ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠤᠬᠢᠶᠠᠨ ᠪᠠᠶᠢᠭᠤᠯᠤᠭᠰᠠᠨ ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠶᠢᠨ ᠵᠢᠷᠤᠮᠵᠢᠭᠤᠯᠬᠤ ᠸᠢᠳᠢᠤ᠋ ᠪᠤᠯᠪᠠᠰᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2021/11/15
      ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠬᠤ ᠥᠭᠡᠷᠡᠴᠢᠯᠡᠯᠲᠡ ᠬᠢᠭᠡᠳ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ 11 ᠳ᠋ᠤᠭᠡᠷ ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠬᠤ ᠪᠣᠯᠪᠠᠰᠤᠷᠠᠭᠤᠯᠤᠯ ᠢ ᠵᠣᠬᠢᠶᠠᠨ  ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶᠠᠯᠠᠨ ᠲᠣᠭᠲᠠᠭᠠᠬᠤ ᠭᠠᠵᠠᠷ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠬᠤᠲᠠ ᠶᠢᠨ ᠬᠠᠮᠢᠶᠠᠷᠤᠯᠲᠠ ᠶᠢᠨ ᠭᠠᠵᠠᠷ᠂ ᠶᠠᠰᠤ ᠴᠢᠨᠠᠷ ᠤᠨ ᠠᠮᠤᠷ ᠲᠦᠪᠰᠢᠨ ᠤ ᠭᠠᠵᠠᠷ᠂ ᠵᠢᠵᠢᠭ ᠲᠣᠭᠤᠷᠢᠭ ᠤᠨ ᠠᠳᠠᠯ ᠠᠬᠤᠶ ᠶᠢᠨ ᠭᠠᠵᠠᠷ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠭᠠᠵᠠᠷ᠂ ᠬᠡᠷ ᠬᠥᠷᠥᠩᠭᠡ ᠶᠢᠨ ᠭᠠᠵᠠᠷ᠂ ᠲᠣᠰᠬᠤᠨ ᠪᠠᠯᠭᠠᠰᠤ ᠶᠢᠨ ᠭᠠᠵᠠᠷ ᠵᠡᠷᠭᠡ ᠭᠠᠵᠠᠷ ᠬᠡᠷ ᠵᠢᠴᠢ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠷᠢᠮᠵᠢᠶ᠎ᠠ ᠶᠢᠨ ᠦᠢᠯᠡᠴᠢᠯᠡᠭᠡᠨ ᠤ ᠭᠠᠵᠠᠷ᠂ ᠥᠪᠥᠷ ᠮᠣᠩᠭᠤᠯ ᠤᠨ ᠾᠧᠩ ᠵᠢᠶ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠬᠢᠵᠠᠭᠠᠷᠲᠤ ᠺᠣᠮᠫᠠᠨᠢ ᠶᠢᠨ ᠠᠵᠢᠯᠲᠠᠨ ᠸᠢᠳᠢᠤ᠋ ᠪᠣᠯᠪᠠᠰᠤᠷᠠᠭᠤᠯᠤᠯ ᠳᠤ ᠤᠷᠤᠯᠴᠠᠵᠦ᠂ ᠡᠯ᠎ᠡ ᠠᠶᠢᠮᠠᠭ ᠬᠤᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠲᠤᠬᠠᠶ ᠶᠢᠨ ᠭᠠᠵᠠᠷ ᠤᠨ ᠰᠦᠯᠵᠢᠶᠡᠨ ᠳᠡᠭᠡᠷ᠎ᠡ ᠠᠴᠠ ᠸᠢᠳᠢᠤ᠋ ᠶᠢ ᠦᠵᠡᠵᠦ᠂ ᠪᠥᠬᠦ ᠣᠷᠣᠨ ᠳᠤ ᠨᠡᠶᠢᠲᠡ 325 ᠬᠥᠮᠦᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠶ᠃
qz.jpg
      ᠲᠤᠰ ᠤᠳᠠᠭᠠᠨ ᠤ ᠪᠣᠯᠪᠠᠰᠤᠷᠠᠭᠤᠯᠤᠯ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠭᠤᠨ ᠪᠠᠷᠢᠮᠵᠢᠶᠠᠵᠢᠭᠤᠯᠬᠤ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠪᠠ ᠣᠷᠣᠨ ᠲᠤᠭ᠎ᠠ ᠶᠢᠨ ᠪᠠᠶᠢᠳᠠᠯ ᠤᠨ ᠲᠤᠬᠠᠶ ᠨᠠᠷᠢᠨ ᠲᠠᠨᠢᠯᠴᠠᠭᠤᠯᠭ᠎ᠠ ᠬᠢᠵᠦ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠢᠨᠵᠧᠨᠧᠷᠢᠩ ᠤᠨ ᠲᠥᠷᠥᠯ ᠵᠦᠢᠯ ᠤᠨ ᠵᠢᠷᠤᠮᠵᠢᠯ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠶᠢᠨ ᠨᠡᠶᠢᠳᠡᠮ ᠬᠡᠷᠡᠭᠯᠡᠬᠦ ᠵᠢᠷᠤᠮᠵᠢᠯ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠢᠨᠵᠧᠨᠧᠷᠢᠩ ᠤᠨ ᠲᠥᠷᠥᠯ ᠵᠦᠢᠯ ᠤᠨ ᠵᠢᠷᠤᠮᠵᠢᠯ᠂ ᠪᠠᠷᠢᠯᠭ᠎ᠠ ᠶᠢᠨ ᠣᠷᠴᠢᠨ ᠲᠣᠭᠤᠷᠢᠨ ᠤ ᠨᠡᠶᠢᠳᠡᠮ ᠬᠡᠷᠡᠭᠯᠡᠬᠦ ᠵᠢᠷᠤᠮᠵᠢᠯ᠂ ᠪᠠᠷᠢᠯᠭ᠎ᠠ ᠬᠢᠭᠡᠳ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠰᠠᠭᠠᠳ ᠥᠬᠡᠶ ᠨᠡᠶᠢᠳᠡᠮ ᠬᠡᠷᠡᠭᠯᠡᠬᠦ ᠵᠢᠷᠤᠮᠵᠢᠯ᠂ ᠨᠢᠭᠡᠨᠲᠡ ᠪᠠᠶᠢᠭ᠎ᠠ ᠪᠠᠷᠢᠯᠭ᠎ᠠ ᠶᠢᠨ ᠬᠠᠮᠠᠭᠠᠯᠠᠯᠲᠠ ᠪᠠ ᠥᠭᠡᠷᠡᠴᠢᠯᠡᠯᠲᠡ ᠶᠢᠨ ᠨᠡᠶᠢᠳᠡᠮ ᠬᠡᠷᠡᠭᠯᠡᠬᠦ ᠵᠢᠷᠤᠮᠵᠢᠯ ᠵᠡᠷᠭᠡ 22 ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠢᠷᠤᠮᠵᠢᠯ ᠳᠤ ᠴᠢᠭᠯᠡᠭᠦᠯᠦᠨ ᠬᠢᠴᠢᠶᠡᠯ ᠣᠷᠣᠵᠤ ᠲᠠᠶᠢᠯᠤᠮᠵᠢ ᠬᠢᠪᠡ᠃ ᠡᠭᠦᠨ ᠤ ᠬᠠᠮᠲᠤ ᠲᠤᠤᠱᠯᠠᠭᠤᠯᠤᠨ ᠬᠡᠷᠡᠭᠵᠢᠭᠦᠯᠬᠦ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
qz1.jpg
      ᠪᠣᠯᠪᠠᠰᠤᠷᠠᠭᠤᠯᠤᠯ ᠢᠶᠠᠷ ᠳᠡᠮᠵᠢᠨ᠂ ᠮᠠᠨ ᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠨᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠠᠵᠢᠯ ᠤᠨ ᠥᠭᠡᠷᠡᠴᠢᠯᠡᠯᠲᠡ ᠪᠠ ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠵᠢᠷᠤᠮᠵᠢᠯ ᠳᠤ ᠨᠠᠩ ᠭᠦᠨᠵᠡᠭᠡᠶ᠂ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠵᠣ᠂ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠨᠢ ᠤᠯᠠᠮ ᠨᠢᠭᠡ ᠠᠯᠬᠤᠮ ᠳᠡᠭᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠱᠠᠭᠠᠷᠳᠠᠯᠭ᠎ᠠ ᠶᠣᠰᠣᠭᠠᠷ ᠠᠯᠪᠠᠳᠠᠯᠭ᠎ᠠ ᠶᠢᠨ ᠴᠢᠨᠠᠷᠲᠠᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠯᠤᠨ ᠪᠣᠯᠪᠠᠰᠤᠷᠠᠭᠤᠯᠬᠤ᠂ ᠤᠬᠠᠭᠤᠯᠤᠨ ᠲᠤᠤᠱᠯᠠᠭᠤᠯᠬᠤ ᠠᠵᠢᠯ ᠢ ᠰᠠᠶᠢᠳᠤᠷ ᠬᠢᠬᠦ ᠪᠤᠯᠤᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ