11ᠳ᠋ᠤᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ᠬᠤᠷᠠᠯ ᠬᠤᠷᠠᠯᠳᠤᠭᠤᠯᠵᠤ᠂ ᠮᠠᠨ ᠤ ᠣᠷᠣᠨ ᠤ ︽ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ | ᠢᠨᠵᠧᠨᠧᠷᠢᠩ︾ ᠤᠨ ᠬᠠᠮᠢᠶ᠎ᠠ ᠪᠥᠬᠦᠶ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ | ᠯᠢᠦ ᠵᠢᠶᠠᠨ ᠬᠤᠸᠠ ᠬᠤᠷᠠᠯ ᠢ ᠡᠷᠭᠢᠯᠡᠵᠦ᠂ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃ | | | | | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠠᠩᠬᠠᠨ ᠤ ᠨᠣᠤᠷᠠᠭ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠬᠢᠨᠠᠨ ᠬᠡᠮᠵᠢᠯᠲᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ︵ | ᠠᠩᠬᠠᠨ ᠤ ᠨᠣᠤᠷᠠᠭ︶︾ ᠢ ᠭᠦᠨᠵᠡᠭᠡᠶ ᠶᠠᠷᠢᠯᠴᠠᠵᠤ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠳᠤᠷᠠᠳᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ | ᠪᠠᠶᠢᠷᠢᠯᠠᠭᠤᠯᠤᠯᠲᠠ ᠬᠢᠵᠡᠶ᠃ | | | | | ᠬᠤᠷᠠᠯ ᠠᠴᠠ ᠱᠠᠭᠠᠷᠳᠠᠭᠰᠠᠨ ᠨᠢ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠬᠢᠨᠠᠨ ᠬᠡᠮᠵᠢᠯᠳᠡ ᠶᠢᠨ ᠲᠠᠪᠴᠠᠩ ᠤᠨ | ᠪᠥᠲᠥᠭᠡᠨ ᠪᠠᠶᠢᠭᠤᠯᠤᠯᠲᠠ ᠶᠢᠨ ᠲᠥᠰᠦᠯ︾ ᠢ ᠲᠦᠷᠭᠡᠬᠡᠨ ᠵᠠᠰᠠᠵᠤ ᠲᠡᠭᠦᠯᠳᠡᠷᠵᠢᠭᠦᠯᠬᠦ ᠬᠡᠷᠡᠭᠲᠡᠶ︔ ᠠᠵᠢᠯ ᠤᠨ ᠲᠤᠰᠬᠠᠶ ᠠᠩᠭᠢ ᠶᠢ ᠲᠦᠷᠭᠡᠬᠡᠨ ᠪᠠᠶᠢᠭᠤᠯᠵᠤ᠂ ︽ | ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ︾ ᠤᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ︔ | ᠣᠲᠣ ᠶᠢᠨ ᠪᠠᠶᠢᠭ᠎ᠠ ᠰᠢᠲᠠᠮᠠᠬᠠᠶ ᠬᠡᠶ᠂ ᠬᠥᠭᠦᠷᠭᠡ᠂ ᠤᠰᠤ ᠬᠠᠩᠭᠠᠬᠤ ᠤᠰᠤ ᠵᠠᠯᠠᠬᠤ᠂ ᠪᠠᠷᠢᠯᠭ᠎ᠠ ᠶᠢᠨ ᠠᠵᠢᠯ ᠤᠨ ᠨᠢᠭᠡᠨᠲᠡ ᠪᠠᠶᠢᠭᠤᠯᠤᠭᠰᠠᠨ ᠪᠠᠶᠢᠴᠠᠭᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠢᠴᠢ ᠬᠢᠨᠠᠨ ᠡᠵᠡᠮᠳᠡᠬᠦ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠬᠦ ᠬᠡᠷᠡᠭᠲᠡᠶ ᠭᠡᠪᠡ᠃ | ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠨᠢᠭᠡᠴᠡ ᠪᠣᠯᠤᠨ | ᠠᠵᠢᠯᠲᠠᠳ ᠸᠢᠳᠢᠤ᠋ ᠬᠡᠯᠪᠡᠷᠢ ᠪᠠᠷ ᠬᠤᠷᠠᠯ ᠳᠤ ᠣᠷᠣᠯᠴᠠᠵᠠᠶ᠃ |