢ ᠪᠠᠶᠢᠭᠤᠯᠤᠮᠵᠢ ᠶᠢᠨ ᠵᠢᠭᠡᠯᠡᠯᠭᠡ ᠶᠢᠨ ᠬᠢᠵᠠᠭᠠᠷᠯᠠᠬᠤ ᠲᠤᠭ᠎ᠠ ᠨᠢ ᠪᠠᠶᠢᠰᠢᠩ | ᠬᠤᠳᠠᠯᠳᠤᠨ ᠠᠪᠤᠭᠴᠢ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢᠨ ᠲᠥᠪ ᠤᠨ ᠬᠡᠷᠡᠭᠵᠢᠭᠦᠯᠦᠭᠰᠡᠨ ᠲᠤᠭ᠎ᠠ ᠬᠡᠮᠵᠢᠶ᠎ᠡ ᠠᠴᠠ ᠳᠣᠣᠷ᠎ᠠ ᠪᠠᠶᠢᠵᠤ ᠪᠣᠯᠬᠤ ᠦᠭᠡᠶ᠃ | | 2᠂ ᠵᠢᠭᠡᠯᠡᠯᠭᠡ ᠶᠢᠨ ᠬᠢᠵᠠᠭᠠᠷ ᠲᠤᠭ᠎ᠠ ᠶᠢ ᠬᠠᠷᠠᠬᠠᠨ ᠳᠡᠭᠡᠭᠰᠢᠯᠡᠭᠦᠯᠦᠭᠡᠳᠦᠶ ᠬᠠᠮᠢᠶᠠᠷᠤᠯᠲᠠ ᠶᠢᠨ ᠲᠥᠪ ᠲᠤ 6 ᠳ᠋ᠤᠭᠠᠷ ᠰᠠᠷ᠎ᠠ ᠶᠢᠨ 30 ᠤ ᠡᠳᠦᠷ ᠠᠴᠠ | ᠡᠮᠦᠨ᠎ᠡ ᠲᠣᠬᠢᠷᠠᠭᠤᠯᠤᠯᠲᠠ ᠬᠢᠵᠦ ᠳᠠᠭᠤᠰᠬᠠᠬᠤ ᠬᠡᠷᠡᠭᠲᠡᠶ᠃ | ︵ᠭᠤᠷᠪᠠ︶ ᠭᠠᠷᠭᠠᠨ ᠠᠪᠬᠤ ᠪᠠ ᠵᠢᠭᠡᠯᠡᠯᠭᠡ ᠲᠠᠯᠪᠢᠬᠤ ᠪᠠᠷᠢᠮᠵᠢᠶ᠎ᠠ ᠶᠢ ᠪᠠᠭᠤᠷᠠᠭᠤᠯᠤᠨ᠎ᠠ᠃ | 1᠂ ᠢᠲᠡᠭᠡᠮᠵᠢ ᠶᠢᠨ ᠲᠡᠮᠳᠡᠭᠯᠡᠯ ᠨᠢ ᠰᠠᠶᠢᠨ ᠵᠣᠭᠤᠰ ᠵᠢᠭᠡᠯᠡᠭᠴᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠠᠵᠢᠯ ᠠᠴᠠ ᠪᠠᠭᠤᠭᠰᠠᠨ ᠤ ᠳᠠᠷᠠᠭᠠᠬᠢ 5 ᠵᠢᠯ | ᠬᠦᠷᠲᠡᠯ᠎ᠡ ᠤᠷᠲᠤᠳᠬᠠᠵᠤ ᠪᠣᠯᠤᠨ᠎ᠠ᠃ | 2᠂ ᠵᠣᠭᠤᠰ ᠵᠢᠭᠡᠯᠡᠭᠴᠢ ᠶᠢᠨ ᠵᠢᠭᠡᠯᠡᠯᠭᠡ ᠪᠠᠨ ᠪᠤᠴᠠᠭᠠᠬᠤ ᠴᠢᠳᠠᠪᠤᠷᠢ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠠᠭᠤᠵᠢᠭᠤ ᠲᠠᠯᠪᠢᠨ᠎ᠠ᠃ ᠰᠠᠷ᠎ᠠ | ᠪᠦᠷᠢ ᠶᠢᠨ ᠪᠤᠴᠠᠭᠠᠬᠤ ᠵᠣᠭᠤᠰ ᠤᠨ ᠲᠤᠭ᠎ᠠ ᠨᠢ ᠵᠣᠭᠤᠰ ᠵᠢᠭᠡᠯᠡᠭᠴᠢ ᠶᠢᠨ ᠭᠡᠷ ᠪᠦᠯᠢ ᠶᠢᠨ ᠴᠠᠯᠢᠩ ᠤᠨ ᠣᠷᠣᠯᠭ᠎ᠠ ᠶᠢᠨ 60 % ᠠᠴᠠ ᠬᠡᠲᠦᠷᠡᠭᠰᠡᠨ ᠦᠭᠡᠢ | ᠪᠠᠶᠢᠪᠠᠯ᠂ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠬᠤ ᠨᠥᠬᠦᠴᠡᠯ ᠳᠤ ᠨᠡᠶᠢᠴᠡᠭᠰᠡᠨ ᠢᠶᠠᠷ | ᠦᠵᠡᠨ᠎ᠡ᠃ | 3᠂ ᠮᠠᠨ ᠤ ᠣᠷᠣᠨ ᠤ ᠪᠠᠷᠢᠯᠭ᠎ᠠ ᠪᠠᠷᠢᠬᠤ ᠬᠤᠭᠤᠴᠠᠭ᠎ᠠ ᠣᠬᠤᠷ᠂ ᠦᠨᠳᠦᠷ ᠲᠠᠪᠬᠤᠷᠭᠠᠳᠦ ᠣᠷᠣᠨ ᠰᠠᠭᠤᠴᠠ ᠣᠯᠠᠰᠢᠷᠠᠵᠤ ᠪᠠᠶᠢᠭ᠎ᠠ ᠪᠣᠳᠠᠲᠤ ᠪᠠᠶᠢᠳᠠᠯ ᠢ | ᠦᠨᠳᠦᠰᠦᠯᠡᠨ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠵᠢᠭᠡᠯᠡᠯᠭᠡ ᠶᠢᠨ ᠭᠤᠶᠤᠴᠢᠯᠠᠯ ᠤᠨ ᠬᠦᠴᠦᠨ ᠲᠠᠢ ᠬᠤᠭᠤᠴᠠᠭ᠎ᠠ ᠶᠢ ᠬᠡᠷ ᠪᠠᠶᠢᠰᠢᠩ ᠬᠤᠳᠠᠯᠳᠤᠨ | ᠠᠪᠬᠤ ᠭᠡᠷ᠎ᠡ ᠲᠣᠭᠲᠠᠭᠰᠠᠨ ᠡᠳᠦᠷ ᠠᠴᠠ ᠡᠬᠢᠯᠡᠬᠦ ᠪᠤᠶᠤ ᠠᠩᠬ᠎ᠠ ᠲᠤᠰᠢᠶᠠᠬᠤ ᠵᠣᠭᠤᠰ ᠢᠶᠠᠨ ᠲᠤᠰᠢᠶᠠᠭᠰᠠᠨ ᠡᠳᠦᠷ ᠠᠴᠠ ᠡᠬᠢᠯᠡᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠬᠤ ᠡᠳᠦᠷ ᠪᠣᠯᠲᠠᠯ᠎ᠠ ᠠᠭᠤᠵᠢᠭᠤ ᠲᠠᠯᠪᠢᠵᠤ᠂ ᠣᠯᠠᠨ ᠳᠠᠪᠬᠤᠷᠭᠠᠲᠤ ᠣᠷᠣᠨ | ᠰᠠᠭᠤᠴᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠂ ᠦᠨᠳᠦᠷ ᠳᠠᠪᠬᠤᠷᠭᠠᠲᠤ ᠶᠢᠨ ᠣᠷᠣᠨ ᠰᠠᠭᠤᠴᠠ ᠶᠢ 4 ᠵᠢᠯ ᠠᠴᠠ ᠬᠡᠲᠦᠷᠡᠭᠦᠯᠵᠦ ᠪᠣᠯᠬᠤ ᠥᠬᠡᠶ︔ | ᠭᠠᠷ ᠲᠠᠮᠵᠢᠬᠤ ᠣᠷᠣᠨ ᠰᠠᠭᠤᠴᠠ ᠶᠢᠨ ᠵᠢᠭᠡᠯᠡᠯᠭᠡ ᠭᠤᠶᠤᠴᠢᠯᠠᠬᠤ ᠬᠦᠴᠦᠨ ᠲᠠᠢ ᠬᠤᠭᠤᠴᠠᠭ᠎ᠠ ᠶᠢ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ | ᠪᠦᠷᠢᠳᠦᠭᠦᠯᠦᠭᠰᠡᠨ ᠤ ᠳᠠᠷᠠᠭᠠᠬᠢ 2 ᠵᠢᠯ ᠤᠨ ᠳᠣᠲᠣᠷ᠎ᠠ ᠪᠣᠯᠭᠠᠨ ᠠᠭᠤᠵᠢᠭᠤ ᠲᠠᠯᠪᠢᠨ᠎ᠠ᠃ | 4᠂ ᠵᠣᠭᠤᠰ ᠵᠢᠭᠡᠯᠡᠭᠴᠢ ᠵᠢᠭᠡᠯᠡᠯᠭᠡ ᠶᠢᠨ ᠬᠤᠭᠤᠴᠠᠭᠠᠨ ᠳᠤ ᠳᠠᠭᠠᠭᠠᠭᠴᠢ ᠰᠣᠯᠢᠬᠤ ᠶᠢ ᠵᠥᠪᠰᠢᠶᠡᠷᠡᠨ᠎ᠡ᠂ ᠭᠡᠪᠡᠴᠦ ᠰᠣᠯᠢᠭᠰᠠᠨ ᠳᠠᠭᠠᠭᠠᠭᠴᠢ ᠨᠢ ᠡᠷᠬᠡᠪᠰᠢ | ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | 5᠂ ᠣᠨᠳᠣᠤ ᠭᠠᠵᠠᠷ ᠲᠤ ᠲᠤᠰᠢᠶᠠᠨ ᠬᠠᠳᠠᠭᠠᠯᠠᠭᠤᠯᠬᠤ ᠪᠠ ᠬᠠᠷᠢᠯᠴᠠᠨ ᠮᠡᠳᠡᠷᠡᠬᠦ ᠶᠢ ᠥᠷᠨᠢᠭᠦᠯᠦᠨ᠎ᠡ᠃ | ᠥᠩᠭᠡᠷᠡᠭᠰᠡᠨ ᠳᠤ ᠣᠨᠳᠣᠤ ᠭᠠᠵᠠᠷ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠵᠤ ᠬᠠᠳᠠᠭᠠᠯᠠᠭᠠᠳ᠂ ᠲᠣᠰ | ᠬᠤᠲᠠ ᠳᠤ ᠬᠠᠳᠠᠭᠠᠭᠤᠯᠤᠭᠰᠠᠨ ᠴᠠᠭ ᠨᠢ ᠪᠦᠬᠦᠯᠢ 6 ᠰᠠᠷ᠎ᠠ ᠪᠣᠯᠤᠭᠠᠳᠤᠶ ᠪᠠᠶᠢᠪᠠᠯ᠂ ᠲᠤᠰᠢᠶᠠᠵᠤ ᠬᠠᠳᠠᠭᠠᠯᠠᠭᠰᠠᠨ ᠴᠠᠭ ᠢ ᠨᠢ ᠤᠤᠯ ᠤᠨ ᠲᠤᠰᠢᠶᠠᠵᠤ | ᠬᠠᠳᠠᠭᠠᠯᠠᠭᠰᠠᠨ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠭᠠᠷᠭᠠᠭᠰᠠᠨ ᠲᠤᠰᠢᠶᠠᠵᠤ | ᠬᠠᠳᠠᠭᠠᠯᠠᠭᠰᠠᠨ ᠭᠡᠷᠡᠴᠢ ᠶᠢ ᠦᠨᠳᠦᠰᠦᠯᠡᠨ ᠨᠡᠶᠢᠯᠡᠭᠦᠯᠦᠨ ᠪᠤᠳᠤᠨ᠎ᠠ᠃ | 6᠂ ᠵᠢᠭᠡᠯᠡᠯᠭᠡ ᠶᠢ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠨ᠎ᠡ᠃ | ᠬᠠᠮᠢᠶᠠᠷᠤᠯᠲᠠ ᠶᠢᠨ ᠲᠥᠪ ᠨᠢ ᠵᠢᠭᠡᠯᠡᠯᠭᠡ ᠲᠠᠯᠪᠢᠬᠤ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠪᠡᠯᠡ ᠮᠥᠩᠭᠦ ᠶᠢᠨ ᠠᠮᠤᠷ ᠲᠦᠪᠰᠢᠨ ᠢ ᠪᠠᠲᠤᠯᠠᠭᠰᠠᠨ | ᠪᠠᠶᠢᠳᠠᠯ ᠳᠣᠣᠷ᠎ᠠ᠂ ᠮᠡᠳᠡᠭᠡ ᠵᠠᠩᠭᠢ ᠶᠢᠨ ᠰᠢᠰᠲ᠋ᠧᠮ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ᠂ ᠵᠣᠭᠤᠰ ᠵᠢᠭᠡᠯᠡᠭᠴᠢ ᠶᠢᠨ ᠭᠡᠷ ᠪᠠᠶᠢᠰᠢᠩ ᠬᠤᠳᠠᠯᠳᠤᠨ ᠠᠪᠬᠤ | ᠦᠢᠯᠡ ᠠᠵᠢᠯᠯᠠᠭ᠎ᠠ ᠶᠢ ᠣᠨᠣᠪᠴᠢᠲᠠᠶ ᠪᠥᠭᠡᠳ ᠦᠨᠡᠨ ᠪᠣᠳᠠᠲᠠᠶ ᠪᠠᠷ ᠮᠠᠭᠠᠳᠯᠠᠨ ᠲᠣᠭᠲᠠᠭᠠᠵᠤ᠂ ᠵᠣᠭᠤᠰ ᠵᠢᠭᠡᠯᠡᠭᠴᠢ ᠶᠢᠨ ᠵᠣᠭᠤᠰ ᠪᠤᠴᠠᠭᠠᠬᠤ ᠴᠢᠳᠠᠪᠤᠷᠢ ᠶᠢ | ᠦᠨᠡᠯᠡᠨ ᠵᠢᠱᠢᠵᠦ᠂ ᠵᠢᠭᠡᠯᠡᠯᠭᠡ ᠭᠦᠢᠴᠡᠳᠬᠡᠬᠦ ᠬᠤᠷᠳᠤᠴᠠ ᠶᠢ ᠲᠦᠷᠭᠡᠳᠭᠡᠨ᠎ᠡ᠃ | ︵ᠳᠥᠷᠪᠡ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠴᠤᠭᠯᠠᠭᠤᠯᠬᠤ ᠪᠠ ᠳᠣᠭᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ | | ᠬᠤᠪᠢ ᠬᠥᠮᠦᠨ ᠤ ᠵᠢᠭᠡᠯᠡᠯᠭᠡ ᠶᠢᠨ ᠪᠠᠯᠠ ᠮᠥᠩᠭᠦ ᠪᠠᠴᠢᠮ ᠪᠠᠶᠢᠭ᠎ᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠠᠴᠠ ᠪᠠᠯᠠ | ᠮᠥᠩᠭᠦ ᠰᠢᠯᠵᠢᠭᠦᠯᠦᠨ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠂ ᠪᠠᠯᠠ ᠮᠥᠩᠭᠦ ᠶᠢᠨ ᠬᠡᠷᠡᠭᠯᠡᠬᠦ ᠨᠣᠷᠮ᠎ᠠ ᠨᠢ 50 % ᠠᠴᠠ ᠳᠣᠷᠣᠭᠰᠢᠬᠢ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠭᠠᠷᠭᠠᠬᠤ | ᠪᠠᠯᠠ ᠮᠥᠩᠭᠦ ᠶᠢᠨ ᠲᠣᠬᠢᠷᠠᠭᠤᠯᠤᠯᠲᠠ ᠶᠢ ᠲᠠᠭᠠᠨ᠎ᠠ᠃ | ︵ᠲᠠᠪᠤ︶᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠭᠰᠣᠭᠠᠵᠤ᠂ ᠪᠡᠯᠡ ᠮᠥᠩᠭᠦ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ | 1᠂ ᠮᠡᠬᠡᠯᠡᠵᠦ ᠪᠠᠶᠢᠭᠠᠳ ᠵᠢᠭᠡᠯᠡᠯᠭᠡ ᠠᠪᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠴᠢᠩᠳᠠᠯᠠᠬᠤ᠂ ᠮᠡᠳᠡᠭᠡ | ᠵᠠᠩᠭᠢ ᠶᠢᠨ ᠨᠡᠪᠲᠡᠷᠡᠯᠴᠡᠬᠦ ᠶᠢ ᠴᠢᠩᠭᠠᠳᠬᠠᠬᠤ᠂ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠬᠦ᠂ ᠭᠤᠷᠪᠠᠳᠠᠬᠢ ᠡᠲᠡᠭᠡᠳ ᠠᠴᠠ ᠨᠤᠲᠠᠯᠠᠬᠤ ᠵᠡᠷᠭᠡ ᠠᠷᠭ᠎ᠠ ᠪᠠᠷᠢᠯ ᠢ | ᠠᠪᠴᠤ᠂ ᠲᠣᠭᠲᠠᠭᠠᠯ ᠠᠴᠠ ᠵᠥᠷᠢᠴᠡᠭᠰᠡᠨ ᠬᠡᠷᠡᠭ ᠡᠭᠦᠰᠬᠦ ᠶᠢ ᠪᠦᠲᠦᠮᠵᠢᠲᠡᠶ ᠬᠤᠷᠢᠭᠯᠠᠨ᠎ᠠ᠃ | 2᠂ ᠪᠡᠯᠡ ᠮᠥᠩᠭᠦ ᠣᠯᠭᠤᠬᠤ ᠶᠠᠪᠤᠴᠠ ᠢ ᠴᠢᠩᠳᠠᠯᠠᠵᠤ᠂ ᠣᠯᠭᠤᠬᠤ ᠲᠤᠬᠠᠶᠢᠯᠠᠭᠰᠠᠨ ᠠᠵᠢᠯ ᠨᠢᠭᠡᠪᠦᠷᠢ ᠳᠤ ᠪᠠᠩᠬᠢ ᠠᠴᠠ ᠣᠯᠭᠤᠬᠤ ᠭᠡᠷᠡᠴᠢ ᠪᠠᠷᠢᠮᠲᠠ᠂ | ᠪᠠᠶᠢᠴᠠᠭᠠᠬᠤ ᠭᠡᠷᠡᠴᠢ ᠪᠠᠷᠢᠮᠳᠠ ᠲᠠᠢ ᠪᠠᠶᠢᠬᠤ ᠬᠡᠷᠡᠭᠲᠡᠶ᠃ ᠳᠠᠩᠰᠠᠨ ᠳᠤ ᠬᠦᠷᠦᠭᠡᠳᠦᠶ ᠵᠦᠢᠯ ᠢ ᠪᠠᠭᠠᠰᠬᠠᠵᠤ᠂ ᠨᠢᠭᠡᠳ ᠨᠢᠭᠡ ᠪᠠᠷ ᠳᠠᠬᠢᠨ ᠬᠢᠨᠠᠵᠤ᠂ ᠡᠳᠦᠷ ᠪᠦᠷᠢ | ᠪᠦᠷᠢᠳᠭᠡᠵᠦ ᠰᠠᠷ᠎ᠠ ᠪᠦᠷᠢ ᠲᠤᠭᠤᠴᠠᠭ᠎ᠠ ᠬᠢᠨ᠎ᠡ᠃ | ᠭᠤᠷᠪᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ | 1᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠨᠣᠷᠮ᠎ᠠ 80% ᠬᠦᠷᠦᠭᠡᠳᠦᠢ ᠬᠠᠮᠢᠶᠠᠷᠤᠯᠳᠠ ᠶᠢᠨ ᠲᠦᠪ | ᠡᠷᠬᠡᠪᠡᠰᠢ ᠲᠡᠭᠡᠷᠡᠬᠢ ᠲᠤᠭᠳᠠᠭᠠᠯ ᠢ ᠬᠡᠷᠡᠭᠵᠢᠭᠦᠯᠦᠨ᠎ᠡ᠂ ᠨᠢᠭᠡᠨᠳᠡ 85% ᠠᠴᠠ ᠲᠡᠭᠡᠭᠰᠢ ᠬᠦᠷᠦᠭᠰᠡᠨ ᠬᠠᠮᠢᠶᠠᠷᠤᠯᠳᠠ ᠶᠢᠨ ᠲᠦᠪ ᠨᠢ ᠲᠤᠰ ᠤᠷᠤᠨ ᠤ ᠪᠤᠳᠠᠳᠦ | ᠪᠠᠶᠢᠳᠠᠯ ᠢᠶᠠᠨ ᠦᠨᠳᠦᠰᠦᠯᠡᠨ ᠲᠡᠭᠡᠷᠡᠬᠢ ᠲᠤᠭᠳᠠᠭᠠᠯ ᠢ ᠬᠡᠷᠡᠭᠵᠢᠭᠦᠯᠵᠦ ᠪᠤᠯᠤᠨ᠎ᠠ᠃ ᠪᠣᠳᠠᠲᠠᠶ ᠬᠡᠷᠡᠭᠵᠢᠭᠦᠯᠬᠦ ᠨᠠᠷᠢᠨ ᠳᠦᠷᠢᠮ ᠢ ᠡᠯ᠎ᠡ ᠭᠠᠵᠠᠷ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠭᠳᠠᠭᠠᠨ᠎ᠠ᠃ | 2᠂ ᠰᠢᠯᠭᠠᠨ ᠬᠢᠨᠠᠬᠤ ᠳᠤᠮᠳᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠷᠡᠭᠯᠡᠬᠦ ᠨᠣᠷᠮ᠎ᠠ ᠪᠠ ᠬᠡᠪᠴᠢᠶ᠎ᠡ ᠶᠢ | ᠥᠷᠭᠡᠳᠬᠡᠬᠦ ᠠᠵᠢᠯ ᠤᠨ ᠬᠤᠪᠢ ᠶᠢᠨ ᠥᠷᠲᠡᠭ ᠢ ᠨᠡᠮᠡᠭᠳᠡᠭᠦᠯᠵᠦ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠ ᠨᠡᠶᠢᠲᠡ ᠶᠢᠨ ᠪᠤᠰᠤ ᠠᠵᠤ | ᠠᠬᠤᠶᠢᠯᠠᠯ᠂ ᠬᠤᠲᠠ ᠪᠠᠯᠭᠠᠰᠤ ᠶᠢᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠴᠢᠯᠥᠭᠡᠲᠦ ᠠᠵᠢᠯ ᠬᠢᠭᠰᠡᠳ᠂ ᠬᠤᠲᠠ ᠣᠷᠣᠵᠤ ᠬᠦᠴᠦ | ᠶᠠᠪᠤᠭᠰᠠᠳ᠂ ᠨᠥᠬᠦᠴᠡᠯ ᠲᠠᠢ ᠮᠠᠯᠴᠢᠨ ᠲᠠᠷᠢᠶᠠᠴᠢᠳ ᠤᠨ ᠳᠤᠮᠳᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠢ | ᠪᠠᠶᠢᠭᠤᠯᠬᠤ ᠳᠤ ᠢᠳᠡᠪᠬᠢᠲᠡᠶ ᠰᠢᠨ᠎ᠡ ᠶᠢ ᠡᠭᠦᠳᠴᠦ ᠦᠨᠡᠨ ᠬᠦ ᠦᠷ᠎ᠡ ᠪᠦᠲᠦᠮᠵᠢ ᠣᠯᠤᠭᠰᠠᠨ ᠪᠠᠶᠢᠪᠠᠯ᠂ ᠬᠤᠪᠢ ᠨᠡᠮᠡᠵᠦ ᠵᠣᠷᠢᠭᠵᠢᠭᠤᠯᠤᠨ᠎ᠠ᠃ | 3᠂ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠳᠤ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠭᠠᠵᠠᠷ ᠣᠷᠣᠨ᠂ ᠠᠵᠢᠯ ᠲᠥᠷᠥᠯ ᠤᠨ ᠪᠠᠬᠢᠯᠡᠯᠲᠡ ᠶᠢ ᠡᠪᠳᠡᠵᠦ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠤᠭᠤᠷᠣᠨᠳᠣᠬᠢ | ᠬᠠᠮᠵᠢᠯᠴᠠᠭ᠎ᠠ ᠶᠢ ᠴᠢᠩᠭᠠᠳᠬᠠᠨ᠂ ᠪᠤᠶ ᠪᠦᠬᠦᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢᠳ ᠢ ᠣᠶᠢᠷ᠎ᠠ | ᠬᠠᠪᠢ ᠳᠠᠭᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠯᠭᠡᠵᠦ᠂ ᠦᠢᠯᠡᠴᠢᠯᠡᠭᠡ ᠪᠠ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠣᠨᠳᠣᠣ ᠭᠠᠵᠠᠷ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ ᠲᠥᠷᠥ ᠶᠢᠨ | ᠪᠣᠳᠣᠯᠭ᠎ᠠ ᠶᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠦᠭᠰᠡᠨ ᠦᠭᠡᠶ ᠪᠦᠬᠦᠨ ᠢ ᠥᠪᠡᠷᠲᠡᠭᠡᠨ ᠵᠠᠰᠠᠬᠤ ᠣᠷᠣᠨ ᠠᠴᠠ ᠮᠡᠳᠡᠭᠡᠯᠡᠨ ᠰᠢᠭᠦᠮᠵᠢᠯᠡᠬᠦ ᠶᠢᠨ ᠬᠠᠮᠲᠤ ᠬᠢᠨᠠᠨ | ᠰᠢᠯᠭᠠᠬᠤ ᠦᠶ᠎ᠡ ᠳᠤ ᠬᠤᠪᠢ ᠬᠠᠰᠤᠨ᠎ᠠ᠃ | ᠣᠳᠣᠬᠠᠨ ᠳᠤ᠂ ᠮᠠᠨ ᠤ ᠣᠷᠣᠨ ᠤ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠶᠢᠳᠠᠯ ᠬᠦᠨᠳᠦ ᠬᠡᠴᠡᠭᠦᠦ ᠪᠠᠶᠢᠬᠤ ᠶᠢᠨ ᠬᠠᠮᠲᠤ ᠣᠷᠣᠨ ᠰᠠᠭᠤᠴᠠ ᠨᠢ ᠬᠦᠴᠢᠷᠳᠡᠯᠲᠡᠶ ᠠᠵᠢᠯᠲᠠᠨ ᠶᠡᠭᠡ ᠬᠡᠮᠵᠢᠶ᠎ᠡ ᠪᠠᠷ ᠣᠷᠣᠰᠢᠵᠤ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠨᠤᠮᠠᠯ ᠤᠨ ᠬᠡᠮᠵᠢᠶ᠎ᠡ ᠨᠡᠮᠡᠭᠳᠡᠵᠦ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠᠷ ᠳᠠᠮᠵᠢᠭᠤᠯᠤᠨ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠯᠳᠠ ᠬᠦᠴᠦᠨ ᠢ ᠪᠠᠳᠠᠷᠠᠭᠤᠯᠵᠤ᠂ ᠠᠶᠤᠯ ᠲᠦᠭᠰᠢᠭᠦᠷᠢ ᠶᠢ ᠠᠷᠢᠯᠭᠠᠨ ᠬᠦᠴᠢᠷᠳᠡᠯ ᠢ | ᠰᠢᠢᠳᠪᠦᠷᠢᠯᠡᠵᠦ᠂ ᠬᠡᠷᠡᠭᠯᠡᠭᠡ ᠶᠢ ᠳᠠᠶᠢᠴᠢᠯᠠᠵᠤ᠂ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠᠲᠠᠶ ᠪᠠᠶᠢᠨ᠎ᠠ᠃ ᠡᠯ᠎ᠡ ᠠᠶᠢᠮᠠᠭ ᠬᠤᠲᠠ ᠶᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠪᠣᠯᠤᠨ ᠡᠯ᠎ᠡ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠲᠣᠰ ᠮᠡᠳᠡᠭᠳᠡᠯ ᠤᠨ ᠲᠣᠭᠲᠠᠭᠠᠯ ᠶᠣᠰᠣᠭᠠᠷ᠂ ᠬᠡᠷᠡᠭᠵᠢᠭᠦᠯᠬᠦ ᠨᠠᠷᠢᠨ ᠲᠦᠷᠢᠮ ᠢ | ᠬᠢᠨᠠᠮᠠᠭᠠᠶ ᠰᠤᠳᠤᠯᠵᠤ᠂ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠦᠨᠡᠨᠬᠦ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠵᠢᠯ ᠤᠨ | ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃ | | 2015 ᠣᠨ ᠤ 5 ᠳ᠋ᠤᠭᠠᠷ ᠰᠠᠷ᠎ᠠ ᠶᠢᠨ 4 ᠤ ᠡᠳᠦᠷ |