ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2021/1/5

   ᠨᠢᠭᠡᠳᠦᠭᠡᠷ ᠵᠤᠷᠪᠤᠰ  ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂  

ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ ︽ᠪᠦᠭᠦᠳᠡ

ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠂ ︽ᠬᠤᠲᠠ ᠶᠢᠨ ᠭᠡᠷ ᠪᠠᠶᠢᠰᠢᠩ

ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ ᠡᠵᠡᠩᠨᠡᠯᠲᠡ ᠶᠢᠨ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠲᠤᠰ ᠲᠣᠭᠲᠠᠭᠠᠯ ᠢ ᠲᠣᠭᠲᠠᠭᠠᠪᠠ᠃

   ᠬᠤᠶᠠᠳᠤᠭᠠᠷ ᠵᠤᠷᠪᠤᠰ  ᠲᠤᠰ ᠲᠣᠭᠲᠠᠭᠠᠯ ᠳᠤ ᠬᠡᠯᠡᠵᠦ ᠪᠠᠶᠢᠭ᠎ᠠ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠵᠢᠨ‌ᠠᠵᠤ ᠠᠬᠤᠶᠢᠯᠠᠯ ᠭᠡᠳᠡᠭ ᠪᠣᠯ ᠬᠠᠤᠯᠢ

ᠶᠣᠰᠣᠭᠠᠷ ᠪᠠᠶᠢᠭᠤᠯᠤᠭᠰᠠᠨ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠠᠵᠤ ᠠᠬᠤᠢ ᠶᠢᠨ ᠪᠣᠳᠠᠲᠤ ᠴᠣᠭᠴᠠ ᠶᠢ ᠵᠢᠭᠠᠵᠤ ᠪᠣᠢ᠃

ᠭᠤᠷᠪᠠᠳᠤᠭᠠᠷ ᠵᠤᠷᠪᠤᠰ  ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠲᠤᠰ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠬᠢᠷᠢ

ᠬᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠷᠢ ᠬᠡᠮ ᠤᠨ ᠵᠡᠷᠭᠡ

ᠳᠡᠰ ᠤᠨ ᠦᠨᠡᠮᠯᠡᠯ ︵ᠳᠣᠷᠣᠭᠰᠢ ᠬᠢᠷᠢ ᠬᠡᠮ ᠤᠨ ᠦᠨᠡᠮᠯᠡᠯ ᠭᠡᠵᠦ ᠲᠣᠪᠴᠢᠯᠠᠨ᠎ᠠ︶ ᠥᠬᠡᠢ ᠠᠵᠤ ᠠᠬᠤᠶᠢᠯᠠᠯ ᠤᠳ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ

ᠠᠰᠢᠭᠯᠠᠵᠤ ᠡᠵᠡᠩᠨᠡᠬᠦ  ᠲᠤᠬᠠᠶᠢᠯᠠᠭᠰᠠᠨ ᠠᠵᠢᠯ ᠢ ᠡᠷᠬᠢᠯᠡᠵᠦ ᠪᠣᠯᠬᠤ ᠥᠬᠡᠢ᠃

   ᠳᠥᠷᠪᠡᠳᠦᠭᠡᠷ ᠵᠤᠷᠪᠤᠰ  ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ

ᠮᠥᠴᠢᠷ ᠠᠴᠠ ᠪᠦᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠵᠢᠨ‌ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢᠨ ᠠᠵᠢᠯ ᠢ

ᠬᠠᠷᠢᠭᠤᠴᠠᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ

ᠬᠥᠷᠥᠩᠭᠡ ᠵᠢᠨ‌ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ  ᠭᠡᠷ ᠪᠠᠶᠢᠰᠢᠩ ᠭᠠᠵᠠᠷ

ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

   ᠲᠠᠪᠤᠳᠤᠭᠠᠷ ᠵᠤᠷᠪᠤᠰ  ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠠᠵᠤ ᠠᠬᠤᠶᠢᠯᠠᠯ ᠤᠨ ᠨᠥᠬᠦᠴᠡᠯ ᠢᠶᠠᠷ ᠨᠢᠭᠡᠳᠦᠭᠡᠷ᠂

ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠵᠡᠷᠭᠡ ᠳᠦᠷᠪᠡᠨ ᠵᠦᠢᠯ ᠤᠨ ᠬᠢᠷᠢ ᠬᠡᠮ ᠤᠨ ᠵᠡᠷᠭᠡ ᠳᠡᠰ ᠬᠤᠪᠢᠶᠠᠨ᠎ᠠ᠃

   ᠬᠢᠷᠢ ᠬᠡᠮ ᠤᠨ ᠵᠡᠷᠭᠡ ᠳᠡᠰ ᠤᠨ ᠠᠵᠤ ᠠᠬᠤᠶᠢᠯᠠᠯ ᠤᠨ ᠨᠥᠬᠦᠴᠡᠯ ᠳᠣᠣᠷᠠᠬᠢ ᠮᠡᠲᠦ᠄

   ︵ᠨᠢᠭᠡ︶ ᠨᠢᠭᠡᠳᠦᠭᠡᠷ ᠳᠡᠰ ᠤᠨ ᠬᠢᠷᠢ ᠬᠡᠮ

   1. ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠡᠵᠡᠩᠨᠡᠯᠲᠡ ᠶᠢᠨ ᠠᠵᠢᠯ ᠢ 5 ᠵᠢᠯ ᠠᠴᠠ ᠳᠡᠭᠡᠭᠰᠢ ᠬᠢᠭᠰᠡᠨ᠃

   2. ᠣᠶᠢᠷ᠎ᠠ ᠶᠢᠨ 3 ᠵᠢᠯ ᠳᠤ ᠨᠡᠶᠢᠲᠡ 30 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠠᠴᠠ ᠳᠡᠭᠡᠭᠰᠢᠬᠢ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ

ᠳᠠᠭᠤᠰᠬᠠᠭᠰᠠᠨ ᠪᠤᠶᠤ ᠡᠭᠦᠨ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ

ᠪᠠᠶᠢᠬᠤ ᠬᠡᠷᠡᠭᠲᠡᠢ᠃

   3. ᠦᠷᠭᠦᠯᠵᠢᠯᠡᠨ 5 ᠵᠢᠯ ᠳᠠᠷᠠᠭᠠᠯᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 %   ᠳᠤ ᠬᠥᠷᠥᠭᠰᠡᠨ᠃

   4. ᠲᠦᠷᠦᠭᠦᠦ ᠵᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠠᠯᠠᠪᠠᠢ 15 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ

ᠡᠭᠦᠨ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠳᠤ ᠪᠡᠯᠡ ᠣᠷᠣᠭᠤᠯᠤᠭᠰᠠᠨ  ᠃

   5. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ

ᠠᠬᠤᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ 40 ᠬᠥᠮᠦᠨ ᠠᠴᠠ ᠳᠤᠲᠠᠭᠤ ᠥᠬᠡᠢ ᠪᠠᠶᠢᠵᠤ᠂ ᠲᠡᠭᠦᠨ ᠤ ᠳᠣᠲᠣᠷᠠᠬᠢ

ᠳᠤᠮᠳᠠ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠠᠮᠢᠶᠠᠷᠤᠯᠲᠠ ᠶᠢᠨ ᠠᠵᠢᠯᠲᠠᠨ ᠨᠢ 20 ᠬᠥᠮᠦᠨ ᠠᠴᠠ ᠳᠤᠲᠠᠭᠤ ᠥᠬᠡᠢ᠂ ᠬᠢᠷᠢ ᠭᠡᠮ ᠤᠨ

ᠦᠨᠡᠮᠯᠡᠯ ᠲᠠᠢ ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 4 ᠬᠥᠮᠦᠨ ᠠᠴᠠ ᠳᠤᠲᠠᠭᠤ ᠥᠬᠡᠢ  ᠪᠠᠶᠢᠬᠤ ᠬᠡᠷᠡᠭᠲᠡᠢ᠃

   6. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ

ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃

   7. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ

ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ‌‍ᠶᠢᠨ ᠪᠢᠴᠢᠭ︾ ᠤᠨ ᠳᠦᠷᠢᠮ ᠢ  

ᠬᠡᠷᠡᠭᠵᠢᠭᠦᠯᠦᠨ᠎ᠡ᠃

   8. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃

   ︵ᠬᠤᠶᠠᠷ︶  ᠬᠤᠶᠠᠳᠤᠭᠠᠷ ᠳᠡᠰ ᠤᠨ ᠬᠢᠷᠢ ᠬᠡᠮ

   1. ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠡᠵᠡᠩᠨᠡᠯᠲᠡ ᠶᠢᠨ ᠠᠵᠢᠯ ᠢ 3 ᠵᠢᠯ ᠠᠴᠠ ᠳᠡᠭᠡᠭᠰᠢ ᠬᠢᠭᠰᠡᠨ᠃

   2. ᠣᠶᠢᠷ᠎ᠠ ᠶᠢᠨ 3 ᠵᠢᠯ ᠳᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠡᠶᠢᠲᠡ15 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠠᠭᠤᠰᠬᠠᠭᠰᠠᠨ

ᠪᠤᠶᠤ ᠡᠭᠦᠨ ᠲᠠᠢ ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠬᠤ ᠬᠡᠷᠡᠭᠲᠡᠢ

   3. ᠦᠷᠭᠦᠯᠵᠢᠯᠡᠨ3 ᠵᠢᠯ ᠳᠠᠷᠠᠭᠠᠯᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠳᠤ ᠬᠥᠷᠥᠭᠰᠡᠨ᠃

   4. ᠲᠦᠷᠦᠭᠦᠦ ᠵᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠠᠯᠠᠪᠠᠢ 10 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ

ᠡᠭᠦᠨ ᠲᠠᠢ ᠠᠳᠠᠯᠢᠪᠲᠤᠷ  ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ ᠳᠤ ᠪᠡᠯᠡ ᠣᠷᠣᠭᠤᠯᠤᠭᠰᠠᠨ  ᠃

   5. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ

ᠠᠬᠤᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ 20 ᠬᠥᠮᠦᠨ ᠠᠴᠠ ᠳᠤᠲᠠᠭᠤ ᠥᠬᠡᠢ ᠪᠠᠶᠢᠵᠤ᠂ ᠲᠡᠭᠦᠨ ᠤ ᠳᠣᠲᠣᠷᠠᠬᠢ

ᠳᠤᠮᠳᠠ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠠᠮᠢᠶᠠᠷᠤᠯᠲᠠ ᠶᠢᠨ ᠠᠵᠢᠯᠲᠠᠨ ᠨᠢ 10 ᠬᠥᠮᠦᠨ ᠠᠴᠠ ᠳᠤᠲᠠᠭᠤ ᠥᠬᠡᠢ᠂ ᠬᠢᠷᠢ ᠭᠡᠮ ᠤᠨ

ᠦᠨᠡᠮᠯᠡᠯ ᠲᠠᠢ ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 3 ᠬᠥᠮᠦᠨ ᠠᠴᠠ ᠳᠤᠲᠠᠭᠤ ᠥᠬᠡᠢ  ᠪᠠᠶᠢᠬᠤ ᠬᠡᠷᠡᠭᠲᠡᠢ᠃

   6. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ

ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃

   7. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ

ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ‌‍ᠶᠢᠨ ᠪᠢᠴᠢᠭ︾ ᠤᠨ ᠳᠦᠷᠢᠮ ᠢ

ᠬᠡᠷᠡᠭᠵᠢᠭᠦᠯᠦᠨ᠎ᠡ᠃

   8. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃

︵ᠭᠤᠷᠪᠠ︶  ᠭᠤᠷᠪᠠᠳᠤᠭᠠᠷ ᠳᠡᠰ ᠤᠨ ᠬᠢᠷᠢ ᠬᠡᠮ

   1. ᠭᠡᠷ ᠪᠠᠶᠢᠰᠢᠩ ᠭᠠᠵᠠᠷ ᠬᠥᠷᠥᠩᠭᠡ ᠵᠢᠨ‌ᠨᠡᠭᠡᠭᠡᠯᠲᠡ ᠡᠵᠡᠩᠨᠡᠯᠲᠡ ᠶᠢᠨ ᠠᠵᠢᠯ ᠢ 2 ᠵᠢᠯ ᠠᠴᠠ ᠳᠡᠭᠡᠭᠰᠢ ᠬᠢᠭᠰᠡᠨ᠃

   2. ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠢ ᠨᠡᠶᠢᠲᠡ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠠᠭᠤᠰᠬᠠᠭᠰᠠᠨ ᠪᠤᠶᠤ ᠡᠭᠦᠨ ᠲᠠᠢ

ᠠᠳᠠᠯᠢᠪᠲᠤᠷ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢ ᠪᠡᠶᠡᠯᠡᠭᠦᠯᠦᠭᠰᠡᠨ ᠪᠠᠶᠢᠬᠤ ᠬᠡᠷᠡᠭᠲᠡᠢ᠃

   3. ᠦᠷᠭᠦᠯᠵᠢᠯᠡᠨ2 ᠵᠢᠯ ᠳᠠᠷᠠᠭᠠᠯᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠳᠤ ᠬᠥᠷᠥᠭᠰᠡᠨ᠃

   4. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ

ᠠᠬᠤᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ10 ᠬᠥᠮᠦᠨ ᠠᠴᠠ ᠳᠤᠲᠠᠭᠤ ᠥᠬᠡᠢ ᠪᠠᠶᠢᠵᠤ᠂ ᠲᠡᠭᠦᠨ ᠤ ᠳᠣᠲᠣᠷᠠᠬᠢ

ᠳᠤᠮᠳᠠ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠬᠠᠮᠢᠶᠠᠷᠤᠯᠲᠠ ᠶᠢᠨ ᠠᠵᠢᠯᠲᠠᠨ ᠨᠢ 5 ᠬᠥᠮᠦᠨ ᠠᠴᠠ ᠳᠤᠲᠠᠭᠤ ᠥᠬᠡᠢ᠂ ᠬᠢᠷᠢ ᠭᠡᠮ ᠤᠨ

ᠦᠨᠡᠮᠯᠡᠯ ᠲᠠᠢ ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 2 ᠬᠥᠮᠦᠨ ᠠᠴᠠ ᠳᠤᠲᠠᠭᠤ ᠥᠬᠡᠢ  ᠪᠠᠶᠢᠬᠤ ᠬᠡᠷᠡᠭᠲᠡᠢ᠃

   5. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ

ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃

   6. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ

ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ‌‍ᠶᠢᠨ ᠪᠢᠴᠢᠭ︾ ᠤᠨ ᠳᠦᠷᠢᠮ ᠢ  

ᠬᠡᠷᠡᠭᠵᠢᠭᠦᠯᠦᠨ᠎ᠡ᠃

   7. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃

   ︵ᠳᠥᠷᠪᠡ︶   ᠳᠥᠷᠪᠡᠳᠦᠭᠡᠷ ᠳᠡᠰ ᠤᠨ ᠬᠢᠷᠢ ᠬᠡᠮ

   1. ᠭᠡᠷ ᠪᠠᠶᠢᠰᠢᠩ ᠭᠠᠵᠠᠷ ᠬᠥᠷᠥᠩᠭᠡ ᠵᠢᠨ‌ᠨᠡᠭᠡᠭᠡᠯᠲᠡ ᠡᠵᠡᠩᠨᠡᠯᠲᠡ ᠶᠢᠨ ᠠᠵᠢᠯ ᠢ 1 ᠵᠢᠯ ᠠᠴᠠ ᠳᠡᠭᠡᠭᠰᠢ ᠬᠢᠭᠰᠡᠨ᠃

   2. ᠨᠢᠭᠡᠨᠲᠡ ᠳᠠᠭᠤᠰᠤᠭᠰᠠᠨ ᠪᠠᠷᠢᠯᠭ᠎ᠠ ᠶᠢᠨ ᠶᠠᠰᠤ ᠴᠢᠨᠠᠷ ᠤᠨ ᠬᠢᠷᠢ ᠲᠡᠩᠴᠡᠭᠰᠡᠨ ᠨᠣᠷᠮ᠎ᠠ ᠨᠢ 100 % ᠃

   3. ᠮᠡᠷᠭᠡᠵᠢᠯ ᠤᠨ ᠴᠣᠯᠠ ᠲᠠᠢ ᠪᠠᠷᠢᠯᠭ᠎ᠠ᠂ ᠪᠦᠲᠦᠴᠡ᠂ ᠡᠳ᠋ ᠤᠨ ᠶᠠᠪᠤᠳᠠᠯ᠂ ᠭᠡᠷ ᠪᠠᠶᠢᠰᠢᠩ ᠭᠠᠵᠠᠷ ᠬᠥᠷᠥᠩᠭᠡ ᠵᠢᠴᠢ ᠬᠤᠯᠪᠣᠭᠳᠠᠯ ᠪᠦᠬᠦᠢ ᠠᠵᠤ

ᠠᠬᠤᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠨᠢ 5 ᠬᠥᠮᠦᠨ ᠠᠴᠠ ᠳᠤᠲᠠᠭᠤ ᠥᠬᠡᠢ ᠪᠠᠶᠢᠵᠤ  ᠂ ᠬᠢᠷᠢ ᠭᠡᠮ ᠤᠨ

ᠦᠨᠡᠮᠯᠡᠯ ᠲᠠᠢ ᠲᠤᠰᠬᠠᠢ ᠲᠤᠰᠢᠶᠠᠯ ᠲᠠᠢ ᠨᠢᠭᠲᠠᠯᠠᠨ ᠪᠣᠳᠣᠬᠤ ᠠᠵᠢᠯᠲᠠᠨ ᠨᠢ 2 ᠬᠥᠮᠦᠨ ᠠᠴᠠ ᠳᠤᠲᠠᠭᠤ ᠥᠬᠡᠢ  ᠪᠠᠶᠢᠬᠤ ᠬᠡᠷᠡᠭᠲᠡᠢ᠃

   4. ᠪᠠᠷᠢᠯᠭ᠎ᠠ ᠶᠢᠨ ᠮᠡᠷᠭᠡᠵᠢᠯ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠨᠢ ᠵᠣᠬᠢᠴᠠᠩᠭᠤᠢ ᠲᠤᠰᠬᠠᠢ

ᠮᠡᠷᠭᠡᠵᠢᠯ ᠤᠨ ᠳᠤᠮᠳᠠ ᠳᠡᠰ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠃

   5. ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠲᠠᠢ᠂ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠳᠤ ︽ᠣᠷᠣᠨ

ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠠ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ‌‍ᠶᠢᠨ ᠪᠢᠴᠢᠭ︾ ᠤᠨ ᠳᠦᠷᠢᠮ ᠢ  

ᠬᠡᠷᠡᠭᠵᠢᠭᠦᠯᠦᠨ᠎ᠡ᠃

   6. ᠴᠢᠬᠤᠯᠠ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠴᠤ ᠥᠩᠭᠡᠷᠡᠭᠰᠡᠨ ᠥᠬᠡᠢ᠃

ᠵᠢᠷᠭᠤᠳᠤᠭᠠᠷ ᠵᠤᠷᠪᠤᠰ  ᠰᠢᠨ᠎ᠡ ᠪᠠᠷ ᠪᠠᠶᠢᠭᠤᠯᠤᠭᠳᠠᠭᠰᠠᠨ‌‍ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠡᠵᠡᠩᠨᠡᠯᠲᠡ ᠶᠢᠨ ᠦᠨᠡᠮᠯᠡᠯ

ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ ᠤᠳ ᠢ ᠠᠪᠴᠤ ᠭᠡᠷ ᠪᠠᠶᠢᠰᠢᠩ ᠭᠠᠵᠠᠷ

ᠬᠥᠷᠥᠩᠭᠡ ᠵᠢᠨ‌ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃

   ︵ᠨᠢᠭᠡ︶ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ

   ︵ᠬᠤᠶᠠᠷ︶ ᠠᠵᠤ ᠠᠬᠤᠶᠢᠯᠠᠯ ᠤᠨ ᠳᠦᠷᠢᠮ

   ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠲᠥᠯᠥᠭᠡᠯᠡᠭᠴᠢ ᠶᠢᠨ ᠪᠡᠶ᠎ᠡ ᠶᠢᠨ ᠭᠡᠷᠡᠴᠢ

   ︵ᠳᠥᠷᠪᠡ︶ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠭᠡᠮ ᠤᠨ ᠦᠨᠡᠮᠯᠡᠯ ᠪᠠ ᠬᠥᠳᠡᠯᠮᠦᠷᠢ ᠶᠢᠨ ᠭᠡᠷ᠎ᠡ

   ︵ᠲᠠᠪᠤ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠭᠠᠷᠭᠠᠵᠤ ᠦᠵᠡᠭᠦᠯᠬᠦ ᠴᠢᠬᠤᠯᠠ ᠲᠠᠢ

ᠭᠡᠵᠦ ᠦᠵᠡᠭᠰᠡᠨ ᠪᠤᠰᠤᠳ ᠪᠢᠴᠢᠭ ᠮᠠᠲ᠋ᠧᠷᠢᠶᠠᠯ ᠤᠳ᠃

   ᠭᠡᠷ ᠪᠠᠶᠢᠰᠢᠩ ᠭᠠᠵᠠᠷ ᠬᠥᠷᠥᠩᠭᠡ ᠵᠢᠨ‌ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩᠰᠠᠯᠠᠭᠤᠯᠬᠤ ᠭᠤᠶᠤᠴᠢᠯᠠᠯ ᠢ ᠣᠯᠤᠭᠰᠠᠨ ᠤ

ᠳᠠᠷᠠᠭ᠎ᠠ 30 ᠡᠳᠦᠷ ᠤᠨ ᠳᠣᠲᠣᠷ᠎ᠠ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ︽ᠲᠦᠷ ᠳᠣᠭᠳᠠᠭᠰᠠᠨ ᠬᠢᠷᠢ ᠬᠡᠮ ᠤᠨ ᠦᠨᠡᠮᠯᠡᠯ︾ ᠢ ᠬᠢᠨᠠᠨ ᠣᠯᠭᠤᠬᠤ

ᠬᠡᠷᠡᠭᠲᠡᠢ᠃

   ︽ᠲᠦᠷ ᠳᠣᠭᠳᠠᠭᠰᠠᠨ ᠬᠢᠷᠢ ᠭᠡᠮ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ 1 ᠵᠢᠯ ᠪᠣᠯᠤᠨ᠎ᠠ᠃ ᠭᠡᠷ  ᠪᠠᠶᠢᠰᠢᠩ ᠭᠠᠵᠠᠷ ᠬᠥᠷᠥᠩᠭᠡ ᠶᠢᠨ

ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠦᠵᠡᠵᠦ ︽ᠲᠦᠷ ᠳᠣᠭᠳᠠᠭᠰᠠᠨ ᠬᠢᠷᠢ

ᠬᠡᠮ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠶᠢ 2 ᠵᠢᠯ ᠠᠴᠠ ᠬᠡᠲᠦᠷᠡᠭᠦᠯᠵᠦ

ᠪᠣᠯᠬᠤ ᠦᠭᠡᠢ᠃

   ︽ᠲᠦᠷ ᠳᠣᠭᠳᠠᠭᠰᠠᠨ ᠬᠢᠷᠢ ᠭᠡᠮ ᠤᠨ ᠦᠨᠡᠮᠯᠡᠯ︾ ᠣᠯᠤᠭᠰᠠᠨ ᠡᠳᠦᠷ ᠠᠴᠠ ᠡᠬᠢᠯᠡᠨ 1 ᠵᠢᠯ ᠤᠨ ᠳᠣᠲᠣᠷ᠎ᠠ ᠨᠡᠭᠡᠭᠡᠨ ᠬᠥᠭᠵᠢᠭᠦᠯᠬᠦ ᠲᠥᠷᠥᠯ ᠵᠦᠢᠯ ᠦᠭᠡᠢ

ᠪᠣᠯ ︽ᠲᠦᠷ ᠳᠣᠭᠳᠠᠭᠰᠠᠨ ᠬᠢᠷᠢ ᠭᠡᠮ ᠤᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠵᠤ ᠪᠣᠯᠬᠤ ᠦᠭᠡᠢ᠃

   ᠳᠣᠯᠣᠳᠤᠭᠠᠷ ᠵᠤᠷᠪᠤᠰ  ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ︽ᠲᠦᠷ ᠳᠣᠭᠳᠠᠭᠰᠠᠨ ᠬᠢᠷᠢ ᠬᠡᠮ ᠤᠨ ᠦᠨᠡᠮᠯᠡᠯ︾

 ᠤᠨ ᠬᠦᠴᠦᠨ ᠲᠠᠢ ᠬᠤᠭᠤᠴᠠᠭ᠎ᠠ ᠲᠤᠯᠬᠤ ᠠᠴᠠ ᠡᠮᠦᠨ᠎ᠡ ᠨᠢᠭᠡ ᠰᠠᠷ᠎ᠠ ᠶᠢᠨ ᠳᠣᠲᠣᠷ᠎ᠠ ᠭᠡᠷ ᠪᠠᠶᠢᠰᠢᠩ ᠭᠠᠵᠠᠷ ᠬᠥᠷᠥᠩᠭᠡ  ᠶᠢᠨ ᠨᠡᠭᠡᠭᠡᠯᠲᠡ ᠶᠢ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠲᠤ ᠬᠢᠷᠢ  ᠬᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃ ᠭᠡᠷ ᠪᠠᠶᠢᠰᠢᠩ ᠭᠠᠵᠠᠷ

ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠡᠭᠦᠨ ᠤ ᠨᠡᠭᠡᠭᠡᠨ ᠡᠵᠡᠩᠨᠡᠬᠦ ᠠᠮᠵᠢᠯᠲᠠ ᠪᠦᠲᠦᠮᠵᠢ ᠶᠢ ᠦᠨᠳᠦᠰᠦᠯᠡᠨ

ᠵᠣᠬᠢᠴᠠᠩᠭᠤᠢ ᠬᠢᠷᠢ ᠬᠡᠮ ᠤᠨ ᠵᠡᠷᠭᠡ ᠳᠡᠰ ᠢ ᠬᠢᠨᠠᠨ ᠲᠣᠭᠲᠠᠭᠠᠬᠤ ᠬᠡᠷᠡᠭᠲᠡᠢ᠃

   ᠨᠠᠢᠮᠠᠳᠤᠭᠠᠷ ᠵᠤᠷᠪᠤᠰ  ︽ᠲᠦᠷ ᠳᠣᠭᠳᠠᠭᠰᠠᠨ ᠬᠢᠷᠢ ᠬᠡᠮ ᠤᠨ ᠦᠨᠡᠮᠯᠡᠯ︾ ᠢ ᠭᠤᠶᠤᠴᠢᠯᠠᠬᠤ ᠨᠥᠬᠦᠴᠡᠯ ᠨᠢ ᠳᠥᠷᠪᠡᠳᠦᠭᠡᠷ ᠳᠡᠰ ᠤᠨ ᠬᠢᠷᠢ  ᠬᠡᠮ ᠤᠨ ᠠᠵᠤ

 ᠠᠬᠤᠶᠢᠯᠠᠯ ᠤᠨ ᠨᠥᠬᠦᠴᠡᠯ ᠠᠴᠠ ᠳᠣᠣᠷ᠎ᠠ ᠪᠠᠶᠢᠵᠤ ᠪᠣᠯᠬᠤ ᠥᠬᠡᠢ᠃

   ᠶᠢᠰᠦᠳᠦᠭᠡᠷ ᠵᠤᠷᠪᠤᠰ  ᠲᠦᠷ ᠴᠠᠭ ᠤᠷᠢᠨ ᠬᠡᠷᠡᠭᠯᠡᠬᠦ ᠪᠤᠶᠤ ᠲᠤᠰᠢᠶᠠᠯ ᠬᠠᠪᠰᠤᠷᠭᠠᠭᠰᠠᠨ ᠬᠠᠮᠢᠶᠠᠷᠤᠯᠲᠠ ᠵᠢᠴᠢ ᠮᠡᠷᠭᠡᠵᠢᠯ ᠤᠨ ᠠᠵᠢᠯᠲᠠᠨ ᠢ ᠠᠵᠤ

ᠠᠬᠤᠶᠢᠯᠠᠯ ᠤᠨ ᠬᠠᠮᠢᠶᠠᠷᠤᠯᠲᠠ ᠵᠢᠴᠢ ᠮᠡᠷᠭᠡᠵᠢᠯ ᠤᠨ ᠠᠵᠢᠯᠲᠠᠨ ᠤ ᠶᠡᠷᠦᠩᠬᠡᠢ ᠲᠤᠭ᠎ᠠ ᠳᠤ ᠪᠣᠳᠣᠵᠤ ᠣᠷᠣᠭᠤᠯᠵᠤ ᠪᠣᠯᠬᠤ ᠦᠭᠡᠢ᠃

   ᠠᠷᠪᠠᠳᠤᠭᠠᠷ ᠵᠤᠷᠪᠤᠰ  ᠬᠢᠷᠢ ᠬᠡᠮ ᠤᠨ ᠵᠡᠷᠭᠡ ᠳᠡᠰ ᠢ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠰᠠᠨ ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ

 ᠶᠢᠨ ᠠᠵᠤ ᠠᠬᠤᠶᠢᠯᠠᠯ ᠳᠣᠣᠷ᠎ᠠ ᠵᠢᠭᠰᠠᠭᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠢ᠃

   ︵ᠨᠢᠭᠡ︶ ᠠᠵᠤ  ᠠᠬᠤᠶᠢᠯᠠᠯ ᠤᠨ ᠬᠢᠷᠢ  ᠬᠡᠮ ᠤᠨ ᠵᠡᠷᠭᠡ ᠳᠡᠰ ᠤᠨ ᠮᠡᠳᠡᠭᠦᠯᠬᠦ ᠬᠦᠰᠦᠨᠦᠭᠲᠦ

   ︵ᠬᠤᠶᠠᠷ︶ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ︵ᠵᠢᠩᠬᠢᠨᠢ᠂ ᠬᠠᠭᠤᠯᠪᠤᠷᠢ ᠳᠡᠪᠲᠡᠷ︶

   ︵ᠭᠤᠷᠪᠠ︶ ᠠᠵᠤ ᠠᠬᠤᠶᠢᠯᠠᠯ ᠤᠨ ᠬᠥᠷᠥᠩᠭᠡ ᠥᠷᠢ ᠶᠢᠨ  ᠬᠦᠰᠦᠨᠦᠭᠲᠦ

   ︵ᠳᠥᠷᠪᠡ︶ ᠠᠵᠤ ᠠᠬᠤᠶᠢᠯᠠᠯ  ᠤᠨ ᠬᠠᠤᠯᠢ ᠵᠢᠨ‌‍ᠲ᠋ᠥ᠋ᠯᠥᠭᠡᠯᠡᠭᠴᠢ ᠪᠣᠯᠤᠨ ᠠᠵᠤ ᠠᠬᠤᠢ᠂ ᠲᠧᠭᠨᠢᠭ ᠮᠡᠷᠭᠡᠵᠢᠯ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠤ

ᠲᠤᠰᠢᠶᠠᠯ ᠤᠨ ᠴᠣᠯᠠ ᠶᠢᠨ ᠦᠨᠡᠮᠯᠡᠯ

   ︵ᠲᠠᠪᠤ︶ ᠨᠢᠭᠡᠨᠲᠡ ᠨᠡᠭᠡᠭᠡᠨ ᠡᠵᠡᠩᠨᠡᠭᠰᠡᠨ ᠵᠦᠢᠯᠡᠰ ᠲᠤ ᠬᠤᠯᠪᠣᠭᠳᠠᠬᠤ ᠭᠡᠷᠡᠴᠢ ᠮᠠᠲ᠋ᠧᠷᠢᠶᠠᠯ

   ︵ᠵᠢᠷᠭᠤᠭ᠎ᠠ︶  ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ  ᠶᠢᠨ ᠵᠦᠢᠯᠡᠰ ᠤᠨ ᠭᠠᠷ ᠳᠡᠪᠲᠡᠷ ᠵᠢᠴᠢ ︽ᠣᠷᠣᠨ ᠰᠠᠭᠤᠴᠠ ᠶᠢᠨ ᠶᠠᠰᠤ ᠴᠢᠨᠠᠷ ᠤᠨ

ᠪᠠᠲᠤᠯᠠᠭ᠎ᠠ ᠶᠢᠨ ᠪᠢᠴᠢᠭ︾᠂ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ︾ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ

   ︵ᠳᠣᠯᠤᠭ᠎ᠠ︶ ᠪᠤᠰᠤᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠪᠠᠷᠢᠮᠲᠠ᠃

ᠠᠷᠪᠠᠨ ᠨᠢᠭᠡᠳᠦᠭᠡᠷ ᠵᠤᠷᠪᠤᠰ   ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ ᠠᠵᠤ ᠠᠬᠤᠶᠢᠯᠠᠯ ᠤᠨ ᠬᠢᠷᠢ  ᠬᠡᠮ ᠤᠨ ᠵᠡᠷᠭᠡ ᠳᠡᠰ ᠢ ᠱᠠᠲᠤ ᠬᠤᠪᠢᠶᠠᠵᠤ

ᠬᠢᠨᠠᠨ ᠵᠥᠪᠰᠢᠶᠡᠷᠡᠨ᠎ᠡ᠃

ᠨᠢᠭᠡᠳᠦᠭᠡᠷ ᠳᠡᠰ ᠤᠨ ᠬᠢᠷᠢ ᠬᠡᠮ ᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ

ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ

ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃

   ᠬᠤᠶᠠᠳᠤᠭᠠᠷ ᠳᠡᠰ ᠤᠨ ᠬᠢᠷᠢ ᠬᠡᠮ ᠵᠢᠴᠢ ᠬᠤᠶᠠᠳᠤᠭᠠᠷ ᠳᠡᠰ ᠤᠨ ᠬᠢᠷᠢ ᠬᠡᠮ ᠠᠴᠠ ᠳᠣᠷᠣᠭᠰᠢᠬᠢ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠠᠷᠭ᠎ᠠ ᠶᠢ

ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ‌‍ᠪᠠᠶᠢᠭᠤᠯᠤᠯᠲᠠ ᠶᠢᠨ ᠵᠠᠰᠠᠭ ᠵᠠᠬᠢᠷᠭᠠᠨ ᠤ

ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃

   ᠬᠢᠷᠢ ᠭᠡᠮ ᠢ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠠᠵᠤ ᠠᠬᠤᠶᠢᠯᠠᠯ ᠳᠤ ᠬᠢᠷᠢ ᠭᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠵᠣᠬᠢᠴᠠᠩᠭᠤᠢ

ᠵᠡᠷᠭᠡ ᠳᠡᠰ ᠤᠨ ᠬᠢᠷᠢ ᠭᠡᠮ ᠤᠨ ᠦᠨᠡᠮᠯᠡᠯ ᠣᠯᠭᠤᠨ᠎ᠠ᠃

   ᠠᠷᠪᠠᠨ ᠬᠤᠶᠠᠳᠤᠭᠠᠷ ᠵᠤᠷᠪᠤᠰ  ᠬᠢᠷᠢ ᠬᠡᠮ ᠤᠨ ᠦᠨᠡᠮᠯᠡᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ  ᠪᠠᠶᠢᠭᠤᠯᠤᠯᠲᠠ‌‍ᠶᠢᠨ ᠵᠠᠰᠠᠭ ᠵᠠᠬᠢᠷᠭᠠᠨ ᠤ

ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠵᠣᠬᠢᠶᠠᠨ᠎ᠠ᠃ ᠬᠢᠷᠢ ᠬᠡᠮ ᠤᠨ ᠦᠨᠡᠮᠯᠡᠯ ᠢ ᠵᠢᠩᠬᠢᠨᠢ ᠳᠡᠪᠲᠡᠷ ᠪᠠ ᠬᠠᠭᠤᠯᠪᠤᠷᠢ ᠳᠡᠪᠲᠡᠷ ᠬᠤᠪᠢᠶᠠᠵᠤ

᠂ ᠬᠢᠷᠢ ᠬᠡᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠡᠴᠠ‌‍ᠬᠡᠷᠡᠭᠴᠡᠭᠡ ᠪᠠᠨ‌ᠦᠨᠳᠦᠰᠦᠯᠡᠨ ᠬᠢᠷᠢ ᠬᠡᠮ ᠤᠨ ᠦᠨᠡᠮᠯᠡᠯ ᠤᠨ ᠬᠠᠭᠤᠯᠪᠤᠷᠢ ᠳᠡᠪᠲᠡᠷ ᠢ ᠬᠡᠳᠦᠨ ᠬᠤᠪᠢ

ᠬᠠᠷᠭᠤᠭᠤᠯᠤᠨ ᠣᠯᠭᠤᠨ᠎ᠠ᠃

   ᠠᠷᠪᠠᠨ ᠭᠤᠷᠪᠠᠳᠤᠭᠠᠷ ᠵᠤᠷᠪᠤᠰ  ᠶᠠᠮᠠᠷᠪᠠ ᠨᠢᠭᠡᠴᠡ ᠪᠠ ᠬᠤᠪᠢ ᠬᠥᠮᠦᠨ ᠬᠢᠷᠢ ᠬᠡᠮ ᠤᠨ ᠦᠨᠡᠮᠯᠡᠯ ᠢ ᠪᠡᠯᠡᠯᠡᠵᠦ᠂ ᠲᠦᠷᠢᠶᠡᠰᠦᠯᠡᠭᠦᠯᠵᠦ᠂ ᠵᠢᠭᠡᠯᠡᠭᠦᠯᠵᠦ᠂

ᠰᠢᠯᠵᠢᠭᠦᠯᠦᠨ ᠥᠭᠴᠦ᠂ ᠬᠤᠳᠠᠯᠳᠤᠵᠤ ᠪᠣᠯᠬᠤ ᠥᠬᠡᠢ᠃

ᠠᠵᠤ ᠠᠬᠤᠶᠢᠯᠠᠯ ᠠᠴᠠ ᠬᠢᠷᠢ ᠭᠡᠮ ᠤᠨ ᠦᠨᠡᠮᠯᠡᠯ ᠢᠶᠠᠨ ᠭᠡᠭᠡᠭᠰᠡᠨ ᠪᠣᠯ ᠡᠷᠬᠡᠪᠰᠢ ᠰᠣᠨᠢᠨ ᠮᠡᠳᠡᠭᠡᠨ ᠤ ᠵᠠᠭᠤᠴᠢ ᠳᠡᠭᠡᠷ᠎ᠡ ᠬᠦᠴᠦᠨ ᠦᠭᠡᠢ ᠪᠣᠯᠭᠠᠭᠰᠠᠨ ᠢᠶᠠᠨ

ᠲᠣᠳᠣᠷᠬᠠᠶᠢᠯᠠᠭᠰᠠᠨ ᠤ ᠳᠠᠷᠠᠭ᠎ᠠ ᠰᠠᠶ᠋ᠢ ᠨᠥᠬᠦᠪᠥᠷᠢᠯᠡᠵᠦ ᠪᠣᠯᠤᠨ᠎ᠠ᠃

   ᠠᠷᠪᠠᠨ ᠳᠥᠷᠪᠡᠳᠦᠭᠡᠷ ᠵᠤᠷᠪᠤᠰ ᠠᠵᠤ ᠠᠬᠤᠶᠢᠯᠠᠯ ᠢ ᠰᠠᠯᠭᠠᠬᠤ᠂ ᠨᠡᠶᠢᠯᠡᠭᠦᠯᠬᠦ ᠶᠠᠪᠤᠳᠠᠯ ᠭᠠᠷᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠪᠢᠷᠠᠭᠤᠯᠬᠤ ᠭᠠᠷ ᠭᠦᠢᠴᠡᠳᠬᠡᠯ ᠬᠢᠭᠰᠡᠨ ᠤ ᠳᠠᠷᠠᠭᠠᠬᠢ 30 ᠡᠳᠦᠷ ᠤᠨ ᠳᠣᠲᠣᠷ᠎ᠠ ᠤᠤᠯ ᠤᠨ ᠬᠢᠷᠢ ᠭᠡᠮ ᠢ ᠬᠢᠨᠠᠨ

ᠵᠥᠪᠰᠢᠶᠡᠷᠡᠬᠦ ᠰᠠᠯᠠᠭ᠎ᠠ ᠮᠥᠴᠢᠷ ᠲᠤ ᠣᠴᠢᠵᠤ ᠬᠢᠷᠢ ᠬᠡᠮ ᠤᠨ ᠦᠨᠡᠮᠯᠡᠯ ᠢ ᠬᠦᠴᠦᠨ ᠥᠬᠡᠢ ᠪᠣᠯᠭᠠᠬᠤ ᠭᠠᠷᠳᠠᠮ ᠢ ᠭᠤᠶᠤᠴᠢᠯᠠᠨ ᠭᠦᠢᠴᠡᠳᠬᠡᠬᠦ ᠶᠢᠨ ᠬᠠᠮᠲᠤ ᠬᠢᠷᠢ  

ᠬᠡᠮ ᠤᠨ ᠵᠡᠷᠭᠡ ᠳᠡᠰ ᠢᠶᠠᠨ ᠳᠠᠬᠢᠨ ᠭᠤᠶᠤᠴᠢᠯᠠᠬᠤ ᠬᠡᠷᠡᠭᠲᠡᠢ᠃

   ᠠᠷᠪᠠᠨ ᠲᠠᠪᠤᠳᠤᠭᠠᠷ ᠵᠤᠷᠪᠤᠰ  ᠠᠵᠤ ᠠᠬᠤᠶᠢᠯᠠᠯ ᠤᠨ ᠨᠡᠷᠡᠶᠢᠳᠦᠯ᠂ ᠬᠠᠤᠯᠢ  ᠶᠢᠨ ᠲᠥᠯᠥᠭᠡᠯᠡᠭᠴᠢ ᠪᠣᠯᠤᠨ ᠭᠤᠣᠯ ᠬᠠᠮᠢᠶᠠᠷᠤᠯᠲᠠ᠂ ᠮᠡᠷᠭᠡᠵᠢᠯ ᠤᠨ

ᠬᠠᠷᠢᠭᠤᠴᠠᠯᠭᠠᠲᠠᠨ ᠢ ᠬᠤᠪᠢᠷᠠᠭᠤᠯᠬᠤ ᠳᠤ 30 ᠡᠳᠦᠷ ᠤᠨ ᠳᠣᠲᠣᠷ᠎ᠠ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠬᠤᠪᠢᠷᠠᠭᠠᠬᠤ ᠭᠠᠷ

ᠭᠦᠢᠴᠡᠳᠬᠡᠯ ᠬᠢᠬᠦ ᠬᠡᠷᠡᠭᠲᠡᠢ᠃

   ᠠᠷᠪᠠᠨ ᠵᠢᠷᠭᠤᠳᠤᠭᠠᠷ ᠵᠤᠷᠪᠤᠰ  ᠠᠵᠤ ᠠᠬᠤᠶᠢᠯᠠᠯ ᠳᠠᠮᠫᠤᠷᠠᠬᠤ᠂ ᠠᠵᠢᠯ ᠵᠣᠭᠰᠣᠬᠤ ᠪᠤᠶᠤ ᠪᠤᠰᠤᠳ ᠰᠢᠯᠲᠠᠭᠠᠨ ᠠᠴᠠ ᠪᠣᠯᠵᠤ ᠲᠤᠬᠠᠶᠢᠯᠠᠭᠰᠠᠨ ᠠᠵᠢᠯ ᠢᠶᠠᠨ

ᠳᠠᠭᠤᠰᠬᠠᠬᠤ ᠦᠶ᠎ᠡ ᠳᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠡᠵᠡᠩᠨᠡᠯᠲᠡ ᠶᠢᠨ ᠦᠨᠡᠮᠯᠡᠯ ᠢᠶᠠᠨ

ᠬᠦᠴᠦᠨ ᠥᠬᠡᠢ ᠪᠣᠯᠭᠠᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠤᠤᠯ ᠤᠨ ᠬᠢᠷᠢ ᠬᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠲᠤ ᠬᠦᠷᠴᠦ ᠬᠢᠷᠢ

ᠬᠡᠮ ᠤᠨ ᠦᠨᠡᠮᠯᠡᠯ ᠢᠶᠠᠨ ᠬᠦᠴᠦᠨ ᠥᠬᠡᠢ ᠪᠣᠯᠭᠠᠬᠤ ᠬᠡᠷᠡᠭᠲᠡᠢ᠃

   ᠠᠷᠪᠠᠨ ᠳᠣᠯᠣᠳᠤᠭᠠᠷ ᠵᠤᠷᠪᠤᠰ   ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ  ᠬᠡᠮ ᠨᠢ ᠣᠨ ᠤ ᠪᠠᠶᠢᠴᠠᠭᠠᠯᠲᠠ ᠶᠢᠨ

ᠳᠦᠷᠢᠮ ᠢ ᠬᠡᠷᠡᠭᠵᠢᠭᠦᠯᠦᠨ᠎ᠡ᠃ ᠤᠤᠯ ᠤᠨ ᠳᠣᠭᠳᠠᠭᠰᠠᠨ ᠬᠢᠷᠢ ᠭᠡᠮ ᠤᠨ ᠨᠥᠬᠦᠴᠡᠯ ᠳᠤ ᠨᠡᠶᠢᠴᠡᠬᠦ ᠦᠭᠡᠢ ᠪᠤᠶᠤ ᠮᠠᠭᠤ ᠡᠵᠡᠩᠨᠡᠯᠲᠡ ᠶᠢᠨ ᠠᠵᠢᠯᠯᠠᠭ᠎ᠠ ᠲᠠᠢ ᠠᠵᠤ

ᠠᠬᠤᠶᠢᠯᠠᠯ ᠳᠤ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠳᠡᠰ ᠪᠠᠭᠤᠷᠠᠭᠤᠯᠬᠤ ᠪᠤᠶᠤ ᠬᠢᠷᠢ ᠭᠡᠮ ᠤᠨ ᠦᠨᠡᠮᠯᠡᠯ ᠢ ᠨᠢ ᠬᠦᠴᠦᠨ

ᠦᠭᠡᠢ ᠪᠣᠯᠭᠠᠨ᠎ᠠ᠃

   ᠨᠢᠭᠡᠳᠦᠭᠡᠷ ᠳᠡᠰ ᠤᠨ ᠬᠢᠷᠢ ᠬᠡᠮ ᠤᠨ  ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ  ᠶᠢᠨ ᠠᠵᠤ ᠠᠬᠤᠶᠢᠯᠠᠯ ᠤᠨ ᠬᠢᠷᠢ ᠬᠡᠮ ᠤᠨ ᠣᠨ ᠤ

ᠪᠠᠶᠢᠴᠠᠭᠠᠯᠲᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ‌‍ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ

ᠲᠡᠭᠦᠨ ᠤ ᠨᠠᠶᠢᠳᠠᠭᠰᠠᠨ ᠪᠠᠶᠢᠭᠤᠯᠤᠮᠵᠢ ᠠᠴᠠ ᠬᠠᠷᠢᠭᠤᠴᠠᠨ᠎ᠠ᠃

   ᠬᠤᠶᠠᠳᠤᠭᠠᠷ ᠳᠡᠰ ᠤᠨ ᠬᠢᠷᠢ ᠬᠡᠮ ᠵᠢᠴᠢ ᠬᠤᠶᠠᠳᠤᠭᠠᠷ ᠳᠡᠰ ᠤᠨ ᠬᠢᠷᠢ ᠬᠡᠮ ᠠᠴᠠ ᠳᠣᠷᠣᠭᠰᠢ  ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ  ᠶᠢᠨ

ᠠᠵᠤ ᠠᠬᠤᠶᠢᠯᠠᠯ ᠤᠨ ᠬᠢᠷᠢ ᠬᠡᠮ ᠤᠨ ᠣᠨ ᠤ ᠪᠠᠶᠢᠴᠠᠭᠠᠯᠲᠠ ᠶᠢ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ

ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠷᠭ᠎ᠠ ᠲᠣᠭᠲᠠᠭᠠᠨ᠎ᠠ᠃

   ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ‌ᠨᠢ ᠵᠦᠢ ᠶᠣᠰᠣᠨ ᠤ ᠰᠢᠯᠲᠠᠭᠠᠨ ᠥᠬᠡᠢ ᠪᠠᠷ ᠣᠨ ᠤ ᠪᠠᠶᠢᠴᠠᠭᠠᠯᠲᠠ ᠳᠤ

ᠣᠷᠣᠯᠴᠠᠬᠤ ᠥᠬᠡᠢ ᠪᠣᠯ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠢ ᠪᠠᠷ ᠤᠤᠯ ᠤᠨ ᠬᠢᠷᠢ ᠬᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠨᠢ ᠬᠢᠷᠢ

ᠬᠡᠮ ᠤᠨ ᠦᠨᠡᠮᠯᠡᠯ ᠢ ᠨᠢ ᠬᠦᠴᠦᠨ ᠥᠬᠡᠢ ᠪᠣᠯᠭᠠᠨ᠎ᠠ᠃

   ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠡᠷ ᠪᠠᠶᠢᠰᠢᠩ  ᠭᠠᠵᠠᠷ ᠬᠥᠷᠥᠩᠭᠡ ᠶᠢᠨ ᠨᠡᠭᠡᠭᠡᠯᠲᠡ

 ᠶᠢᠨ ᠠᠵᠤ ᠠᠬᠤᠶᠢᠯᠠᠯ ᠤᠨ ᠬᠢᠷᠢ ᠬᠡᠮ ᠤᠨ ᠣᠨ ᠤ ᠪᠠᠢᠴᠠᠭᠠᠯᠲᠠ ᠬᠢᠭᠰᠡᠨ ᠦᠷ᠎ᠡ ᠳ᠋ᠦᠩ ᠢ ᠨᠡᠶᠢᠭᠡᠮ ᠨᠡᠢᠲᠡ ᠳᠤ  ᠨᠡᠶᠢᠲᠡᠯᠡᠬᠦ ᠬᠡᠷᠡᠭᠲᠡᠢ᠃

   ᠠᠷᠪᠠᠨ ᠨᠠᠢᠮᠠᠳᠤᠭᠠᠷ ᠵᠤᠷᠪᠤᠰ   ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠨᠢᠭᠡᠳᠦᠭᠡᠷ ᠳᠡᠰ ᠤᠨ ᠬᠢᠷᠢ ᠭᠡᠮ ᠲᠠᠢ ᠠᠵᠤ ᠠᠬᠤᠶᠢᠯᠠᠯ ᠤᠨ ᠭᠡᠷ

ᠪᠠᠶᠢᠰᠢᠩ ᠭᠠᠵᠠᠷ ᠬᠥᠷᠥᠩᠭᠡ ᠶᠢᠨ ᠵᠦᠢᠯᠡᠰ ᠢ ᠳᠠᠭᠠᠭᠠᠨ ᠠᠪᠬᠤ ᠪᠦᠲᠦᠭᠡᠨ  ᠪᠠᠶᠢᠭᠤᠯᠤᠯᠲᠠ ᠶᠢᠨ ᠬᠡᠪᠴᠢᠶ᠎ᠡ ᠶᠢ ᠬᠢᠵᠠᠭᠠᠷᠯᠠᠬᠤ ᠥᠬᠡᠢ᠂ ᠪᠦᠬᠦ ᠤᠯᠤᠰ ᠤᠨ

ᠬᠡᠪᠴᠢᠶᠡᠨ ᠳᠤ ᠭᠡᠷ ᠪᠠᠶᠢᠰᠢᠩ ᠭᠠᠵᠠᠷ  ᠬᠥᠷᠥᠩᠭᠡ ᠶᠢ ᠨᠡᠭᠡᠭᠡᠨ ᠠᠰᠢᠭᠯᠠᠬᠤ ᠵᠦᠢᠯᠡᠰ ᠢ ᠳᠠᠭᠠᠭᠠᠨ ᠠᠪᠴᠤ ᠪᠣᠯᠤᠨ᠎ᠠ᠃

   ᠬᠤᠶᠠᠳᠤᠭᠠᠷ ᠳᠡᠰ ᠤᠨ ᠬᠢᠷᠢ ᠬᠡᠮ ᠵᠢᠴᠢ ᠬᠤᠶᠠᠳᠤᠭᠠᠷ ᠳᠡᠰ ᠤᠨ ᠬᠢᠷᠢ ᠬᠡᠮ ᠠᠴᠠ ᠳᠣᠷᠣᠭᠰᠢᠬᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ

ᠠᠵᠤ ᠠᠬᠤᠶᠢᠯᠠᠯ ᠤᠨ ᠪᠠᠷᠢᠯᠭ᠎ᠠ ᠶᠢᠨ ᠲᠠᠯᠠᠪᠠᠢ ᠨᠢ 25 ᠲᠦᠮᠡᠨ ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ ᠨᠡᠭᠡᠭᠡᠨ ᠪᠦᠲᠦᠭᠡᠨ ᠪᠠᠶᠢᠭᠤᠯᠬᠤ ᠲᠥᠷᠥᠯ

ᠵᠦᠢᠯ ᠢ ᠡᠭᠦᠷᠭᠡᠯᠡᠵᠦ ᠪᠣᠯᠣᠨ᠎ᠠ᠂ ᠲᠤᠬᠠᠶᠢᠯᠠᠭᠰᠠᠨ ᠠᠵᠢᠯ ᠤᠨ ᠪᠣᠳᠠᠲᠠᠢ ᠬᠡᠪᠴᠢᠶ᠎ᠡ ᠶᠢ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ

ᠠᠷᠠᠳ ᠤᠨ ᠵᠠᠰᠠᠭ ᠤᠨ ᠣᠷᠳᠣᠨ ᠤ ᠪᠦᠲᠦᠭᠡᠨ‌‍ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃

   ᠡᠯ᠎ᠡ ᠬᠢᠷᠢ ᠬᠡᠮ ᠤᠨ ᠵᠡᠷᠭᠡ ᠳᠡᠰ ᠤᠨ ᠠᠵᠤ ᠠᠬᠤᠶᠢᠯᠠᠯ ᠤᠳ ᠲᠣᠭᠲᠠᠭᠰᠠᠨ ᠲᠤᠬᠠᠶᠢᠯᠠᠭᠰᠠᠨ ᠠᠵᠢᠯ ᠤᠨ ᠬᠡᠪᠴᠢᠶᠡᠨ ᠳᠣᠲᠣᠷ᠎ᠠ ᠭᠡᠷ ᠪᠠᠶᠢᠰᠢᠩ ᠭᠠᠵᠠᠷ

ᠬᠥᠷᠥᠩᠭᠡ ᠶᠢ ᠨᠡᠭᠡᠭᠡᠨ ᠠᠰᠢᠭᠯᠠᠵᠤ ᠡᠵᠡᠩᠨᠡᠬᠦ ᠲᠤᠬᠠᠶᠢᠯᠠᠭᠰᠠᠨ ᠠᠵᠢᠯ ᠢ ᠡᠷᠬᠢᠯᠡᠬᠦ ᠬᠡᠷᠡᠭᠲᠡᠢ᠃ ᠳᠡᠰ ᠠᠯᠤᠰᠯᠠᠨ ᠡᠭᠦᠷᠭᠡ ᠬᠠᠷᠢᠭᠤᠴᠠᠵᠤ ᠪᠣᠯᠬᠤ ᠦᠭᠡᠢ᠃

ᠠᠷᠪᠠ ᠶᠢᠰᠦᠳᠦᠭᠡᠷ ᠵᠤᠷᠪᠤᠰ  ᠠᠵᠤ ᠠᠬᠤᠶᠢᠯᠠᠯ ᠨᠢ ᠬᠢᠷᠢ ᠬᠡᠮ ᠤᠨ ᠦᠨᠡᠮᠯᠡᠯ ᠣᠯᠤᠭᠰᠠᠨ ᠦᠭᠡᠢ ᠪᠠᠷ ᠭᠡᠷ ᠪᠠᠶᠢᠰᠢᠩ ᠭᠠᠵᠠᠷ ᠬᠥᠷᠥᠩᠭᠡ  ᠶᠢ ᠨᠡᠭᠡᠭᠡᠨ ᠠᠰᠢᠭᠯᠠᠵᠤ

ᠡᠵᠡᠩᠨᠡᠭᠰᠡᠨ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ

ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ 5 ᠲᠦᠮᠡᠨ ᠲᠥᠭᠦᠷᠢᠭ ᠠᠴᠠ

ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠡᠷ

ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃

   ᠬᠤᠷᠢᠳᠤᠭᠠᠷ ᠵᠤᠷᠪᠤᠰ  ᠠᠵᠤ ᠠᠬᠤᠶᠢᠯᠠᠯ ᠨᠢ ᠬᠢᠷᠢ ᠬᠡᠮ ᠤᠨ ᠵᠡᠷᠭᠡ ᠳᠡᠰ ᠠᠴᠠ ᠪᠠᠨ ᠳᠠᠪᠠᠵᠤ ᠭᠡᠷ ᠪᠠᠶᠢᠰᠢᠩ ᠭᠠᠵᠠᠷ  ᠬᠥᠷᠥᠩᠭᠡ ᠶᠢ ᠨᠡᠭᠡᠭᠡᠨ ᠠᠰᠢᠭᠯᠠᠵᠤ

ᠡᠵᠡᠩᠨᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ

ᠨᠡᠭᠡᠭᠡᠯᠲᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠤ᠂ 5 ᠲᠦᠮᠡᠨ ᠲᠥᠭᠦᠷᠢᠭ ᠠᠴᠠ

ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠵᠠᠯᠠᠷᠠᠭᠤᠯᠬᠤ ᠦᠭᠡᠢ ᠪᠠᠶᠢᠪᠠᠯ᠂

ᠤᠤᠯ ᠤᠨ ᠬᠢᠷᠢ ᠬᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠬᠢᠷᠢ ᠬᠡᠮ‌‍ᠤᠨ ᠦᠨᠡᠮᠯᠡᠯ ᠢ ᠨᠢ ᠬᠤᠷᠢᠶᠠᠨ‌ᠠᠪᠴᠤ ᠬᠦᠴᠦᠨ ᠥᠬᠡᠢ ᠪᠣᠯᠭᠠᠬᠤ ᠶᠢᠨ

ᠬᠠᠮᠲᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ

ᠠᠪᠴᠤ ᠬᠦᠴᠦᠨ ᠥᠬᠡᠢ ᠪᠣᠯᠭᠠᠨ᠎ᠠ᠃

   ᠬᠤᠷᠢᠨ ᠨᠢᠭᠡᠳᠦᠭᠡᠷ ᠵᠤᠷᠪᠤᠰ  ᠠᠵᠤ ᠠᠬᠤᠶᠢᠯᠠᠯ ᠳᠤ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠤᠤᠯ ᠤᠨ ᠬᠢᠷᠢ ᠭᠡᠮ ᠢ ᠬᠢᠨᠠᠨ

ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠬᠢᠷᠢ ᠭᠡᠮ ᠤᠨ ᠦᠨᠡᠮᠯᠡᠯ ᠢ ᠨᠢ ᠵᠠᠷᠯᠠᠨ ᠨᠡᠶᠢᠲᠡᠯᠡᠵᠦ ᠬᠦᠴᠦᠨ ᠦᠭᠡᠢ ᠪᠣᠯᠭᠠᠬᠤ ᠶᠢᠨ ᠬᠠᠮᠲᠤ 1 ᠲᠦᠮᠡᠨ

ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃

   ︵ᠨᠢᠭᠡ︶ ᠦᠨᠡᠨ ᠪᠠᠶᠢᠳᠠᠯ ᠢ ᠨᠢᠭᠤᠨ ᠳᠠᠯᠳᠠᠯᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ  ᠪᠠᠶᠢᠭᠠᠳ‌‍ᠬᠢᠷᠢ ᠬᠡᠮ ᠤᠨ ᠦᠨᠡᠮᠯᠡᠯ ᠢ ᠮᠡᠬᠡᠯᠡᠨ ᠠᠪᠤᠭᠰᠠᠨ᠃

   ︵ᠬᠤᠶᠠᠷ︶ ᠬᠢᠷᠢ ᠭᠡᠮ ᠤᠨ ᠦᠨᠡᠮᠯᠡᠯ ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ ᠪᠤᠰᠤᠳ ᠲᠤ ᠰᠢᠯᠵᠢᠭᠦᠯᠦᠭᠰᠡᠨ᠂

ᠬᠤᠳᠠᠯᠳᠤᠭᠰᠠᠨ᠃

ᠬᠤᠷᠢᠨ ᠬᠤᠶᠠᠳᠤᠭᠠᠷ ᠵᠤᠷᠪᠤᠰ   ᠠᠵᠤ ᠠᠬᠤᠶᠢᠯᠠᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠮᠠᠭᠤ᠂

ᠬᠦᠨᠳᠦ ᠶᠡᠭᠡ ᠪᠠᠷᠢᠯᠭ᠎ᠠ ᠶᠢᠨ ᠶᠠᠰᠤ ᠴᠢᠨᠠᠷ ᠤᠨ ᠠᠳᠡᠯ ᠭᠠᠷᠤᠭᠰᠠᠨ ᠪᠣᠯ ᠤᠤᠯ ᠤᠨ ᠬᠢᠷᠢ ᠭᠡᠮ ᠢ ᠬᠢᠨᠠᠨ‌ᠵᠥ᠋ᠪᠰᠢᠶᠡᠷᠡᠭᠰᠡᠨ‌‍ᠰᠠᠯᠠᠭ᠎ᠠ ᠮᠥᠴᠢᠷ ᠠᠴᠠ ᠬᠢᠷᠢ ᠬᠡᠮ ᠤᠨ

ᠵᠡᠷᠭᠡ ᠳᠡᠰ ᠢ ᠨᠢ ᠪᠠᠭᠤᠷᠠᠭᠤᠯᠤᠨ᠎ᠠ᠃ ᠦᠢᠯᠡ  ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠢ

ᠪᠣᠯᠭᠠᠬᠤ ᠪᠥᠭᠡᠳ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠡᠪᠰᠢᠭᠦᠯᠵᠦ ᠡᠵᠡᠩᠨᠡᠯᠲᠡ ᠶᠢᠨ ᠦᠨᠡᠮᠯᠡᠯ ᠢ ᠨᠢ

ᠬᠤᠷᠢᠶᠠᠨ ᠠᠪᠴᠤ ᠬᠦᠴᠦᠨ ᠥᠬᠡᠢ ᠪᠣᠯᠭᠠᠨ᠎ᠠ᠃

   ᠬᠤᠷᠢᠨ ᠭᠤᠷᠪᠠᠳᠤᠭᠠᠷ ᠵᠤᠷᠪᠤᠰ ᠠᠵᠤ ᠠᠬᠤᠶᠢᠯᠠᠯ ᠤᠳ ᠲᠠᠸᠠᠷ ᠤᠨ ᠣᠷᠣᠨ ᠰᠠᠭᠤᠴᠠ ᠶᠢ ᠪᠣᠷᠣᠯᠠᠭᠤᠯᠤᠨ ᠬᠤᠳᠠᠯᠳᠤᠬᠤ ᠳᠠᠭᠠᠨ ︽ᠣᠷᠣᠨ ᠰᠠᠭᠤᠴᠠ ᠶᠢᠨ

ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ︾ ᠪᠣᠯᠤᠨ ︽ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ︾ ᠢ ᠲᠣᠭᠲᠠᠭᠠᠯ ᠶᠣᠰᠣᠭᠠᠷ ᠣᠯᠭᠤᠭᠰᠠᠨ

ᠥᠬᠡᠢ ᠪᠠᠶᠢᠪᠠᠯ᠂ ᠤᠤᠯ ᠤᠨ ᠬᠢᠷᠢ ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ

ᠵᠠᠯᠠᠷᠠᠭᠤᠯᠬᠤ᠂ ᠬᠢᠷᠢ ᠭᠡᠮ ᠤᠨ ᠵᠡᠷᠭᠡ ᠳᠡᠰ ᠢ ᠨᠢ ᠪᠠᠭᠤᠷᠠᠭᠤᠯᠬᠤ ᠶᠢᠨ ᠬᠠᠮᠲᠤ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠷᠣᠭᠰᠢ

ᠵᠣᠭᠤᠰ ᠢᠶᠠᠷ ᠲᠣᠷᠭᠠᠵᠤ ᠪᠣᠯᠤᠨ᠎ᠠ᠃

   ᠬᠤᠷᠢᠨ ᠳᠥᠷᠪᠡᠳᠦᠭᠡᠷ ᠵᠤᠷᠪᠤᠰ  ᠠᠵᠤ  ᠠᠬᠤᠶᠢᠯᠠᠯ ᠨᠢ ᠬᠤᠪᠢᠷᠠᠭᠤᠯᠬᠤ ᠭᠠᠷᠳᠠᠮ ᠢ ᠲᠣᠭᠲᠠᠭᠠᠯ ᠶᠣᠰᠣᠭᠠᠷ ᠭᠦᠢᠴᠡᠳᠬᠡᠭᠰᠡᠨ ᠥᠬᠡᠢ ᠪᠣᠯ ᠤᠤᠯ ᠤᠨ ᠬᠢᠷᠢ

ᠭᠡᠮ ᠢ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ᠂ ᠵᠠᠷᠯᠢᠭᠳᠠᠵᠤ  ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ

5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃

   ᠬᠤᠷᠢᠨ ᠲᠠᠪᠤᠳᠤᠭᠠᠷ ᠵᠤᠷᠪᠤᠰ   ᠡᠯ᠎ᠡ ᠱᠠᠲᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ

ᠠᠵᠢᠯᠲᠠᠨ ᠬᠢᠷᠢ ᠬᠡᠮ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠳᠤᠮᠳᠠ ᠪᠠᠨ ᠡᠭᠦᠷᠭᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ

ᠬᠡᠷᠡᠭᠯᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ

ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ  ᠪᠠᠶᠢᠭᠤᠯᠤᠯᠭ᠎ᠠ ᠠᠴᠠ ᠬᠠᠤᠯᠢ

ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

   ᠬᠤᠷᠢᠨ ᠵᠢᠷᠭᠤᠳᠤᠭᠠᠷ ᠵᠤᠷᠪᠤᠰ   ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ

ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠲᠣᠭᠲᠠᠭᠠᠯ ᠢ ᠦᠨᠳᠦᠰᠦᠯᠡᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ

ᠪᠣᠯᠤᠨ᠎ᠠ᠃

   ᠬᠤᠷᠢᠨ ᠳᠣᠯᠣᠳᠤᠭᠠᠷ ᠵᠤᠷᠪᠤᠰ  ᠲᠤᠰ ᠲᠣᠭᠲᠠᠭᠠᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠪᠦᠲᠦᠭᠡᠨ  ᠪᠠᠶᠢᠭᠤᠯᠤᠯᠲᠠ ᠶᠢᠨ ᠵᠠᠰᠠᠭ ᠵᠠᠬᠢᠷᠭᠠᠨ ᠤ

ᠭᠤᠣᠯᠴᠢᠯᠠᠨ‌ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠲᠠᠶᠢᠯᠪᠤᠷᠢᠯᠠᠨ᠎ᠠ᠃

   ᠬᠤᠷᠢᠨ ᠨᠠᠢᠮᠠᠳᠤᠭᠠᠷ ᠵᠤᠷᠪᠤᠰ   ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 1993 ᠣᠨ ᠤ 11 ᠰᠠᠷ᠎ᠠ ᠶᠢᠨ 16 ᠤ

ᠡᠳᠦᠷ ᠪᠦᠲᠦᠭᠡᠨ‌‍ᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ  ︽ᠭᠡᠷ  ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠬᠢᠷᠢ

ᠬᠡᠮ ᠤᠨ ᠬᠠᠮᠢᠶᠠᠷᠤᠯᠲᠠ ᠶᠢᠨ ᠲᠣᠭᠲᠠᠭᠠᠯ︾ ︵ᠪᠦᠲᠦᠭᠡᠨ  ᠪᠠᠶᠢᠭᠤᠯᠤᠯᠲᠠ ᠶᠢᠨ ᠶᠠᠮᠤᠨ ᠤ ᠵᠠᠷᠯᠢᠭ 28 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ

ᠪᠣᠯᠭᠠᠨ᠎ᠠ᠃

ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ