ᠥᠪᠥᠷ ᠪᠥᠲᠦᠭᠡᠨ ᠪᠠᠶᠢᠭᠤᠯᠤᠯᠲᠠ ᠲᠣᠰᠬᠤᠨ ︹ 2020 ︺ 31 ᠳ᠋ᠦ᠋ᠭᠡᠷ ᠲᠣᠭᠠᠲᠤ | | | ᠡᠯ᠎ᠡ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠬᠡᠬᠤᠲᠠ᠂ ᠪᠤᠭᠤᠲᠤ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠤᠨ ᠰᠢᠢᠳᠪᠦᠷᠢᠯᠡᠬᠦ ᠠᠵᠢᠯᠯᠠᠭᠠᠨ ᠤ ᠲᠣᠭᠲᠠᠴᠠ ᠪᠠᠶᠢᠭᠤᠯᠬᠤ ᠶᠢ | ᠢᠳᠡᠪᠬᠢᠲᠡᠢ ᠰᠦᠪᠡᠭᠴᠢᠯᠡᠨ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠬᠡᠮᠵᠢᠶ᠎ᠡ ᠶᠢ ᠪᠠᠭᠠᠰᠬᠠᠵᠤ᠂ ᠡᠬᠢ ᠪᠠᠶᠠᠯᠢᠭᠵᠢᠭᠤᠯᠵᠤ᠂ ᠬᠤᠤᠷ | ᠦᠭᠡᠶᠢᠳᠡᠭᠦᠯᠬᠦ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠤᠰᠠᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠤᠨ ᠲᠥᠰᠦᠯ︾ ᠢ ᠲᠣᠭᠲᠠᠭᠠᠵᠤ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ | ᠠᠬᠤᠶ ᠣᠷᠴᠢᠨ ᠲᠣᠭᠤᠷᠢᠨ ᠤ ᠲᠢᠩᠬᠢᠮ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ | ᠬᠤᠷᠰᠢᠶ᠎ᠠ | | 2020 ᠣᠨ ᠤ 2 ᠰᠠᠷ᠎ᠠ ᠶᠢᠨ 19 ᠤ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠲᠤᠷᠰᠢᠯᠲᠠ ᠶᠢᠨ ᠴᠡᠭ ᠤᠨ ᠲᠥᠰᠦᠯ | | ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠤᠨ ᠰᠢᠢᠳᠪᠦᠷᠢᠯᠡᠬᠦ ᠠᠵᠢᠯᠯᠠᠭᠠᠨ ᠤ ᠲᠣᠭᠲᠠᠴᠠ ᠪᠠᠶᠢᠭᠤᠯᠬᠤ ᠶᠢ | ᠢᠳᠡᠪᠬᠢᠲᠡᠢ ᠰᠦᠪᠡᠭᠴᠢᠯᠡᠨ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠬᠡᠮᠵᠢᠶ᠎ᠡ ᠶᠢ ᠪᠠᠭᠠᠰᠬᠠᠵᠤ᠂ ᠡᠬᠢ ᠪᠠᠶᠠᠯᠢᠭᠵᠢᠭᠤᠯᠵᠤ᠂ ᠬᠤᠤᠷ | ᠦᠭᠡᠶᠢᠳᠡᠭᠦᠯᠬᠦ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠤᠰᠠᠲᠠ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠤᠭ | ᠨᠣᠪᠰᠢ ᠶᠢ ᠲᠥᠷᠥᠯ ᠬᠤᠪᠢᠶᠠᠬᠤ ᠶᠢ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ | ᠪᠣᠯᠭᠠᠵᠤ᠂ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠂ | ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠬᠠᠰᠠᠨ ᠲᠠᠷᠢᠶᠠᠯᠠᠬᠤ | ᠮᠠᠯᠵᠢᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠢ ᠪᠣᠶ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ | ᠣᠷᠣᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ | ︵ᠬᠤᠶᠠᠷ︶ ᠦᠨᠳᠦᠰᠦᠨ ᠵᠠᠷᠴᠢᠮ | — ᠵᠠᠰᠠᠭ ᠤᠨ ᠣᠷᠳᠣᠨ ᠠᠴᠠ ᠠᠬᠢᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠨ᠎ᠠ᠃ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠥᠷᠨᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠮᠦᠨ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠪᠠ ᠨᠡᠶᠢᠭᠡᠮ ᠨᠡᠶᠢᠲᠡ ᠪᠠᠷ ᠢᠶᠠᠨ | ᠣᠷᠣᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠤᠬᠠᠮᠰᠠᠷ ᠢ | ᠴᠢᠩᠭᠠᠳᠬᠠᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠲᠥᠷᠥᠯ ᠬᠤᠪᠢᠶᠠᠬᠤ ᠳᠠᠳᠬᠠᠯ ᠲᠠᠢ ᠪᠤᠯᠭᠠᠵᠤ᠂ ᠪᠦᠬᠦ | ᠨᠡᠶᠢᠭᠡᠮ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠳᠤ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ | — ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠡᠯ᠎ᠡ ᠭᠠᠵᠠᠷ | ᠣᠷᠣᠨ ᠤ ᠬᠥᠮᠦᠨ ᠠᠮᠠ ᠶᠢᠨ ᠲᠠᠷᠬᠠᠯᠲᠠ᠂ ᠪᠠᠶᠢᠭᠠᠯᠢ ᠶᠢᠨ ᠨᠥᠬᠦᠴᠡᠯ᠂ ᠬᠥᠭᠵᠢᠯᠲᠡ ᠶᠢᠨ ᠬᠢᠷᠢ ᠬᠡᠮᠵᠢᠶ᠎ᠡ᠂ ᠵᠠᠮ ᠬᠠᠷᠢᠯᠴᠠᠭᠠᠨ ᠤ ᠣᠷᠣᠨ ᠪᠠᠶᠢᠷᠢ᠂ | ᠠᠮᠢᠳᠤᠷᠠᠯ ᠤᠨ ᠳᠠᠳᠬᠠᠯ᠂ ᠬᠤᠭ ᠨᠣᠪᠰᠢ ᠶᠢᠨ ᠪᠦᠷᠢᠯᠳᠦᠬᠦᠨ ᠵᠡᠷᠭᠡ ᠪᠠᠶᠢᠳᠠᠯ ᠢ ᠦᠨᠳᠦᠰᠦᠯᠡᠨ᠂ ᠬᠡᠷᠡᠭᠵᠢᠭᠦᠯᠬᠦ ᠵᠠᠮ ᠮᠥᠷ ᠢ ᠵᠦᠶ ᠵᠣᠬᠢᠰᠲᠠᠶ ᠲᠣᠭᠲᠠᠭᠠᠨ᠎ᠠ᠃ | — ᠴᠡᠭ ᠢᠶᠠᠷ ᠨᠡᠶᠢᠳᠡᠮ ᠢ ᠳᠠᠶᠢᠴᠢᠯᠠᠵᠤ᠂ ᠠᠯᠬᠤᠮ ᠬᠤᠪᠢᠶᠠᠨ ᠠᠬᠢᠭᠤᠯᠤᠨ᠎ᠠ᠃ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ | ᠰᠢᠢᠳᠪᠦᠷᠢᠯᠡᠬᠦ ᠵᠠᠷᠴᠢᠮ ᠶᠣᠰᠣᠭᠠᠷ᠂ ᠡᠯ᠎ᠡ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠢᠭᠡ ᠪᠦᠯᠦᠭ ᠮᠠᠯᠵᠢᠬᠤ ᠲᠠᠷᠢᠶᠠᠯᠠᠬᠤ | ᠣᠷᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ᠂ ᠵᠠᠮ ᠬᠠᠷᠢᠯᠴᠠᠭ᠎ᠠ ᠲᠡᠭᠡᠭᠡᠪᠦᠷᠢ ᠳᠥᠭᠦᠮ | ᠳᠥᠲᠡ᠂ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ᠂ ᠬᠤᠶᠠᠷ ᠵᠥᠪᠯᠡᠯ ᠤᠨ ᠤᠳᠤᠷᠢᠳᠬᠤ ᠪᠠᠭ ᠤᠨ ᠳᠠᠶᠢᠴᠢᠨ ᠬᠦᠴᠦᠨ ᠢᠶᠠᠷ ᠴᠢᠩᠭ᠎ᠠ ᠭᠠᠴᠠᠭ᠎ᠠ ᠲᠣᠰᠬᠤᠨ ᠢ | ᠤᠷᠢᠳ ᠢᠶᠠᠷ ᠰᠣᠩᠭᠤᠵᠤ᠂ ᠲᠤᠬᠠᠢ ᠶᠢᠨ ᠭᠠᠵᠠᠷ ᠤᠨ ᠪᠣᠳᠠᠲᠠᠶ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ | ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠤᠨ ᠵᠠᠭᠪᠤᠷ ᠢ ᠰᠦᠪᠡᠭᠴᠢᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠠᠯᠬᠤᠮ ᠠᠯᠬᠤᠮ ᠢᠶᠠᠷ | ᠲᠦᠯᠬᠢᠨ ᠠᠬᠢᠭᠤᠯᠤᠨ᠎ᠠ᠃ ᠨᠥᠬᠦᠴᠡᠯ ᠲᠠᠢ ᠪᠣᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠤᠬᠢᠷᠠᠭᠤᠯᠤᠨ ᠲᠣᠰ ᠲᠥᠰᠦᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ︵ᠭᠤᠷᠪᠠ︶ ᠡᠭᠦᠷᠭᠡ ᠬᠠᠷᠠᠯᠲᠠ | 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠢᠭᠡ ᠪᠦᠯᠦᠭ | ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ | ᠲᠤᠷᠰᠢᠯᠭ᠎ᠠ ᠠᠷᠭ᠎ᠠ ᠬᠢᠳᠡᠯ ᠢ ᠪᠣᠶ ᠪᠣᠯᠭᠠᠨ᠎ᠠ᠃ 2022 ᠣᠨ ᠪᠣᠯᠬᠤ ᠳᠤ᠂ ᠲᠠᠷᠢᠶᠠᠯᠠᠬᠤ ᠮᠠᠯᠵᠢᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳᠡᠯᠭᠡᠷᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠤᠭ ᠨᠣᠪᠰᠢ ᠶᠢ ᠲᠥᠷᠥᠯ | ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠬᠤᠭ ᠨᠣᠪᠰᠢ ᠶᠢ ᠲᠥᠷᠥᠯ ᠬᠤᠪᠢᠶᠠᠬᠤ ᠶᠢ ᠵᠦᠢ ᠵᠣᠬᠢᠰᠲᠠᠢ ᠥᠷᠨᠢᠭᠦᠯᠦᠨ᠎ᠡ | ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠦᠯ ᠬᠤᠪᠢᠶᠠᠨ ᠰᠢᠢᠳᠪᠦᠷᠢᠯᠡᠬᠦ | ᠳᠥᠷᠪᠡᠨ ᠭᠤᠭᠴᠤᠭ᠎ᠠ ᠶᠢ ᠡᠮᠦᠨ᠎ᠡ ᠬᠤᠶᠢᠨ᠎ᠠ ᠬᠤᠯᠪᠣᠭᠳᠠᠬᠤ ᠰᠢᠰᠲ᠋ᠧᠮᠲᠦ ᠢᠨᠵᠧᠨᠧᠷᠢᠭ ᠪᠣᠯᠭᠠᠵᠤ᠂ ᠡᠬᠢ ᠡᠭᠦᠰᠦᠯ ᠠᠴᠠ ᠨᠢ ᠲᠥᠷᠥᠯ ᠬᠤᠪᠢᠶᠠᠬᠤ ᠪᠠ ᠳᠠᠭᠠᠯᠲᠠ | ᠲᠡᠭᠡᠭᠡᠪᠦᠷᠢᠯᠡᠬᠦ᠂ ᠰᠢᠢᠳᠪᠦᠷᠢᠯᠡᠬᠦ ᠠᠷᠭ᠎ᠠ ᠮᠠᠶ᠋ᠢᠭ ᠢ ᠬᠠᠷᠢᠯᠴᠠᠨ ᠨᠢᠭᠡᠳᠬᠡᠬᠦ ᠬᠡᠷᠡᠭᠲᠡᠶ᠃ ᠳᠣᠤᠷᠠᠬᠢ ᠮᠡᠲᠦ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠵᠠᠭᠪᠤᠷ ᠢ ᠠᠪᠴᠤ ᠪᠣᠯᠤᠨ᠎ᠠ᠄ ᠨᠢᠭᠡ ᠳᠤ᠂ ᠡᠩ ᠲᠡᠷᠢᠭᠦᠨ ᠳᠤ ᠦᠢᠯᠡᠳᠪᠦᠷᠢᠯᠡᠯ ᠤᠨ ᠬᠤᠭ ᠨᠣᠪᠰᠢ ᠪᠠ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠵᠦ᠂ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠪᠠᠭᠠᠰᠤ ᠰᠢᠭᠡᠰᠦ᠂ ᠲᠣᠭᠤᠭᠠᠨ ᠭᠡᠷ ᠤᠨ ᠦᠯᠡᠳᠡᠭᠳᠡᠯ ᠪᠣᠳᠠᠰ᠂ | ᠬᠠᠶᠠᠭᠳᠠᠮᠠᠯ ᠨᠣᠭᠤᠭ᠎ᠠ ᠮᠣᠳᠣᠨ ᠨᠠᠪᠴᠢ ᠵᠡᠷᠭᠡ ᠶᠢ ᠬᠠᠷ᠎ᠠ ᠪᠣᠷᠳᠣᠭᠤᠷ ᠤᠨ ᠬᠤᠭ ᠨᠣᠪᠰᠢ ᠳᠤ ᠲᠥᠷᠦᠯᠵᠢᠭᠦᠯᠦᠨ᠂ ᠪᠣᠷᠳᠣᠭᠤᠷ ᠣᠪᠤᠭᠠᠯᠠᠬᠤ ᠵᠡᠷᠭᠡ ᠠᠷᠭ᠎ᠠ ᠪᠠᠷ | ᠡᠬᠢ ᠪᠠᠶᠠᠯᠢᠭᠵᠢᠭᠤᠯᠤᠨ ᠠᠰᠢᠭᠯᠠᠨ᠎ᠠ᠃ ᠬᠤᠶᠠᠷ ᠲᠤ᠂ ᠠᠮᠢᠳᠤᠷᠠᠯ ᠤᠨ ᠬᠤᠭ ᠨᠣᠪᠰᠢ ᠶᠢᠨ ᠳᠣᠲᠣᠷᠠᠬᠢ ᠬᠠᠶᠠᠭᠳᠠᠮᠠᠯ ᠴᠠᠭᠠᠰᠤ᠂ ᠰᠦᠯᠢᠶᠣᠣ ᠪᠦᠲᠦᠭᠡᠭᠳᠡᠬᠦᠨ᠂ | ᠰᠢᠯ ᠵᠡᠷᠭᠡ ᠶᠢ ᠬᠤᠷᠢᠶᠠᠨ ᠠᠪᠴᠤ ᠪᠣᠯᠬᠤ ᠬᠤᠭ ᠨᠣᠪᠰᠢ ᠳᠤ ᠲᠥᠷᠦᠯᠵᠢᠭᠦᠯᠦᠨ᠂ ᠡᠭᠡᠭᠦᠯᠦᠨ ᠬᠤᠷᠢᠶᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠠᠬᠢᠯᠲᠠ ᠡᠬᠢ | ᠪᠠᠶᠠᠯᠢᠭ ᠢᠶᠠᠷ ᠡᠭᠡᠭᠦᠯᠦᠨ ᠬᠤᠷᠢᠶᠠᠨ ᠠᠰᠢᠭᠯᠠᠨ᠎ᠠ᠃ ᠪᠤᠰᠤᠳ ᠠᠮᠢᠳᠤᠷᠠᠯ ᠤᠨ ᠬᠤᠭ ᠨᠣᠪᠰᠢ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠮᠢᠳᠤᠷᠠᠯ ᠤᠨ | ᠬᠤᠭ ᠨᠣᠪᠰᠢ ᠶᠢ ᠬᠤᠤᠷ ᠦᠭᠡᠶᠢᠳᠡᠭᠦᠯᠦᠨ ᠰᠢᠢᠳᠪᠦᠷᠢᠯᠡᠬᠦ ᠦᠢᠯᠡᠳᠪᠦᠷᠢ ᠪᠠᠷ ᠳᠠᠮᠵᠢᠭᠤᠯᠤᠨ ᠪᠤᠯᠠᠵᠤ ᠰᠢᠢᠳᠪᠦᠷᠢᠯᠡᠬᠦ ᠪᠣᠶᠤ ᠣᠶᠢᠷ᠎ᠠ ᠬᠠᠪᠢ ᠳᠤ ᠨᠢ ᠭᠢᠯᠪᠠᠭᠠᠲᠤ | ᠨᠡᠷᠡᠯᠲᠡ ᠶᠢᠨ ᠡᠷᠦᠳᠡᠰᠵᠢᠭᠦᠯᠬᠦ ᠵᠤᠤᠬ᠎ᠠ ᠵᠡᠷᠭᠡ ᠪᠡᠯᠡᠳᠬᠡᠮᠵᠢ ᠶᠢ ᠠᠰᠢᠭᠯᠠᠨ ᠰᠢᠢᠳᠪᠦᠷᠢᠯᠡᠨ᠎ᠡ᠃ ᠭᠤᠷᠪᠠ ᠳᠤ᠂ ᠲᠠᠷᠢᠶᠠᠨ ᠡᠮ ᠤᠨ ᠦᠯᠡᠳᠡᠭᠳᠡᠯ ᠡᠳ᠋᠂ ᠬᠠᠶᠠᠭᠳᠠᠮᠠᠯ | ᠳ᠋ᠢᠶᠠᠨ ᡂᠢ ᠵᠡᠷᠭᠡ ᠶᠢ ᠬᠤᠣᠷᠲᠤ ᠬᠤᠭ ᠨᠣᠪᠰᠢ ᠳᠤ ᠲᠥᠷᠦᠯᠵᠢᠭᠦᠯᠵᠤ᠂ ᠠᠵᠢᠯ ᠲᠥᠷᠥᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠴᠤᠭᠯᠠᠭᠤᠯᠤᠨ | ᠰᠢᠢᠳᠪᠦᠷᠢᠯᠡᠨ᠎ᠡ᠃ ᠪᠠᠷᠢᠯᠭ᠎ᠠ ᠶᠢᠨ ᠬᠤᠭ ᠨᠣᠪᠰᠢ ᠶᠢ ᠵᠠᠮ ᠳᠡᠪᠢᠰᠬᠦ᠂ ᠨᠦᠬᠡ ᠪᠥᠭᠯᠡᠬᠦ ᠪᠤᠶᠤ ᠣᠶᠢᠷ᠎ᠠ ᠬᠠᠪᠢ ᠳᠤ ᠨᠢ ᠪᠤᠯᠠᠬᠤ ᠳᠤ ᠬᠡᠷᠡᠭᠯᠡᠨ᠎ᠡ᠃ ᠪᠠᠰᠠ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠪᠤᠰᠤᠳ ᠳᠥᠭᠦᠮ ᠪᠥᠭᠡᠳ ᠶᠠᠪᠤᠭᠳᠠᠭᠤᠰᠢᠲᠠᠶ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠵᠠᠭᠪᠤᠷ ᠢ ᠰᠣᠩᠭᠤᠭᠰᠠᠨ ᠴᠤ ᠪᠣᠯᠤᠨ᠎ᠠ᠃ | ︵ᠬᠤᠶᠠᠷ︶ ᠬᠤᠷᠢᠶᠠᠬᠤ ᠲᠡᠭᠡᠭᠡᠪᠦᠷᠢᠯᠡᠬᠦ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠦᠨ᠎ᠠ | ᠬᠤᠭ ᠨᠣᠪᠰᠢ ᠶᠢ ᠬᠤᠷᠢᠶᠠᠬᠤ ᠲᠡᠭᠡᠭᠡᠪᠦᠷᠢᠯᠡᠬᠦ ᠰᠢᠢᠳᠪᠦᠷᠢᠯᠡᠬᠦ ᠵᠠᠭᠪᠤᠷ ᠢ ᠵᠦᠶ ᠵᠣᠬᠢᠰᠲᠠᠶ ᠲᠣᠭᠲᠠᠭᠠᠵᠤ᠂ ᠨᠥᠬᠦᠴᠡᠯ ᠲᠠᠢ ᠭᠠᠵᠠᠷ ᠣᠷᠣᠨ ᠨᠤᠭᠤᠳ ︽ | ᠮᠠᠯᠵᠢᠬᠤ ᠲᠠᠷᠢᠶᠠᠯᠠᠬᠤ ᠡᠷᠦᠬᠡ ᠲᠥᠷᠥᠯ ᠬᠤᠪᠢᠶᠠᠬᠤ᠂ ᠭᠠᠴᠠᠭ᠎ᠠ ᠲᠣᠰᠬᠤᠨ ᠴᠤᠭᠯᠠᠭᠤᠯᠬᠤ᠂ ᠰᠤᠮᠤ ᠰᠢᠶᠠᠩ ᠪᠠᠯᠭᠠᠰᠤ ᠳᠠᠮᠵᠢᠭᠤᠯᠤᠨ ᠲᠡᠭᠡᠭᠡᠪᠦᠷᠢᠯᠡᠬᠦ᠂ ᠬᠤᠰᠢᠭᠤ | ᠰᠢᠶᠠᠨ ︵ᠬᠤᠲᠠ᠂ ᠲᠣᠭᠤᠷᠢᠭ︶ ᠰᠢᠢᠳᠪᠦᠷᠢᠯᠡᠬᠦ︾ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ ᠢ ᠠᠪᠴᠤ ᠪᠣᠯᠤᠨ᠎ᠠ᠃ ᠬᠤᠲᠠ | ᠪᠠᠯᠭᠠᠰᠤ ᠠᠴᠠ ᠨᠡᠯᠢᠶᠡᠳ ᠬᠤᠯᠠ᠂ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠲᠣᠰᠬᠤᠨ ᠪᠠᠯᠭᠠᠰᠤ ᠳᠤ ︽ᠮᠠᠯᠵᠢᠬᠤ ᠲᠠᠷᠢᠶᠠᠯᠠᠬᠤ ᠡᠷᠦᠬᠡ ᠲᠥᠷᠥᠯ ᠬᠤᠪᠢᠶᠠᠬᠤ | ᠂ ᠭᠠᠴᠠᠭ᠎ᠠ ᠲᠣᠰᠬᠤᠨ ᠴᠤᠭᠯᠠᠭᠤᠯᠬᠤ᠂ ᠰᠤᠮᠤ ᠰᠢᠶᠠᠩ ᠪᠠᠯᠭᠠᠰᠤ ︵ᠣᠷᠣᠨ ᠪᠦᠰᠡ︶ ᠰᠢᠢᠳᠪᠦᠷᠢᠯᠡᠬᠦ︾ ᠲᠥᠪᠯᠡᠷᠡᠭᠦᠯᠦᠨ ᠵᠠᠰᠠᠬᠤ ᠵᠠᠭᠪᠤᠷ ᠢ ᠠᠪᠴᠤ ᠪᠣᠯᠤᠨ᠎ᠠ᠃ | ᠪᠤᠶᠢᠳᠠ ᠪᠥᠭᠯᠡᠭᠦᠤ ᠵᠢᠴᠢ ᠬᠥᠮᠦᠨ ᠠᠮᠠ ᠨᠢ ᠲᠠᠷᠠᠬᠠᠶ ᠪᠤᠲᠠᠷᠬᠠᠶ ᠭᠠᠴᠠᠭ᠎ᠠ ᠲᠣᠰᠬᠤᠨ ᠨᠢ ︽ᠮᠠᠯᠵᠢᠬᠤ ᠲᠠᠷᠢᠶᠠᠯᠠᠬᠤ ᠡᠷᠦᠬᠡ ᠲᠥᠷᠥᠯ ᠬᠤᠪᠢᠶᠠᠬᠤ᠂ ᠭᠠᠴᠠᠭ᠎ᠠ | ᠲᠣᠰᠬᠤᠨ ᠴᠤᠭᠯᠠᠭᠤᠯᠬᠤ᠂ ᠭᠠᠴᠠᠭ᠎ᠠ ᠲᠣᠰᠬᠤᠨ ᠰᠢᠢᠳᠪᠦᠷᠢᠯᠡᠬᠦ︾ ᠲᠠᠷᠠᠬᠠᠶ ᠪᠤᠲᠠᠷᠬᠠᠶ ᠵᠠᠰᠠᠬᠤ ᠵᠠᠭᠪᠤᠷ ᠢ ᠠᠪᠴᠤ ᠪᠣᠯᠤᠨ᠎ᠠ᠃ ᠨᠥᠬᠦᠴᠡᠯ | ᠪᠦᠷᠢᠯᠳᠦᠭᠦᠯᠦᠭᠡᠳᠦᠶ ᠨᠢ ᠲᠣᠬᠢᠲᠠᠶ ᠬᠠᠳᠠᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠠᠳᠠᠭᠰᠢ ᠲᠡᠭᠡᠭᠡᠪᠦᠷᠢᠯᠡᠨ ᠰᠢᠢᠳᠪᠦᠷᠢᠯᠡᠬᠦ ᠬᠡᠷᠡᠭᠲᠡᠶ᠃ | ︵ᠭᠤᠷᠪᠠ︶ ᠬᠤᠷᠢᠶᠠᠬᠤ ᠲᠡᠭᠡᠭᠡᠪᠦᠷᠢᠯᠡᠬᠦ ᠰᠢᠢᠳᠪᠦᠷᠢᠯᠡᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ | ᠡᠯ᠎ᠡ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠠᠶᠢᠯ ᠲᠣᠰᠬᠤᠨ ᠤ ᠬᠡᠪᠴᠢᠶ᠎ᠡ᠂ ᠵᠠᠮ ᠬᠠᠷᠢᠯᠴᠠᠭᠠᠨ ᠤ ᠣᠷᠣᠨ ᠪᠠᠶᠢᠷᠢ | ᠵᠡᠷᠭᠡ ᠬᠦᠴᠦᠨ ᠵᠦᠢᠯ ᠢ ᠦᠨᠳᠦᠰᠦᠯᠡᠨ᠂ ᠨᠢᠭᠡᠳᠦᠯᠲᠡᠶ ᠲᠥᠯᠥᠪᠵᠢᠭᠦᠯᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠤᠬᠠᠶ ᠶᠢᠨ | ᠭᠠᠵᠠᠷ ᠲᠤᠨᠢ ᠰᠢᠢᠳᠪᠦᠷᠢᠯᠡᠬᠦ ᠱᠠᠭᠠᠷᠳᠠᠯᠭ᠎ᠠ ᠶᠣᠰᠣᠭᠠᠷ᠂ ᠠᠮᠠᠷᠬᠠᠨ ᠢᠯᠵᠢᠷᠡᠬᠦ ᠬᠤᠭ ᠨᠣᠪᠰᠢ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠰᠢᠢᠳᠪᠦᠷᠢᠯᠡᠬᠦ | ᠪᠡᠯᠡᠳᠬᠡᠮᠵᠢ ᠶᠢᠨ ᠤᠷ᠎ᠠ ᠮᠡᠷᠭᠡᠰᠢᠯ ᠪᠣᠯᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠨᠢᠭᠡ ᠲᠣᠰᠬᠤᠨ ᠳᠤ ᠨᠢᠭᠡ ᠪᠠᠶᠢᠭᠤᠯᠬᠤ ᠪᠤᠶᠤ ᠣᠯᠠᠨ | ᠲᠣᠰᠬᠤᠨ ᠳᠤ ᠬᠠᠮᠲᠤᠷᠠᠨ ᠪᠠᠶᠢᠭᠤᠯᠵᠤ ᠪᠣᠯᠤᠨ᠎ᠠ᠃ ᠮᠡᠷᠭᠡᠵᠢᠯ ᠤᠨ ᠪᠠᠷᠢᠮᠵᠢᠶ᠎ᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠭᠢᠯᠪᠠᠭᠠᠲᠤ ᠨᠡᠷᠡᠯᠲᠡ ᠶᠢᠨ ᠡᠷᠦᠳᠡᠰᠵᠢᠭᠦᠯᠬᠦ ᠵᠤᠤᠬ᠎ᠠ ᠵᠡᠷᠭᠡ ᠪᠡᠯᠡᠳᠬᠡᠮᠵᠢ ᠶᠢ ᠬᠡᠷᠡᠭᠯᠡᠨ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠨᠢᠭᠡᠪᠦᠷᠢ ᠨᠢ ᠠᠳᠠᠭ ᠲᠠᠭᠠᠨ ᠨᠢᠭᠡ ᠡᠭᠡᠭᠦᠯᠦᠨ ᠬᠤᠷᠢᠶᠠᠵᠤ ᠪᠣᠯᠬᠤ | ᠪᠣᠳᠠᠰ ᠢ ᠲᠥᠷᠥᠯ ᠬᠤᠪᠢᠶᠠᠨ ᠣᠪᠣᠭᠠᠯᠠᠬᠤ ᠭᠠᠵᠠᠷ ᠭᠠᠷᠭᠠᠵᠤ᠂ ᠠᠶᠢᠯ ᠲᠣᠰᠬᠤᠨ ᠳᠤᠭᠤᠶᠢᠯᠠᠩ ᠨᠢᠭᠡᠪᠦᠷᠢ ᠨᠢ ᠲᠥᠷᠥᠯ ᠬᠤᠪᠢᠶᠠᠭᠰᠠᠨ ᠬᠤᠭ ᠨᠣᠪᠰᠢ ᠶᠢᠨ | ᠬᠠᠶᠢᠷᠴᠠᠭ ︵ᠰᠠᠭᠤᠯᠠᠭ᠎ᠠ︶ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠨᠤᠭᠤᠳ ᠲᠣᠰᠬᠤᠨ ᠳᠤ | ᠣᠷᠣᠵᠤ ᠭᠠᠷᠬᠤ ᠡᠭᠦᠳᠡ ᠪᠣᠯᠤᠨ ᠲᠥᠪᠯᠡᠷᠡᠭᠰᠡᠨ ᠲᠣᠭᠤᠷᠢᠭ ᠤᠨ ᠡᠷᠭᠢᠨ ᠲᠣᠭᠤᠷᠢᠨ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ | ᠤᠬᠠᠭᠤᠯᠬᠤ ᠪᠤᠯᠤᠩ ᠪᠠᠶᠢᠭᠤᠯᠬᠤ ᠬᠡᠷᠡᠭᠲᠡᠶ᠃ | ︵ᠲᠦᠷᠪᠡ︶ ᠬᠤᠷᠢᠶᠠᠨ ᠠᠪᠬᠤ ᠰᠢᠰᠲ᠋ᠧᠮ ᠢ ᠪᠠᠶᠢᠭᠤᠯᠤᠨ᠎ᠠ | ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠲᠣᠤᠷ ᠰᠦᠯᠵᠢᠶ᠎ᠡ ᠶᠢ ᠪᠦᠷᠢᠨᠰᠢᠭᠦᠯᠵᠦ᠂ ᠪᠠᠶᠢᠷᠢᠯᠠᠭᠤᠯᠤᠯᠲᠠ ᠶᠢᠨ ᠴᠡᠭ ᠢ ᠵᠦᠶ ᠵᠣᠬᠢᠰᠲᠠᠶ | ᠪᠠᠶᠢᠷᠢᠯᠠᠭᠤᠯᠤᠨ᠂ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ︽ᠬᠤᠪᠢ ᠬᠤᠷᠠᠮᠳᠤᠭᠤᠯᠬᠤ ᠬᠡᠲᠦ ᠳᠡᠯᠭᠡᠭᠦᠷ︾ ᠠᠴᠠ ᠡᠳ᠋ ᠪᠣᠳᠠᠰ ᠱᠠᠩᠨᠠᠯ | ᠵᠡᠷᠭᠡ ᠶᠢ ᠰᠣᠯᠢᠵᠤ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠭ ᠨᠣᠪᠰᠢ ᠶᠢ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠭ ᠨᠣᠪᠰᠢ | ᠬᠤᠷᠢᠶᠠᠨ ᠲᠡᠭᠡᠭᠡᠪᠦᠷᠢᠯᠡᠬᠦ ᠰᠢᠰᠲ᠋ᠧᠮ ᠬᠢᠭᠡᠳ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮ ᠢ ᠵᠣᠯᠭᠠᠭᠤᠯᠬᠤ ᠶᠢ ᠠᠬᠢᠭᠤᠯᠵᠤ᠂ | ᠬᠡᠷᠡᠭᠯᠡᠭᠡᠨ ᠤ ᠴᠢᠨᠠᠷᠲᠠᠶ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠳᠦᠷᠢᠮ ᠢ ᠪᠠᠶᠢᠭᠤᠯᠤᠨ᠎ᠠ᠃ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ | ᠬᠤᠲᠠ᠂ ᠲᠣᠭᠤᠷᠢᠭ︶ ᠢ ᠬᠥᠲᠥᠯᠥᠨ ᠵᠢᠯᠣᠭᠤᠳᠴᠤ ᠪᠠᠶᠢᠭᠠᠳ ᠳᠠᠭᠠᠭᠠᠴᠢᠯᠠᠯᠲᠠ ᠵᠠᠷᠯᠠᠬᠤ ᠵᠡᠷᠭᠡ ᠪᠦᠲᠦᠮᠵᠢᠲᠡᠶ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠷᠢ | ᠬᠡᠮ ᠲᠠᠢ᠂ ᠴᠢᠳᠠᠪᠤᠷᠢ ᠲᠠᠢ ᠡᠯ᠎ᠡ ᠲᠥᠷᠥᠯ ᠤᠨ ᠠᠵᠤ ᠠᠬᠤᠶᠢᠯᠠᠯ ᠤᠨ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠪᠯᠡᠷᠡᠭᠦᠯᠦᠨ ᠬᠤᠷᠢᠶᠠᠨ ᠠᠪᠴᠤ | ᠰᠢᠢᠳᠪᠦᠷᠢᠯᠡᠬᠦ ᠠᠵᠢᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ ᠳᠠᠮᠵᠢᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠮᠡᠳᠡᠭᠡ | ᠵᠠᠩᠭᠢᠵᠢᠯᠲᠠ ᠶᠢᠨ ᠲᠠᠪᠴᠠᠩ ᠢ ᠰᠦᠪᠡᠭᠴᠢᠯᠡᠨ ᠪᠠᠶᠢᠭᠤᠯᠵᠤ᠂ ᠡᠭᠡᠭᠦᠯᠦᠨ ᠬᠤᠷᠢᠶᠠᠬᠤ ᠲᠥᠷᠥᠯ ᠵᠦᠢᠯ᠂ ᠠᠷᠠᠯᠵᠢᠶᠠᠯᠠᠬᠤ ᠦᠨ᠎ᠡ ᠬᠠᠩᠰᠢ᠂ ᠡᠭᠡᠭᠦᠯᠦᠨ ᠬᠤᠷᠢᠶᠠᠬᠤ | ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠬᠠᠩᠭᠠᠨ᠎ᠠ᠃ | ︵ᠲᠠᠪᠤ︶ ᠠᠷᠢᠭᠤᠨ ᠴᠡᠪᠡᠷ ᠢ ᠬᠠᠮᠠᠭᠠᠯᠠᠬᠤ ᠡᠩᠨᠡᠭᠡ ᠶᠢ ᠪᠠᠶᠢᠭᠤᠯᠤᠨ᠎ᠠ | ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠢᠯ ᠤᠨ ᠠᠷᠭ᠎ᠠ ᠮᠠᠶ᠋ᠢᠭ ᠢ ᠦᠨᠳᠦᠰᠦᠯᠡᠨ᠂ | ᠵᠣᠬᠢᠬᠤ ᠲᠣᠭᠠᠨ ᠤ ᠴᠡᠪᠡᠷᠯᠡᠭᠴᠢ ᠶᠢ ᠲᠣᠬᠢᠷᠠᠭᠤᠯᠵᠤ᠂ ᠴᠡᠪᠡᠷᠯᠡᠭᠴᠢ ᠡᠭᠡᠭᠦᠯᠦᠨ ᠬᠤᠷᠢᠶᠠᠵᠤ ᠪᠣᠯᠬᠤ ᠪᠣᠳᠠᠰ ᠢ ᠢᠯᠭᠠᠬᠤ ᠪᠠ ᠠᠮᠠᠷᠬᠠᠨ ᠢᠯᠵᠢᠷᠡᠬᠦ ᠬᠤᠭ | ᠨᠣᠪᠰᠢ ᠶᠢ ᠲᠡᠭᠡᠭᠡᠪᠦᠷᠢᠯᠡᠬᠦ ᠠᠵᠢᠯ ᠢ ᠬᠠᠪᠰᠤᠷᠭᠠᠨ᠎ᠠ᠃ ᠡᠭᠡᠭᠦᠯᠦᠨ ᠬᠤᠷᠢᠶᠠᠵᠤ ᠪᠣᠯᠬᠤ ᠬᠤᠭ ᠨᠣᠪᠰᠢ ᠶᠢ ᠮᠠᠯᠵᠢᠬᠤ ᠲᠠᠷᠢᠶᠠᠯᠠᠬᠤ ᠣᠷᠣᠨ ᠤ ᠴᠡᠪᠡᠷᠯᠡᠭᠴᠢ ᠠᠶᠢᠯ | ᠲᠣᠰᠬᠤᠨ ︵ᠳᠤᠭᠤᠶᠢᠯᠠᠩ︶ ᠠᠴᠠ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠤ ᠬᠤᠷᠢᠶᠠᠵᠤ ᠪᠣᠯᠬᠤ ᠬᠤᠭ ᠨᠣᠪᠰᠢ ᠶᠢ ᠲᠥᠷᠥᠯ ᠬᠤᠪᠢᠶᠠᠨ ᠣᠪᠣᠭᠠᠯᠠᠬᠤ | ᠭᠠᠵᠠᠷ ᠬᠦᠷᠲᠡᠯ᠎ᠡ ᠲᠡᠭᠡᠭᠡᠪᠦᠷᠢᠯᠡᠵᠤ᠂ ᠠᠮᠠᠷᠬᠠᠨ ᠢᠯᠵᠢᠷᠡᠬᠦ ᠬᠤᠭ ᠨᠣᠪᠰᠢ ᠶᠢ ᠬᠤᠭ ᠨᠣᠪᠰᠢ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠰᠢᠢᠳᠪᠦᠷᠢᠯᠡᠬᠦ | ᠪᠡᠯᠡᠳᠬᠡᠮᠵᠢ ᠬᠦᠷᠲᠡᠯ᠎ᠡ ᠴᠡᠪᠡᠷᠯᠡᠨ ᠲᠡᠭᠡᠭᠡᠪᠦᠷᠢᠯᠡᠨ᠎ᠡ᠃ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠭᠡᠭᠦᠯᠦᠨ ᠬᠤᠷᠢᠶᠠᠭᠠᠳ ᠬᠤᠳᠠᠯᠳᠤᠭᠰᠠᠨ ᠵᠣᠭᠤᠰ ᠢ ᠲᠠᠷᠢᠶᠠᠯᠠᠬᠤ | ᠮᠠᠯᠵᠢᠬᠤ ᠣᠷᠣᠨ ᠤ ᠴᠡᠪᠡᠷᠯᠡᠭᠴᠢ ᠶᠢᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠤᠨ ᠨᠥᠬᠦᠪᠥᠷᠢ ᠪᠣᠯᠭᠠᠵᠤ ᠪᠣᠯᠤᠨ᠎ᠠ᠃ | ᠭᠤᠷᠪᠠ᠂ ᠠᠵᠢᠯ ᠤᠨ ᠠᠯᠬᠤᠮ ᠳᠠᠷᠠᠭ᠎ᠠ | ︵ᠨᠢᠭᠡ︶ ᠲᠤᠷᠰᠢᠯᠲᠠ ᠶᠢᠨ ᠴᠡᠭ ᠢ ᠲᠣᠭᠲᠠᠭᠠᠬᠤ | 2020 ᠣᠨ ᠤ 2 ᠰᠠᠷ᠎ᠠ ᠶᠢᠨ 25 ᠤ ᠡᠳᠦᠷ ᠠᠴᠠ ᠡᠮᠦᠨ᠎ᠡ᠂ ᠡᠯ᠎ᠡ ᠠᠶᠢᠮᠠᠭ ᠬᠤᠲᠠ ᠵᠠᠷᠴᠢᠮ ᠳᠡᠭᠡᠷ᠎ᠡ ᠪᠠᠨ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠢᠭᠡᠳᠦᠭᠡᠷ᠂ ᠬᠤᠶᠠᠳᠤᠭᠠᠷ ᠲᠥᠷᠥᠯ ᠤᠨ ᠬᠤᠰᠢᠭᠤ ᠰᠢᠶᠠᠨ ︵ᠬᠤᠲᠠ᠂ ᠲᠣᠭᠤᠷᠢᠭ︶ | ᠳᠣᠲᠤᠷ᠎ᠠ ᠠᠴᠠ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠢ ᠲᠣᠭᠲᠠᠭᠠᠵᠤ᠂ ᠠᠶᠢᠮᠠᠭ ᠬᠤᠲᠠ ᠨᠢᠭᠡᠪᠦᠷᠢ ᠳᠤ 2 ᠲᠤᠷᠰᠢᠯᠲᠠ ᠶᠢᠨ | ᠴᠡᠭ ᠲᠣᠭᠲᠠᠭᠠᠬᠤ ᠪᠥᠭᠡᠳ ᠲᠤᠷᠰᠢᠯᠲᠠ ᠶᠢᠨ ᠴᠡᠭ ᠤᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠲᠤ ᠮᠡᠳᠡᠭᠦᠯᠦᠨ᠎ᠡ᠃ | ︵ᠬᠤᠶᠠᠷ︶ ᠲᠥᠰᠦᠯ ᠲᠣᠭᠲᠠᠭᠠᠬᠤ | 2020 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ | ᠲᠤᠷᠰᠢᠯᠲᠠ ᠶᠢᠨ ᠴᠡᠭ ᠤᠨ ᠰᠢᠶᠠᠩ ᠪᠠᠯᠭᠠᠰᠤ ᠪᠠ ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠢ ᠲᠣᠳᠣᠷᠬᠠᠶᠢᠯᠠᠵᠤ᠂ ᠪᠣᠳᠠᠲᠠᠶ ᠬᠡᠷᠡᠭᠵᠢᠭᠦᠯᠬᠦ ᠲᠥᠰᠦᠯ ᠢ | ᠲᠣᠭᠲᠠᠭᠠᠨ ᠨᠡᠶᠢᠲᠡᠯᠡᠨ᠎ᠡ᠃ ᠡᠭᠦᠨ ᠤ ᠬᠠᠮᠲᠤ ᠬᠡᠷᠡᠭᠵᠢᠭᠦᠯᠬᠦ ᠲᠥᠰᠦᠯ ᠢᠶᠠᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ | ︵ᠭᠤᠷᠪᠠ︶ ᠵᠣᠬᠢᠶᠠᠨ ᠪᠠᠶᠢᠭᠤᠯᠤᠨ ᠬᠡᠷᠡᠭᠵᠢᠭᠦᠯᠬᠦ | 2020 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ | ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠢᠯᠯᠠᠭᠠᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ | ᠠᠵᠢᠯᠯᠠᠭᠤᠯᠤᠨ᠎ᠠ᠃ | ︵ᠳᠥᠷᠪᠡ︶ ᠲᠤᠷᠰᠢᠯᠭ᠎ᠠ ᠪᠠᠨ ᠳ᠋ᠦᠩᠨᠡᠬᠦ | 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠷᠰᠢᠯᠭ᠎ᠠ ᠬᠢᠳᠡᠯ ᠢ | ᠳ᠋ᠦᠩᠨᠡᠵᠦ᠂ ᠨᠥᠬᠦᠴᠡᠯ ᠪᠦᠷᠢᠯᠳᠦᠭᠦᠯᠦᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ | ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠨᠡᠶᠢᠳᠡᠮ ᠥᠷᠨᠢᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠬᠤ ᠪᠠ | ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠲᠠᠷᠢᠶᠠᠯᠠᠬᠤ ᠮᠠᠯᠵᠢᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠠᠴᠠ ᠬᠤᠭ ᠨᠣᠪᠰᠢ ᠶᠢ ᠵᠠᠰᠠᠬᠤ ᠶᠢ ᠬᠠᠷᠢᠭᠤᠴᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠶᠢ ᠬᠠᠷᠢᠭᠤᠴᠠᠵᠤ᠂ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ | ᠮᠥᠴᠢᠷ ᠬᠥᠨᠥᠭᠡᠯᠲᠡᠶ ᠬᠤᠭ ᠨᠣᠪᠰᠢ ᠶᠢ ᠰᠢᠢᠳᠪᠦᠷᠢᠯᠡᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠨᠢ | ᠠᠰᠢᠭᠯᠠᠵᠤ ᠪᠣᠯᠬᠤ ᠬᠤᠭ ᠨᠣᠪᠰᠢ ᠶᠢ ᠡᠭᠡᠭᠦᠯᠦᠨ ᠬᠤᠷᠢᠶᠠᠬᠤ ᠠᠵᠢᠯ ᠳᠤ ᠣᠷᠤᠯᠴᠠᠵᠤ᠂ ᠪᠤᠰᠤᠳ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ | ᠡᠯ᠎ᠡ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠲᠥᠬᠦᠭᠡᠷᠦᠮᠵᠢ ᠳᠠᠬᠢ | ᠣᠷᠤᠭᠤᠯᠤᠯᠲᠠ ᠶᠢ ᠨᠡᠮᠡᠭᠳᠡᠭᠦᠯᠵᠦ᠂ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ | ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠂ ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ ᠵᠡᠷᠭᠡ ᠣᠯᠠᠨ ᠵᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ | ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠬᠤᠪᠢᠶᠠᠨ ᠤᠷᠲᠤ ᠬᠤᠭᠤᠴᠠᠭ᠎ᠠ ᠪᠠᠷ ᠪᠦᠲᠦᠮᠵᠢᠲᠡᠶ ᠬᠠᠮᠢᠶᠠᠷᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠲᠤᠰᠠᠯᠠᠮᠵᠢ ᠶᠢᠨ | ᠪᠠᠯᠠ ᠮᠥᠩᠭᠦ ᠶᠢ ᠲᠤᠷᠰᠢᠯᠲᠠ ᠶᠢᠨ ᠴᠡᠭ ᠤᠨ ᠭᠠᠵᠠᠷ ᠣᠷᠣᠨ ᠲᠡᠰᠢ ᠬᠡᠯᠪᠠᠶᠢᠯᠭᠡᠨ᠎ᠡ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ | ᠡᠯ᠎ᠡ ᠲᠤᠷᠰᠢᠯᠲᠠ ᠶᠢᠨ ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ | ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠨ | ᠤᠬᠠᠭᠤᠯᠬᠤ ᠰᠠᠮᠪᠠᠷ᠎ᠠ ᠭᠠᠷᠭᠠᠬᠤ᠂ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠤᠬᠠᠭᠤᠯᠭ᠎ᠠ ᠬᠢᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠬᠤᠭ ᠨᠣᠪᠰᠢ ᠶᠢ ᠲᠥᠷᠥᠯ ᠬᠤᠪᠢᠶᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠬᠡᠮᠡᠬᠦ | ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠪᠣᠶ ᠪᠣᠯᠭᠠᠨ᠎ᠠ᠃ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ | ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠳᠡᠷᠭᠡᠳᠡ ᠠᠴᠠ ᠪᠠᠨ | ᠡᠬᠢᠯᠡᠨ᠂ ᠵᠢᠵᠢᠭ ᠰᠠᠵᠢᠭ ᠵᠦᠢᠯ ᠠᠴᠠ ᠡᠬᠢᠯᠡᠨ ᠬᠢᠯᠭᠡᠬᠦ ᠬᠡᠷᠡᠭᠲᠡᠶ᠃ ᠰᠣᠨᠢᠨ ᠮᠡᠳᠡᠭᠡᠨ ᠤ ᠵᠠᠭᠤᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠭ | ᠨᠣᠪᠰᠢ ᠶᠢ ᠲᠥᠷᠥᠯ ᠬᠤᠪᠢᠶᠠᠬᠤ ᠠᠵᠢᠯ ᠢ ᠬᠡᠷᠡᠭᠵᠢᠭᠦᠯᠦᠭᠰᠡᠨ ᠪᠠᠶᠢᠳᠠᠯ ᠪᠣᠯᠤᠨ ᠨᠡᠶᠢᠲᠡᠯᠢᠭ ᠲᠤᠷᠰᠢᠯᠭ᠎ᠠ ᠶᠢ ᠮᠡᠳᠡᠭᠡᠯᠡᠨ᠎ᠡ᠃ ᠨᠡᠶᠢᠭᠡᠮ ᠤᠨ ᠡᠯ᠎ᠡ ᠡᠲᠡᠭᠡᠳ ᠪᠣᠯᠤᠨ | ᠥᠷᠭᠡᠨ ᠣᠯᠠᠨ ᠮᠠᠯᠴᠢᠨ ᠲᠠᠷᠢᠶᠠᠴᠢᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠤᠨ ᠮᠡᠳᠡᠬᠦ | ᠨᠣᠷᠮ᠎ᠠ ᠪᠣᠯᠤᠨ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠤᠯᠭᠠᠨ᠎ᠠ᠃ | ︵ᠳᠥᠷᠪᠡ︶ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠨ᠎ᠠ | ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠨᠤᠭᠤᠳ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠵᠢᠯᠣᠭᠤᠳᠬᠤ ᠬᠡᠷᠡᠭᠲᠡᠶ᠃ ᠡᠯ᠎ᠡ ᠲᠤᠷᠰᠢᠯᠲᠠ ᠶᠢᠨ | ᠴᠡᠭ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠦᠷ᠎ᠡ ᠪᠦᠲᠦᠮᠵᠢ ᠪᠠᠷ ᠢᠯᠡᠷᠬᠡᠶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠬᠤᠪᠢ | ᠬᠥᠮᠦᠨ ᠢ ᠱᠠᠩᠨᠠᠨ ᠬᠥᠬᠢᠭᠦᠯᠵᠦ᠂ ᠲᠤᠷᠰᠢᠯᠲᠠ ᠶᠢᠨ ᠴᠡᠭ ᠢ ᠢᠳᠡᠪᠬᠢᠲᠡᠢ ᠥᠷᠨᠢᠭᠦᠯᠦᠭᠰᠡᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠪᠡᠯᠡᠳᠬᠡᠮᠵᠢ ᠲᠣᠬᠢᠷᠠᠭᠤᠯᠬᠤ ᠳᠤ ᠵᠣᠬᠢᠬᠤ ᠬᠠᠷᠠᠭᠠᠯᠵᠠᠯ ᠦᠵᠡᠭᠦᠯᠦᠨ᠎ᠡ᠃ | |