ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠥᠷᠨᠢᠭᠦᠯᠬᠦ ᠲᠤᠬᠠᠶ ᠵᠠᠬᠢᠳᠠᠯ
ᠨᠡᠶᠢᠲᠡᠯᠡᠭᠰᠡᠨ ᠴᠠᠭ᠄
2020/12/7
      ᠥᠪᠥᠷ ᠪᠥᠲᠥᠭᠡᠨ ᠪᠠᠶᠢᠭᠤᠯᠤᠯᠲᠠ ᠳᠠᠭᠠᠭᠠᠴᠢᠯᠠᠯᠲᠠ ᠶᠢᠨ ᠵᠠᠬᠢᠳᠠᠯ ︹ 2020 ︺ 342 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠄      ᠮᠠᠨ ᠤ ᠣᠷᠣᠨ ᠤ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠵᠠᠷᠢᠮ ᠭᠠᠵᠠᠷ ᠣᠷᠣᠨ ᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠵᠤ ᠪᠠᠶᠢᠭ᠎ᠠ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠶᠠᠰᠤ ᠴᠢᠨᠠᠷ ᠢ ᠡᠵᠡᠮᠳᠡᠬᠦ ᠵᠡᠷᠭᠡ ᠮᠡᠷᠭᠡᠵᠢᠯ ᠤᠨ ᠬᠦᠴᠦᠨ ᠬᠦᠷᠦᠯᠴᠡᠬᠦ ᠦᠭᠡᠶ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠲᠠ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠥᠪ ᠲᠤ ᠨᠠᠶᠢᠳᠠᠵᠤ ︽ᠮᠡᠷᠭᠡᠵᠢᠯ ᠢ ᠬᠥᠳᠡᠭᠡ ᠪᠠᠭᠤᠯᠭᠠᠬᠤ᠂ ᠮᠡᠷᠭᠡᠵᠢᠯ ᠤᠨ ᠦᠢᠯᠡᠴᠢᠯᠡᠭᠡ ᠬᠢᠬᠦ︾ ᠯᠠᠪᠯᠠᠯᠭ᠎ᠠ ᠥᠭᠴᠦ ᠵᠢᠯᠣᠭᠤᠳᠬᠤ ᠠᠵᠢᠯ ᠢ ᠥᠷᠨᠢᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠵᠠᠬᠢᠳᠠᠯ ᠢᠶᠠᠷ ᠮᠡᠳᠡᠭᠳᠡᠶ᠎ᠡ᠄      ᠨᠢᠭᠡ᠂ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ ᠠᠭᠤᠯᠭ᠎ᠠ      ︵ᠨᠢᠭᠡ︶ ᠲᠥᠷᠥᠯ ᠵᠦᠢᠯ ᠢ ᠬᠡᠷᠡᠭᠵᠢᠭᠦᠯᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ︔      ︵ᠬᠤᠶᠠᠷ︶ ᠲᠥᠷᠥᠯ ᠵᠦᠢᠯ ᠮᠡᠳᠡᠭᠦᠯᠬᠦ ᠱᠠᠭᠠᠷᠳᠠᠯᠭ᠎ᠠ ᠪᠠ ᠶᠠᠪᠤᠴᠠ ᠶᠢᠨ ᠬᠠᠮᠢᠶᠠᠷᠤᠯᠲᠠ︔        ︵ᠭᠤᠷᠪᠠ︶ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ᠂ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠳᠠᠬᠢ ᠢᠯᠴᠢ ᠶᠢᠨ ᠠᠵᠢᠯ ᠤᠨ ᠴᠢᠳᠠᠮᠵᠢ ᠶᠢᠨ ᠱᠠᠭᠠᠷᠳᠠᠯᠭ᠎ᠠ᠂ ᠵᠠᠩᠭᠢᠶᠠᠰᠤ ᠶᠢᠨ ᠨᠠᠷᠢᠨ ᠵᠢᠷᠤᠭ ᠲᠥᠯᠦᠪᠯᠡᠭᠡ᠂ ᠨᠠᠷᠢᠯᠢᠭ ᠬᠡᠰᠡᠭ ᠤᠨ ᠪᠥᠲᠦᠴᠡ ᠵᠡᠷᠭᠡ︔      ︵ᠳᠥᠷᠪᠡ︶ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠪᠢᠴᠢᠭ ᠮᠠᠲ᠋ᠧᠷᠢᠶᠠᠯ ᠤᠨ ᠬᠠᠮᠢᠶᠠᠷᠤᠯᠲᠠ︔        ︵ᠲᠠᠪᠤ︶ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠪᠠᠷᠢᠯᠭ᠎ᠠ ᠶᠢᠨ ᠦᠨᠳᠦᠰᠦᠨ ᠰᠢᠢᠳᠪᠦᠷᠢᠯᠡᠯᠲᠡ᠂ ᠲᠡᠷᠢᠭᠦᠨ ᠳᠠᠪᠬᠤᠷᠭ᠎ᠠ ᠶᠢᠨ ᠰᠡᠷᠭᠡᠶᠢᠯᠡᠯᠲᠡ᠂ ᠭᠠᠯ ᠢ ᠰᠡᠷᠭᠡᠶᠢᠯᠡᠬᠦ ᠲᠤᠰᠠᠭᠠᠷᠯᠠᠭᠰᠠᠨ ᠪᠦᠰᠡ ᠪᠠᠶᠢᠭᠤᠯᠬᠤ᠂ ᠬᠡᠷᠡᠮ ᠴᠣᠬᠤᠶᠢᠳᠠᠵᠤ ᠵᠦᠢᠢᠬᠦ᠂ ᠡᠭᠦᠳᠡ ᠴᠣᠩᠬᠤᠨ ᠤ ᠵᠠᠢ ᠵᠠᠪᠰᠠᠷ ᠵᠢᠴᠢ ᠪᠤᠰᠤᠳ ᠬᠡᠰᠡᠭ ᠤᠨ ᠨᠠᠷᠢᠯᠢᠭ ᠬᠡᠰᠡᠭ ᠢ ᠰᠢᠢᠳᠪᠦᠷᠢᠯᠡᠬᠦ ᠵᠡᠷᠭᠡ︔        ︵ᠵᠢᠷᠭᠤᠭ᠎ᠠ︶ ᠭᠡᠷ ᠤᠨ ᠨᠢᠭᠤᠷ ᠤᠨ ᠳᠤᠯᠠᠭᠠᠨ ᠢ ᠬᠠᠮᠠᠭᠠᠯᠠᠬᠤ ᠵᠢᠴᠢ ᠤᠰᠤ ᠰᠡᠷᠭᠡᠶᠢᠯᠡᠬᠦ ᠪᠠᠷᠢᠯᠭ᠎ᠠ ᠶᠢᠨ ᠤᠤᠯ ᠤᠨ ᠪᠠᠶᠢᠭᠰᠠᠨ ᠭᠡᠷ ᠤᠨ ᠨᠢᠭᠤᠷ ᠢ ᠰᠢᠢᠳᠪᠦᠷᠢᠯᠡᠬᠦ᠂ ᠬᠠᠮᠠᠭᠠᠯᠠᠬᠤ ᠳᠠᠪᠬᠤᠷᠭ᠎ᠠ ᠪᠠᠶᠢᠷᠢᠯᠠᠭᠤᠯᠬᠤ᠂ ᠤᠰᠤ ᠰᠡᠷᠭᠡᠶᠢᠯᠡᠬᠦ ᠳᠠᠪᠬᠤᠷᠭ᠎ᠠ ᠳᠡᠪᠢᠰᠬᠦ ᠵᠢᠴᠢ ᠪᠤᠰᠤᠳ ᠬᠡᠰᠡᠭ ᠤᠨ ᠨᠠᠷᠢᠯᠢᠭ ᠬᠡᠰᠡᠭ ᠢ ᠰᠢᠢᠳᠪᠦᠷᠢᠯᠡᠬᠦ ᠵᠡᠷᠭᠡ︔        ︵ᠳᠣᠯᠤᠭ᠎ᠠ︶ ᠭᠠᠳᠠᠷ ᠴᠣᠩᠬᠤ ᠶᠢᠨ ᠡᠨᠧᠷᠭᠢ ᠠᠷᠪᠢᠯᠠᠬᠤ ᠵᠢᠴᠢ ᠠᠰᠠᠷ ᠪᠠᠶᠢᠰᠢᠩ ᠤᠨ ᠨᠢᠭᠡᠴᠢ ᠶᠢᠨ ᠡᠭᠦᠳᠡ ᠶᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠡᠭᠦᠳᠡ ᠴᠣᠩᠬᠤ ᠶᠢᠨ ᠵᠠᠢ ᠵᠠᠪᠰᠠᠷ ᠢ ᠪᠢᠲᠡᠭᠦᠮᠵᠢᠯᠡᠨ ᠪᠥᠭᠯᠡᠬᠦ ᠪᠠ ᠨᠠᠷᠢᠯᠢᠭ ᠵᠦᠢᠯ ᠢ ᠰᠢᠢᠳᠪᠦᠷᠢᠯᠡᠬᠦ ᠵᠡᠷᠭᠡ︔        ︵ᠨᠠᠢᠮᠠ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ ᠳᠠᠷᠠᠭᠠᠯᠠᠯ ᠤᠨ ᠵᠢᠯᠤᠭᠤᠳᠤᠯᠭ᠎ᠠ ᠵᠡᠷᠭᠡ︔      ᠬᠤᠶᠠᠷ᠂ ᠮᠡᠷᠭᠡᠵᠢᠯ ᠤᠨ ᠵᠢᠯᠣᠭᠤᠳᠤᠯᠭ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ      ᠳ᠋ᠢᠶᠠᠩᠬᠤᠸᠠ ᠪᠠᠷ ᠯᠠᠪᠯᠠᠯᠭ᠎ᠠ ᠥᠭᠬᠦ᠂ ᠲᠤᠬᠠᠶ ᠶᠢᠨ ᠭᠠᠵᠠᠷ ᠲᠤᠨᠢ ᠬᠦᠷᠴᠤ ᠵᠢᠭᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢ ᠠᠪᠴᠤ᠂ ᠰᠦᠢᠳᠬᠡᠯ ᠬᠤᠷᠢᠶᠠᠬᠤ ᠦᠭᠡᠢ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ᠮᠡᠷᠭᠡᠵᠢᠯ ᠤᠨ ᠦᠢᠯᠡᠴᠢᠯᠡᠭᠡᠨ ᠤ ᠠᠵᠢᠯᠲᠠᠨ ᠬᠠᠮᠢᠶ᠎ᠠ ᠪᠥᠬᠦᠶ ᠭᠠᠵᠠᠷ ᠣᠷᠣᠨ ᠲᠠᠢ ᠢᠳᠡᠪᠬᠢᠲᠡᠶ ᠬᠠᠮᠵᠢᠯᠴᠠᠨ ᠮᠡᠷᠭᠡᠵᠢᠯ ᠤᠨ ᠵᠢᠯᠣᠭᠤᠳᠣᠯᠭ᠎ᠠ ᠶᠢᠨ ᠬᠠᠮᠢᠶ᠎ᠠ ᠪᠥᠬᠦᠶ ᠠᠵᠢᠯ ᠢ ᠥᠷᠨᠢᠭᠦᠯᠵᠦ᠂ ᠲᠥᠪ ᠤᠨ ︽ᠨᠠᠢᠮᠠᠨ ᠵᠣᠷᠪᠤᠰ ᠲᠣᠭᠲᠠᠭᠠᠯ︾᠂ ᠥᠪᠡᠷᠲᠡᠭᠡᠨ ᠵᠠᠰᠠᠬᠤ ᠣᠷᠣᠨ ᠤ 28 ᠵᠦᠢᠯ ᠤᠨ ᠢᠵᠢ ᠪᠦᠷᠢᠳᠦᠭᠰᠡᠨ ᠲᠣᠭᠲᠠᠭᠠᠯ ᠵᠢᠴᠢ ᠬᠡᠷᠡᠭᠵᠢᠭᠦᠯᠬᠦ ᠠᠷᠭ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠎ᠠ᠃            ᠪᠠᠷᠢᠮᠵᠢᠶᠠᠲᠤ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠄      ᠬᠠᠷᠢᠯᠴᠠᠬᠤ ᠬᠥᠮᠦᠨ᠄ ᠬᠦᠰᠡᠯ          ᠬᠠᠷᠢᠯᠴᠠᠬᠤ ᠤᠲᠠᠰᠤ᠄ 0471 — 6945602      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠲᠥᠪ ᠄      ᠬᠠᠷᠢᠯᠴᠠᠬᠤ ᠬᠥᠮᠦᠨ᠄ ᠢᠦᠶ ᠶᠠᠩ       ᠬᠠᠷᠢᠯᠴᠠᠬᠤ ᠤᠲᠠᠰᠤ᠄ 0471-3240934                                                                                                  2020 ᠣᠨ ᠤ 7 ᠰᠠᠷ᠎ᠠ ᠶᠢᠨ 2 ᠤᠨ ᠡᠳᠦᠷ
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ