ᠡᠯᠧᠺᠲᠷᠣᠨ ᠦᠨᠡᠮᠯᠡᠯ ᠤᠨ ᠯᠠᠪᠯᠠᠬᠤ᠂ ᠳᠠᠷᠤᠮᠠᠯᠯᠠᠬᠤ᠂  ᠬᠠᠭᠤᠷᠮᠠᠭ ᠢ ᠰᠢᠯᠭᠠᠬᠤ ᠵᠡᠷᠭᠡ ᠴᠢᠳᠠᠮᠵᠢ ᠶᠢ  ᠳᠡᠯᠭᠡᠷᠡᠭᠦᠯᠦᠨ ᠬᠡᠷᠡᠭᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/1/5
   ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠲᠣᠪᠴᠢᠶ᠎ᠠ᠂ ᠡᠯ᠎ᠡ ᠠᠵᠢᠯ ᠲᠥᠷᠥᠯ ᠤᠨ ᠬᠤᠯᠪᠣᠭ᠎ᠠ ᠂ ᠬᠠᠮᠢᠶ᠎ᠠ ᠪᠦᠬᠦᠢ ᠠᠵᠤ ᠠᠬᠤᠶᠢᠯᠠᠯ᠄    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ 8 ᠰᠠᠷ᠎ᠠ ᠶᠢᠨ 26 ᠤ ᠡᠳᠦᠷ ᠠᠰᠢᠭᠯᠠᠯᠲᠠ ᠳᠤ ᠣᠷᠣᠵᠤ ᠲᠤᠷᠰᠢᠨ ᠠᠵᠢᠯᠯᠠᠵᠤ᠂ 8 ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠬᠦᠷᠢᠶᠡᠨ ᠳᠠᠬᠢ ᠠᠩᠬᠠᠳᠠᠭᠴᠢ ᠡᠯᠧᠺᠲᠷᠣᠨ ᠦᠨᠡᠮᠯᠡᠯ ᠤᠨ ᠪᠢᠴᠢᠭ ᠢ ᠡᠭᠦᠰᠬᠡᠨ ᠣᠯᠭᠤᠵᠤ᠂ ᠡᠨᠡ ᠨᠢ ᠮᠠᠨ ᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ‌‍ᠰᠢᠰᠲ᠋ᠧᠮ ᠤᠨ ᠠᠵᠢᠯ ᠲᠥᠷᠥᠯ ᠤᠨ ᠬᠠᠮᠢᠶᠠᠷᠤᠯᠲᠠ ᠡᠯᠧᠺᠲᠷᠣᠨ᠂ ᠣᠶᠤᠨᠴᠢᠯᠠᠯᠲᠠ ᠶᠢᠨ ᠰᠢᠨ᠎ᠡ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ᠃    ᠨᠢᠭᠡ᠂ ᠡᠯᠧᠺᠲᠷᠣᠨ ᠦᠨᠡᠮᠯᠡᠯ ᠤᠨ ᠯᠠᠪᠯᠠᠬᠤ ᠵᠢᠴᠢ ᠳᠠᠷᠤᠮᠠᠯᠯᠠᠨ‌‍ᠬᠡᠷᠡᠭᠯᠡᠬᠦ    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠬᠦᠷᠢᠶᠡᠨ ᠳᠠᠬᠢ ᠡᠯᠧᠺᠲᠷᠣᠨ ᠦᠨᠡᠮᠯᠡᠯ ᠤᠨ ᠰᠢᠰᠲ᠋ᠧᠮ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠤ ᠴᠢᠳᠠᠮᠵᠢ ᠳᠤ ᠰᠠᠭᠤᠷᠢᠯᠠᠨ ᠬᠡᠷᠡᠭᠯᠡᠵᠦ᠂ ᠡᠯᠧᠺᠲᠷᠣᠨ ᠦᠨᠡᠮᠯᠡᠯ ᠢ ᠪᠠᠶᠢᠴᠠᠭᠠᠨ ᠯᠠᠪᠯᠠᠬᠤ ᠵᠢᠴᠢ ᠳᠠᠷᠤᠮᠠᠯᠯᠠᠨ ᠬᠡᠷᠡᠭᠯᠡᠬᠦ ᠳᠤ ᠬᠡᠷᠡᠭᠰᠡᠬᠦ ᠴᠢᠬᠤᠯᠠᠲᠠᠢ ᠬᠡᠷᠡᠭᠯᠡᠭᠴᠢ ᠤᠷᠢᠳᠠᠪᠡᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠰᠦᠯᠵᠢᠶᠡᠨ ᠳᠤ  ᠭᠠᠷᠬᠤ ᠬᠡᠷᠡᠭᠲᠡᠢ᠃
   ᠳᠠᠷᠠᠭ᠎ᠠ ᠨᠢ  ︽ᠬᠡᠷᠡᠭᠡᠯᠡᠭᠴᠢᠳ ᠤᠨ ᠲᠥᠪ︾ ᠢ ᠲᠣᠪᠴᠢᠳᠠᠨ᠂
   ︽ᠮᠢᠨᠦ ᠦᠨᠡᠮᠯᠡᠯ︾ - ︽ᠨᠠᠷᠢᠨ  ᠠᠭᠤᠯᠭ᠎ᠠ  ︾ ᠶᠢ ᠲᠣᠪᠴᠢᠳᠠᠨ ᠦᠵᠡᠵᠦ᠂
   ᠳᠠᠷᠤᠢ ᠣᠳᠣ ᠶᠢᠨ ᠪᠠᠶᠢᠭ᠎ᠠ ᠡᠯᠧᠺᠲᠷᠣᠨ ᠦᠨᠡᠮᠯᠡᠯ ᠢ ᠦᠵᠡᠵᠦ ᠪᠣᠯᠤᠨ᠎ᠠ᠃
   ᠡᠯᠧᠺᠲᠷᠣᠨ ᠦᠨᠡᠮᠯᠡᠯ ᠤᠨ ᠪᠠᠷᠠᠭᠤᠨ ᠳᠡᠭᠡᠳᠦ ᠥᠨᠴᠥᠭ ᠤᠨ ︽᠁︾ ᠲᠡᠮᠳᠡᠭ ᠢ ᠲᠣᠪᠴᠢᠳᠠᠬᠤ ᠶᠢᠨ ᠬᠠᠮᠲᠤ᠂  ᠳᠡᠭᠡᠷ᠎ᠡ ᠵᠢᠷᠤᠭ ᠲᠠᠬᠢ ᠶᠣᠰᠣᠭᠠᠷ ᠳᠠᠷᠤᠮᠠᠯᠬᠤ ᠮᠠᠰᠢᠨ ᠢ ᠪᠠᠶᠢᠷᠢᠰᠢᠭᠤᠯᠤᠭᠰᠠᠨ ᠤ ᠳᠠᠷᠠᠭ᠎ᠠ ᠡᠯᠧᠺᠲᠷᠣᠨ ᠦᠨᠡᠮᠯᠡᠯ ᠢ ᠳᠠᠷᠤᠮᠠᠯᠵᠤ ᠪᠣᠯᠤᠨ᠎ᠠ᠃    ᠬᠤᠶᠠᠷ᠂ ᠡᠯᠧᠺᠲᠷᠣᠨ ᠦᠨᠡᠮᠯᠡᠯ ᠤᠨ ᠬᠠᠭᠤᠷᠮᠠᠭ ᠢ ᠰᠢᠯᠭᠠᠬᠤ ᠴᠢᠳᠠᠮᠵᠢ    ᠤᠯᠤᠰ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠡᠯᠧᠺᠲᠷᠣᠨ ᠦᠨᠡᠮᠯᠡᠯ ᠤᠨ ᠳᠡᠭᠡᠷᠡᠬᠢ ᠬᠤᠶᠠᠷ ᠬᠡᠮᠵᠢᠯ ᠺᠣᠳ᠋ ᠪᠣᠯ ᠤᠯᠤᠰ ᠠᠴᠠ ᠨᠢᠭᠡᠳᠦᠯᠲᠡᠢ ᠱᠠᠭᠠᠷᠳᠠᠵᠤ ᠪᠠᠶᠢᠭ᠎ᠠ GM ᠺᠣᠳ᠋᠂ ᠪᠠᠶᠢᠩᠭᠤ ᠬᠡᠷᠡᠭᠯᠡᠬᠦ ᠺᠣᠳ᠋ ᠤᠨ ᠴᠢᠳᠠᠮᠵᠢ ᠶᠢ ᠬᠡᠷᠡᠭᠯᠡᠵᠦ ᠰᠢᠯᠭᠠᠨ ᠲᠣᠳᠣᠯᠠᠬᠤ ᠠᠷᠭ᠎ᠠ ᠦᠭᠡᠢ᠂ ᠰᠢᠯᠭᠠᠬᠤ ᠦᠶ᠎ᠡ ᠳᠤ ︽ᠮᠥᠩᠬᠡ ᠰᠤᠪᠤᠭ︾ APP ᠶᠢ ᠬᠡᠷᠡᠭᠯᠡᠬᠦ ᠶᠢᠨ ᠬᠠᠮᠲᠤ᠂ ᠳᠣᠣᠷᠠᠬᠢ ᠵᠢᠷᠤᠭ ᠢᠶᠠᠷ ᠤᠯᠠᠭᠠᠨ ᠦᠰᠦᠭ ᠤᠨ ᠬᠡᠰᠡᠭ ᠢ ᠲᠣᠪᠴᠢᠳᠠᠪᠠᠯ ᠡᠯᠧᠺᠲᠷᠣᠨ ᠦᠨᠡᠮᠯᠡᠯ ᠤᠨ ᠦᠨᠡᠨ ᠬᠠᠭᠤᠷᠮᠠᠭ ᠢ ᠢᠯᠭᠠᠵᠤ ᠳᠡᠶᠢᠯᠦᠨ᠎ᠡ᠃
   ᠮᠡᠷᠭᠡᠵᠢᠯ ᠤᠨ  ᠦᠢᠯᠡᠴᠢᠯᠡᠭᠡᠨ ᠤ ᠤᠲᠠᠰᠤ 0471 — 6945165᠂ 6945336᠃
ᠢᠷᠡᠯᠲᠡ᠄ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠲᠢᠩᠬᠢᠮ