ᠥᠪᠥᠷ ᠮᠣᠩᠭᠤᠯ᠄ ᠤᠳᠤᠷᠢᠳᠬᠤ ᠺᠠᠳ᠋ᠷᠴᠤᠳ ᠤᠨ ᠭᠡᠷ ᠪᠦᠯᠢ ᠶᠢᠨ ᠬᠢᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠣᠷᠣᠯᠴᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ︽ᠰᠢᠨ᠎ᠡ ᠲᠣᠭᠲᠠᠭᠠᠯ︾ ᠭᠠᠷᠭᠠᠪᠠ
ᠨᠡᠶᠢᠲᠡᠯᠡᠭᠰᠡᠨ ᠴᠠᠭ᠄
2020/12/9
     ᠰᠢᠨᠬᠤᠧᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 1 ᠤ ᠡᠳᠦᠷ ᠤᠨ ᠮᠡᠳᠡᠭᠡ ︵ᠼᠤᠤ ᠵᠧᠨ︶  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠣᠷᠴᠢᠮᠬᠠᠨ ︽ ᠤᠳᠤᠷᠢᠳᠬᠤ ᠺᠠᠳ᠋ᠷᠴᠤᠳ ᠤᠨ ᠨᠦᠬᠦᠷ ᠪᠤᠶᠤ ᠭᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠦᠬᠦᠷ ᠪᠤᠶᠤ ᠬᠡᠷᠭᠡᠢ   ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠣᠷᠣᠯᠴᠠᠬᠤ ᠦᠢᠯᠡ  ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂  ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ  ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ  ᠭᠡᠷ ᠢᠶᠠᠨ ᠳᠣᠳᠣᠮᠳᠠᠬᠤ ᠶᠢ ᠠᠬᠢᠭᠤᠯᠬᠤ ᠪᠠᠷ ᠪᠤᠢ᠃            ︽ᠲᠣᠭᠲᠠᠭᠠᠯ︾ ᠳᠤ᠂ ᠤᠳᠤᠷᠢᠳᠬᠤ ᠺᠠᠳ᠋ᠷ ᠤᠨ ᠨᠦᠬᠦᠷ ᠪᠤᠶᠤ ᠬᠡᠷᠭᠡᠢ᠂ ᠦᠷ᠎ᠡ ᠬᠡᠤᠬᠡᠳ ᠵᠢᠴᠢ  ᠲᠡᠭᠦᠨ ᠤ ᠨᠦᠬᠦᠷ ᠪᠤᠶᠤ ᠬᠡᠷᠭᠡᠢ ᠨᠢ ᠲᠣᠰ ᠤᠳᠤᠷᠢᠳᠬᠤ ᠺᠠᠳ᠋ᠷ ᠤᠨ ᠬᠠᠮᠢᠶᠠᠷᠴᠤ ᠪᠠᠶᠢᠭ᠎ᠠ ᠣᠷᠣᠨ ᠪᠦᠰᠡ ᠪᠤᠶᠤ  ᠲᠤᠬᠠᠶᠢᠯᠠᠭᠰᠠᠨ ᠠᠵᠢᠯ ᠤᠨ ᠬᠡᠪᠴᠢᠶᠡᠨ ᠳᠠᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ  ᠠᠰᠢᠬᠯᠠᠯᠳᠠ ᠳᠤ ᠣᠷᠣᠯᠴᠠᠵᠤ ᠪᠣᠯᠬᠤ ᠥᠬᠡᠶ᠂ ᠲᠣᠰ ᠤᠳᠤᠷᠢᠳᠬᠤ ᠺᠠᠳ᠋ᠷ ᠤᠨ ᠡᠷᠬᠡ ᠲᠤᠰᠢᠶᠠᠯ ᠪᠤᠶᠤ  ᠲᠤᠰᠢᠶᠠᠯ ᠤᠨ ᠨᠥᠯᠥᠭᠡ ᠶᠢ ᠠᠰᠢᠭᠯᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ  ᠠᠰᠢᠬᠯᠠᠯᠳᠠ ᠳᠤ ᠣᠷᠣᠯᠴᠠᠵᠤ ᠪᠣᠯᠬᠤ ᠥᠬᠡᠶ ᠭᠡᠵᠦ ᠱᠠᠭᠠᠷᠳᠠᠪᠠ᠃            ᠠᠭᠤᠷᠬᠠᠶ ᠳᠤ ᠬᠤᠯᠪᠣᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠬᠤᠪᠢᠶᠠᠷᠢ  ᠪᠠᠶᠢᠭᠤᠯᠤᠮᠵᠢ ᠶᠢᠨ ᠳᠤᠮᠳᠠ ᠳᠠᠪᠬᠤᠷᠭ᠎ᠠ ᠠᠴᠠ ᠳᠡᠭᠡᠭᠰᠢᠬᠢ ᠬᠠᠮᠢᠶᠠᠷᠤᠯᠲᠠ ᠶᠢᠨ ᠠᠵᠢᠯᠲᠠᠨ ᠤ ᠨᠦᠬᠦᠷ ᠪᠤᠶᠤ ᠬᠡᠷᠭᠡᠢ  ᠂ ᠦᠷ᠎ᠡ ᠬᠡᠦᠬᠡᠳ ᠵᠢᠴᠢ ᠲᠡᠭᠦᠨ ᠤ ᠨᠦᠬᠦᠷ ᠪᠤᠶᠤ ᠬᠡᠷᠭᠡᠢ ᠨᠢ ᠲᠤᠰ ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ  ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠵᠢᠴᠢ ᠬᠤᠯᠪᠣᠭᠳᠠᠬᠤ ᠠᠵᠤ ᠠᠬᠤᠶᠢᠯᠠᠯ ᠪᠤᠶᠤ ᠲᠤᠰᠢᠶᠠᠯ ᠡᠭᠦᠷᠭᠡᠯᠡᠵᠦ  ᠪᠠᠶᠢᠭ᠎ᠠ ᠠᠵᠤ ᠠᠬᠤᠶᠢᠯᠠᠯ ᠯᠤᠭ᠎ᠠ ᠲᠤᠬᠠᠶᠢᠯᠠᠭᠰᠠᠨ ᠠᠵᠢᠯ ᠤᠨ ᠬᠠᠷᠢᠴᠠᠭ᠎ᠠ ᠲᠠᠢ ᠠᠵᠤ ᠠᠬᠤᠶᠢᠯᠠᠯ ᠤᠨ  ᠡᠵᠡᠩᠨᠡᠯᠲᠡ ᠶᠢᠨ ᠬᠡᠪᠴᠢᠶᠡᠨ ᠳᠠᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ  ᠣᠷᠣᠯᠴᠠᠵᠤ ᠪᠣᠯᠬᠤ ᠦᠭᠡᠶ ᠭᠡᠵᠦ ᠱᠠᠭᠠᠷᠳᠠᠪᠠ᠃            ᠤᠳᠤᠷᠢᠳᠬᠤ ᠺᠠᠳ᠋ᠷ ᠠᠯᠪᠠᠨ ᠲᠤᠰᠢᠶᠠᠯ ᠠᠴᠠ ᠪᠠᠨ ᠪᠠᠭᠤᠭᠰᠠᠨ ᠪᠤᠶᠤ ᠠᠵᠢᠯ ᠠᠴᠠ ᠪᠠᠨ ᠠᠮᠠᠷᠠᠭᠰᠠᠨ ᠤ  ᠲᠠᠷᠠᠭᠠᠬᠢ 3 ᠵᠢᠯ ᠤᠨ ᠳᠣᠲᠣᠷ᠎ᠠ᠂ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ ᠨᠢ   ᠲᠡᠭᠦᠨ ᠤ ᠤᠤᠯ ᠤᠨ ᠲᠤᠰᠢᠶᠠᠯ ᠬᠠᠷᠢᠭᠤᠴᠠᠵᠤ ᠪᠠᠶᠢᠬᠰᠠᠨ ᠣᠷᠣᠨ ᠪᠦᠰᠡ ᠪᠤᠶᠤ ᠲᠤᠬᠠᠶᠢᠯᠠᠭᠰᠠᠨ ᠠᠵᠢᠯ ᠤᠨ  ᠬᠡᠪᠴᠢᠶᠡᠨ ᠳᠠᠬᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠳᠤ ᠤᠷᠤᠯᠴᠠᠵᠤ  ᠪᠣᠯᠬᠤ ᠦᠭᠡᠶ ᠬᠡᠵᠦ ᠱᠠᠭᠠᠷᠳᠠᠪᠠ᠃            ︽ᠲᠣᠭᠲᠠᠭᠠᠯ︾ ᠳᠤ᠂ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠣᠷᠣᠰᠢᠵᠤ ᠪᠠᠶᠢᠬᠤ ᠳᠤ ᠬᠦᠷᠪᠡᠯ᠂  ᠤᠳᠤᠷᠢᠳᠬᠤ ᠺᠠᠳ᠋ᠷᠴᠤᠳ ᠲᠣᠭᠲᠠᠭᠠᠯ ᠶᠣᠰᠣᠭᠠᠷ ᠵᠠᠯᠠᠷᠠᠭᠤᠯᠵᠤ᠂ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ  ᠨᠦᠬᠦᠷ ᠪᠤᠶᠤ ᠬᠡᠷᠭᠡᠢ ᠪᠠᠨ ᠰᠢᠪᠠᠳᠠᠵᠤ ᠪᠠᠶᠢᠭᠠᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ  ᠠᠰᠢᠭᠯᠠᠯᠳᠡ ᠶᠢᠨ ᠠᠵᠢᠯ ᠠᠴᠠ ᠭᠠᠷᠭᠠᠬᠤ ᠬᠡᠷᠡᠭᠲᠡᠶ︔ ᠵᠠᠯᠠᠷᠠᠭᠤᠯᠬᠤ ᠶᠢ ᠲᠡᠪᠴᠢᠬᠦ ᠳᠤ ᠬᠦᠷᠪᠡᠯ᠂ ᠲᠤᠰ  ᠬᠥᠮᠦᠨ ᠨᠢ ᠤᠳᠤ ᠶᠢᠨ ᠲᠤᠰᠢᠶᠠᠯ ᠠᠴᠠ ᠪᠠᠨ ᠪᠠᠭᠤᠬᠤ ᠪᠤᠶᠤ ᠵᠣᠬᠢᠶᠠᠨ ᠪᠠᠶᠢᠭᠤᠯᠤᠯᠲᠠ ᠠᠴᠠ ᠲᠤᠰᠢᠶᠠᠯ ᠢ ᠨᠢ  ᠲᠤᠬᠢᠷᠠᠭᠤᠯᠬᠤ ᠬᠡᠷᠡᠭᠲᠡᠢ︔ ᠣᠳᠣ ᠶᠢᠨ ᠲᠤᠰᠢᠶᠠᠯ ᠠᠴᠠ ᠪᠠᠨ ᠪᠠᠭᠤᠬᠤ ᠦᠭᠡᠶ ᠪᠤᠶᠤ ᠵᠣᠬᠢᠶᠠᠨ  ᠪᠠᠶᠢᠭᠤᠯᠤᠯᠲᠠ ᠶᠢᠨ ᠲᠣᠬᠢᠷᠠᠭᠤᠯᠤᠭᠰᠠᠨ ᠲᠤᠰᠢᠶᠠᠯ ᠢ ᠳᠠᠭᠠᠬᠤ ᠦᠭᠡᠶ ᠳᠤ ᠬᠦᠷᠪᠡᠯ ᠬᠤᠯᠪᠣᠭᠳᠠᠯ ᠪᠦᠬᠦᠢ  ᠲᠣᠭᠲᠠᠭᠠᠯ ᠶᠣᠰᠣᠭᠠᠷ ᠲᠤᠰ ᠤᠳᠤᠷᠢᠳᠬᠤ ᠺᠠᠳ᠋ᠷ ᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠵᠠᠢ᠃            ︽ᠲᠣᠭᠲᠠᠭᠠᠯ︾ ᠳᠤ᠂ ᠪᠠᠰᠠ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ  ᠳᠤᠭᠤᠶᠢᠯᠠᠩ︶ ᠨᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠢᠶᠠᠨ ᠤᠳᠤᠷᠢᠳᠬᠤ  ᠺᠠᠳ᠋ᠷᠴᠤᠳ ᠤᠨ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠯᠳᠠ ᠶᠢ ᠴᠢᠩᠭᠠᠳᠬᠠᠵᠤ᠂ ᠤᠳᠤᠷᠢᠳᠬᠤ  ᠺᠠᠳ᠋ᠷᠴᠤᠳ ᠤᠨ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠦᠬᠦᠷ ᠪᠤᠶᠤ ᠬᠡᠷᠭᠡᠢ ᠶᠢᠨ  ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠣᠷᠣᠯᠴᠠᠬᠤ ᠦᠢᠯᠡ ᠠᠵᠢᠯᠯᠠᠭ᠎ᠠ ᠶᠢ  ᠰᠢᠪᠠᠳᠠᠬᠤ ᠬᠡᠷᠡᠭᠲᠡᠶ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠵᠢᠯᠲᠠᠨ ᠤ ᠶᠠᠪᠤᠳᠠᠯ ᠤᠨ ᠰᠠᠯᠠᠭ᠎ᠠ  ᠮᠥᠴᠢᠷ ᠤᠳ ᠨᠢ ᠤᠳᠤᠷᠢᠳᠬᠤ ᠺᠠᠳ᠋ᠷ ᠤᠨ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠥᠬᠦᠷ  ᠪᠤᠶᠤ ᠬᠡᠷᠭᠡᠢ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠳᠤ ᠤᠷᠤᠯᠴᠠᠬᠤ  ᠦᠢᠯᠡ ᠠᠵᠢᠯᠯᠠᠭ᠎ᠠ ᠶᠢ ᠺᠠᠳ᠋ᠷ ᠢ ᠬᠢᠨᠠᠨ ᠪᠠᠶᠢᠴᠠᠭᠠᠵᠤ ᠬᠢᠨᠠᠨ ᠰᠢᠯᠭᠠᠬᠤ᠂ ᠤᠳᠤᠷᠢᠳᠬᠤ ᠺᠠᠳ᠋ᠷ ᠤᠨ ᠬᠤᠪᠢ  ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠵᠦ ᠬᠢᠨᠠᠨ ᠬᠠᠷᠭᠤᠭᠤᠯᠬᠤ ᠶᠢᠨ ᠴᠢᠬᠤᠯᠠ  ᠠᠭᠤᠯᠭ᠎ᠠ ᠪᠣᠯᠭᠠᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠪᠠᠨ ᠴᠢᠩᠭᠠᠷᠠᠭᠤᠯᠬᠤ  ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠲᠣᠭᠤᠷᠢᠨ ᠪᠠᠶᠢᠴᠠᠭᠠᠬᠤ  ᠪᠠᠶᠢᠭᠤᠯᠤᠮᠵᠢ ᠪᠣᠯᠤᠨ ᠬᠢᠨᠠᠨ ᠪᠣᠳᠣᠬᠤ ᠪᠠᠶᠢᠭᠤᠯᠤᠯᠭ᠎ᠠ ᠨᠤᠭᠤᠳ ᠨᠢ ᠬᠡᠷᠡᠭ ᠢ ᠪᠠᠶᠢᠴᠠᠭᠠᠬᠤ᠂ ᠲᠣᠭᠤᠷᠢᠨ  ᠪᠠᠶᠢᠴᠠᠭᠠᠬᠤ ᠴᠠᠬᠳᠠᠨ ᠪᠠᠶᠢᠴᠠᠭᠠᠬᠤ ᠪᠠ ᠬᠢᠨᠠᠨ ᠪᠣᠳᠣᠬᠤ ᠠᠵᠢᠯ ᠤᠨ ᠳᠤᠮᠳᠠ᠂ ᠤᠳᠤᠷᠢᠳᠬᠤ ᠺᠠᠳ᠋ᠷ ᠦᠨᠡᠨ  ᠪᠣᠳᠠᠲᠠᠶ ᠪᠠᠷ ᠮᠡᠳᠡᠭᠦᠯᠦᠭᠰᠡᠨ ᠦᠭᠡᠶ᠂ ᠨᠥᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠲᠡᠭᠦᠨ ᠤ ᠨᠥᠬᠦᠷ ᠪᠤᠶᠤ  ᠬᠡᠷᠭᠡᠢ ᠶᠢᠨ ᠲᠣᠭᠲᠠᠭᠠᠯ ᠠᠴᠠ ᠵᠥᠷᠢᠴᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ  ᠠᠰᠢᠬᠯᠠᠯᠳᠡ ᠳᠤ ᠣᠷᠣᠯᠴᠠᠭᠰᠠᠨ ᠠᠰᠠᠭᠤᠳᠠᠯ ᠢ ᠴᠠᠬ ᠲᠤᠬᠠᠢ ᠳᠤᠨᠢ ᠵᠠᠯᠠᠷᠠᠭᠤᠯᠤᠬᠰᠠᠨ ᠦᠭᠡᠢ ᠶᠢ ᠤᠯᠵᠤ ᠮᠡᠳᠡᠪᠡᠯ  ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠴᠢᠩᠭ᠎ᠠ ᠰᠢᠢᠳᠪᠦᠷᠢᠯᠡᠬᠦ ᠬᠡᠷᠡᠭᠲᠡᠶ᠃ ᠤᠳᠤᠷᠢᠳᠬᠤ ᠺᠠᠳ᠋ᠷ ᠨᠢ  ᠵᠢᠯ ᠪᠦᠷᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠪᠤᠶᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ  ᠳᠡᠭᠡᠷ᠎ᠡ ᠨᠦᠬᠦᠷ ᠪᠤᠶᠤ ᠬᠡᠷᠭᠡᠢ᠂ ᠦᠷ᠎ᠡ ᠬᠡᠦᠬᠡᠳ ᠵᠢᠴᠢ ᠨᠦᠬᠦᠷ ᠪᠤᠶᠤ ᠬᠡᠷᠭᠡᠢ ᠶᠢᠨ ᠢᠶᠠᠨ ᠠᠭᠤᠷᠬᠠᠢ ᠶᠢᠨ  ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠡ ᠳᠤ ᠣᠷᠣᠯᠴᠠᠭᠰᠠᠨ ᠪᠠᠶᠢᠳᠠᠯ ᠤᠨ ᠲᠤᠬᠠᠢ  ᠲᠣᠳᠣᠷᠬᠠᠶᠢᠯᠠᠯᠲᠠ ᠬᠢᠬᠦ ᠬᠡᠷᠡᠭᠲᠡᠢ ᠬᠡᠵᠦ ᠱᠠᠭᠠᠷᠳᠠᠬᠰᠠᠨ ᠪᠠᠶᠢᠨ᠎ᠠ᠃ http://mongol.people.com.cn/15831560.html
ᠢᠷᠡᠯᠲᠡ᠄ ᠠᠷᠠᠳ ᠤᠨ ᠰᠦᠯᠵᠢᠶ᠎ᠡ