ᠸᠠᠩ ᠭᠧᠨ ᠰᠢᠶᠤᠤ ᠬᠤᠷᠢᠨᠭᠡᠷ ᠰᠢᠶᠠᠨ ᠳᠤ ᠬᠦᠷᠴᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/21
      2021 ᠣᠨ ᠤ 11 ᠳ᠋ᠤᠭᠡᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠭᠧᠨ ᠰᠢᠶᠤᠤ ᠬᠤᠷᠢᠨᠭᠡᠷ ᠰᠢᠶᠠᠨ ᠳᠤ ᠬᠦᠷᠴᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠷᠢᠨᠭᠡᠷ ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠰᠢᠤᠸᠠᠢ ᠵᠢᠶᠠᠩ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠵᠠᠩ ᠭᠦᠸᠧ ᠬᠤᠸᠠ ᠵᠡᠷᠭᠡ ᠬᠤᠯᠪᠣᠭᠳᠠᠯ ᠪᠥᠬᠦᠶ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
wg.jpg
      ᠸᠠᠩ ᠭᠧᠨ ᠰᠢᠶᠤᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠭᠦᠨᠵᠡᠭᠡᠶᠢᠷᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠴᠤᠩᠬᠤᠪᠴᠢ ᠲᠣᠬᠢᠷᠠᠭᠤᠯᠤᠭᠰᠠᠨ᠂ ᠠᠵᠢᠯ ᠶᠠᠪᠤᠳᠠᠯ ᠤᠨ ᠠᠵᠢᠯᠠᠭᠤᠯᠵᠦ ᠪᠠᠶᠢᠭ᠎ᠠ ᠪᠠᠶᠢᠳᠠᠯ᠂ ᠶᠡᠭᠡ ᠲᠢᠩᠬᠢᠮ ᠤᠨ ᠬᠢᠨᠠᠨ ᠵᠥᠪᠰᠢᠶᠡᠷᠡᠬᠦ ᠠᠵᠢᠯᠲᠠᠨ ᠠᠴᠠ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠶᠠᠪᠤᠴᠠ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ᠂ ᠡᠯᠧᠺᠲᠷᠣᠨ ᠦᠨᠡᠮᠯᠡᠯ ᠤᠨ ᠬᠡᠷᠡᠭᠯᠡᠯᠲᠡ᠂ ᠬᠠᠮᠲᠤᠷᠠᠨ ᠰᠢᠯᠭᠠᠨ ᠠᠪᠬᠤ ᠶᠢ ᠥᠷᠨᠢᠭᠦᠯᠬᠦ᠂ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠵᠡᠷᠭᠡ ᠬᠤᠯᠪᠣᠭᠳᠠᠯ ᠪᠥᠬᠦᠶ ᠪᠠᠶᠢᠳᠠᠯ ᠵᠢᠴᠢ ᠬᠢᠨᠠᠨ ᠵᠥᠪᠰᠢᠶᠡᠷᠡᠬᠦ ᠶᠠᠪᠤᠴᠠ ᠳᠤ ᠣᠷᠣᠰᠢᠵᠤ ᠪᠠᠶᠢᠭ᠎ᠠ ᠲᠦᠭᠵᠢᠷᠡᠯ ᠤᠨ  ᠴᠢᠭ᠂ ᠬᠦᠴᠢᠷ ᠠᠰᠠᠭᠤᠳᠠᠯ ᠵᠡᠷᠭᠡ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠲᠤᠬᠠᠢ ᠲᠤᠬᠠᠶ ᠶᠢᠨ ᠲᠠᠯᠠᠪᠤᠷ ᠲᠤ ᠵᠢᠯᠣᠭᠤᠳᠣᠯᠭ᠎ᠠ ᠬᠢᠪᠡ᠃       ᠸᠠᠩ ᠭᠧᠨ ᠰᠢᠶᠤᠤ ᠬᠤᠷᠢᠨᠭᠡᠷ ᠰᠢᠶᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠠᠪᠤᠴᠠ ᠳᠠᠬᠢ ᠵᠠᠷᠢᠮ ᠠᠷᠭ᠎ᠠ ᠬᠢᠳᠡᠯ ᠵᠢᠴᠢ ᠬᠢᠯᠠᠰ  ᠴᠢᠭ ᠢ ᠭᠦᠢᠴᠡᠳ ᠨᠤᠲᠠᠯᠠᠪᠠ᠃       ᠸᠠᠩ ᠭᠧᠨ ᠰᠢᠶᠤᠤ ᠵᠢᠭᠠᠵᠤ ᠭᠠᠷᠭᠠᠭᠰᠠᠨ ᠨᠢ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠬᠤᠷᠢᠨᠭᠡᠷ ᠰᠢᠶᠠᠨ ᠤ ᠬᠢᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠪᠠᠷ ᠭᠤᠤᠯᠯᠠᠭᠤᠯᠤᠨ᠂ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠳᠥᠭᠦᠮᠴᠢᠯᠡᠨ᠂ ᠬᠡᠷᠡᠭ ᠶᠠᠪᠤᠳᠠᠯ ᠢ ᠴᠣᠮᠬᠠᠳᠬᠠᠵᠤ᠂ ᠪᠠᠲᠤᠳᠬᠠᠨ ᠨᠠᠷᠢᠯᠢᠭ ᠬᠢᠵᠦ᠂ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ