ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠠᠵᠢᠯ ᠡᠷᠭᠢᠯᠡᠬᠦ ᠬᠢᠷᠢ ᠬᠡᠮ ᠤᠨ ᠳᠡᠩᠰᠡᠯᠡᠯᠲᠡ ᠶᠢᠨ ᠲᠠᠰ ᠳᠠᠷᠠᠭᠠᠯᠠᠯ ᠪᠠ ᠨᠥᠬᠦᠴᠡᠯ ᠢ ᠲᠦᠭᠦᠮᠴᠢᠯᠡᠪᠡ︕ ᠬᠤᠯᠪᠣᠭᠳᠠᠯ ᠪᠥᠬᠦᠶ ᠮᠡᠷᠭᠡᠵᠢᠯ ᠤᠨ ᠴᠣᠯᠠ ᠳᠠᠩᠰᠠᠯᠠᠭᠤᠯᠬᠤ ᠨᠥᠬᠦᠴᠡᠯ ᠢ ᠬᠦᠴᠦᠨ ᠥᠬᠡᠶ ᠪᠤᠯᠭᠠᠪᠠ
ᠨᠡᠶᠢᠲᠡᠯᠡᠭᠰᠡᠨ ᠴᠠᠭ᠄
2021/11/18
      ᠪᠠᠷᠢᠯᠭ᠎ᠠ ᠶᠢᠨ ᠦᠢᠯᠡᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠠᠴᠠ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠠᠵᠢᠯ ᠡᠷᠭᠢᠯᠡᠬᠦ ᠬᠢᠷᠢ ᠬᠡᠮ ᠤᠨ ᠳᠡᠩᠰᠡᠯᠡᠯᠲᠡ ᠶᠢᠨ ᠲᠠᠰ ᠳᠠᠷᠠᠭᠠᠯᠠᠯ ᠪᠠ ᠨᠥᠬᠦᠴᠡᠯ ᠢ ᠤᠯᠠᠮ ᠨᠢᠭᠡ ᠠᠯᠬᠤᠮ ᠳᠥᠭᠦᠮᠴᠢᠯᠡᠬᠦ ᠪᠠᠷ ᠲᠣᠭᠲᠠᠪᠠ᠃       ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠢᠯᠡ ᠨᠡᠶᠢᠲᠡᠯᠡᠬᠦ ᠶᠢ ᠬᠢᠨᠠᠨ ᠬᠠᠷᠭᠤᠭᠤᠯᠤᠭᠰᠠᠨ ᠰᠠᠨᠠᠯ ᠤᠨ ᠭᠤᠭᠴᠤᠭ᠎ᠠ ᠶᠢ ᠬᠦᠴᠦᠨ ᠥᠬᠡᠶ ᠪᠣᠯᠭᠠᠨ᠎ᠠ᠃ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ ᠠᠵᠢᠯᠲᠠᠨ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠠᠩᠬᠠᠨ ᠤ ᠳᠡᠩᠰᠡᠯᠡᠯᠲᠡ ᠬᠢᠯᠭᠡᠬᠦ ᠪᠠᠷ ᠭᠤᠶᠤᠴᠢᠯᠠᠵᠤ᠂ ᠤᠷᠢᠨ ᠬᠡᠷᠡᠭᠯᠡᠬᠦ ᠨᠢᠭᠡᠴᠡ ᠪᠠᠷ ᠨᠤᠲᠠᠯᠠᠭᠤᠯᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠠᠮᠠᠯᠠᠯᠲᠠ ᠬᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠢᠨᠠᠨ ᠬᠠᠷᠭᠤᠭᠤᠯᠤᠭᠰᠠᠨ ᠤ ᠳᠠᠷᠠᠭ᠎ᠠ ᠬᠢᠨᠠᠨ ᠬᠠᠷᠭᠤᠭᠤᠯᠤᠭᠰᠠᠨ ᠰᠠᠨᠠᠯ ᠢ ᠳᠠᠭᠢᠵᠤ ᠵᠠᠷᠯᠠᠨ ᠨᠡᠶᠢᠲᠡᠯᠡᠬᠦ ᠥᠬᠡᠶ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠰᠢᠭᠤᠳ ᠵᠠᠷᠯᠠᠨ ᠨᠡᠶᠢᠲᠡᠯᠡᠨ᠎ᠡ᠃ ᠶᠠᠮᠠᠷᠪᠠ ᠨᠢᠭᠡᠴᠡ ᠪᠠ ᠬᠤᠪᠢ ᠬᠥᠮᠦᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠴᠥᠮ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ ᠳᠤ ᠲᠤᠰᠬᠠᠵᠤ ᠪᠣᠯᠤᠨ᠎ᠠ᠃       ᠬᠤᠶᠠᠷ᠂ ᠬᠤᠯᠪᠣᠭᠳᠠᠯ ᠪᠥᠬᠦᠶ ᠮᠡᠷᠭᠡᠵᠢᠯ ᠤᠨ ᠴᠣᠯᠠ ᠳᠠᠩᠰᠠᠯᠠᠭᠤᠯᠬᠤ ᠨᠥᠬᠦᠴᠡᠯ ᠢ ᠬᠦᠴᠦᠨ ᠥᠬᠡᠶ ᠪᠣᠯᠭᠠᠨ᠎ᠠ᠃ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠤᠭᠰᠠᠨ ᠠᠵᠢᠯᠲᠠᠨ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠠᠵᠢᠯ ᠡᠷᠭᠢᠯᠡᠬᠦ ᠬᠢᠷᠢ ᠬᠡᠮ ᠢᠶᠠᠨ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠲᠣᠰ ᠬᠥᠮᠦᠨ ᠤ ᠮᠡᠷᠭᠡᠵᠢᠯ ᠤᠨ ᠴᠣᠯᠠ ᠶᠢᠨ ᠪᠠᠶᠢᠳᠠᠯ ᠢᠶᠠᠨ ᠮᠡᠳᠡᠭᠦᠯᠬᠦ ᠴᠢᠬᠤᠯᠠ ᠥᠬᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠳᠡᠩᠰᠡᠯᠡᠵᠦ ᠬᠢᠨᠠᠨ ᠪᠠᠶᠢᠴᠠᠭᠠᠬᠤ ᠳᠤᠮᠳᠠ ᠮᠡᠷᠭᠡᠵᠢᠯ ᠤᠨ ᠴᠣᠯᠠ ᠶᠢᠨ ᠨᠥᠬᠦᠴᠡᠯ ᠢ ᠳᠠᠭᠢᠵᠤ ᠬᠢᠨᠠᠨ ᠰᠢᠯᠭᠠᠬᠤ ᠥᠬᠡᠶ᠃           ᠬᠢᠨᠠᠨ ᠬᠠᠮᠢᠶᠠᠷᠤᠯᠳᠠ ᠶᠢᠨ ᠢᠨᠵᠧᠨᠧᠷ ᠤᠨ ᠠᠵᠢᠯ ᠡᠷᠭᠢᠯᠡᠬᠦ ᠬᠢᠷᠢ ᠬᠡᠮ ᠤᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠤᠪᠢ ᠬᠥᠮᠦᠨ ᠤ ᠪᠠᠷᠢᠯᠭ᠎ᠠ ᠶᠢᠨ ᠠᠵᠢᠯ ᠤᠨ ᠠᠮᠵᠢᠯᠲᠠ ᠶᠢᠨ ᠮᠡᠳᠡᠭᠡ ᠵᠠᠩᠭᠢ᠂ ᠠᠵᠢᠯ ᠡᠷᠭᠢᠯᠡᠬᠦ ᠨᠢᠭᠡᠴᠡ ᠶᠢᠨ ᠬᠤᠪᠢᠷᠠᠭᠤᠯᠤᠭᠰᠠᠨ ᠲᠡᠮᠳᠡᠭᠯᠡᠯ ᠤᠨ ᠮᠡᠳᠡᠭᠡ ᠵᠠᠩᠭᠢ᠂ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠵᠡᠷᠭᠡ ᠶᠢ ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ ᠪᠣᠯᠤᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ