ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠳᠠᠩᠰᠠᠯᠠᠭᠤᠯᠤᠭᠰᠠᠨ ᠪᠠᠷᠢᠯᠭᠠᠴᠢᠨ ᠤ ᠬᠠᠮᠢᠶᠠᠷᠤᠯᠲᠠ ᠶᠢᠨ | ᠲᠣᠭᠲᠠᠭᠠᠯ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 153 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠶᠠᠳᠤᠭᠠᠷ ᠳᠡᠰ ᠤᠨ ᠪᠠᠷᠢᠯᠭᠠᠴᠢᠨ ᠤ ᠳᠡᠩᠰᠡᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠥᠷ ᠪᠥᠲᠥᠭᠡᠨ ᠪᠠᠶᠢᠭᠤᠯᠤᠯᠲᠠ ︹ 2007 ︺ 285 ᠳ᠋ᠤᠭᠠᠷ | ᠲᠣᠭᠠᠲᠤ︶ ᠶᠢ ᠦᠨᠳᠦᠰᠦᠯᠡᠪᠡᠯ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ | ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ︵ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨᠵᠠᠷᠯᠢᠭ 17 ᠳ᠋ᠤᠭᠠᠷ | ᠲᠣᠭᠠᠲᠤ︶᠂ ︽ᠳᠠᠩᠰᠠᠯᠠᠭᠤᠯᠤᠭᠰᠠᠨ ᠪᠠᠶᠢᠭᠤᠯᠤᠭᠰᠠᠨ ᠦᠨ᠎ᠡ ᠶᠢᠨ ᠢᠨᠵᠧᠨᠧᠷ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ | 150 ᠳ᠋ᠤᠭᠠᠷ ᠲᠣᠭᠠᠲᠤ︶᠂ ︽ᠪᠥᠬᠦ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ | ᠪᠠ ᠠᠶᠤᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠢ ᠦᠢᠯᠡᠳᠪᠦᠷᠢᠯᠡᠯ ᠢ ᠰᠢᠯᠭᠠᠨ ᠬᠢᠨᠠᠬᠤ | ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ ︹ 2016 ︺ 221 ᠳ᠋ᠦ᠋ᠭᠡᠷ ᠲᠣᠭᠠᠲᠤ︶᠂ ᠠᠵᠤ ᠠᠬᠤᠶᠢᠯᠠᠯ | ᠭᠤᠶᠤᠴᠢᠯᠠᠨ ᠮᠡᠳᠡᠭᠦᠯᠵᠦ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠩᠬ᠎ᠠ ᠬᠢᠨᠠᠭᠰᠠᠨ ᠰᠠᠭᠤᠷᠢᠨ ᠳᠡᠭᠡᠷ᠎ᠡ᠂ ᠹᠠᠩ ᠶᠠᠨ ᠵᠢᠶᠤᠤ ᠵᠡᠷᠭᠡ 214 ᠬᠥᠮᠦᠨ ᠪᠠᠷᠢᠯᠭ᠎ᠠ ᠶᠢᠨ ᠠᠵᠤ ᠠᠬᠤᠶᠢᠯᠠᠯ ᠤᠨ | ︽ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠵᠦ᠂ ᠶᠠᠩ ᠵᠢᠩ | ᠵᠡᠷᠭᠡ 389 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠵᠦ᠂ ᠬᠠᠨ ᠯᠸᠢ ᠹᠤᠩ ᠵᠡᠷᠭᠡ 14 | ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠵᠦ᠂ ᠵᠣᠣ ᠰᠢᠤᠸᠠᠢ ᠳ᠋ᠦᠩ ᠵᠡᠷᠭᠡ 2 ᠬᠥᠮᠦᠨ | ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠪᠡ︔ ᠵᠢᠶᠠ ᠱᠣ᠋ ᠰᠢᠶᠦ᠋ᠨ ᠵᠡᠷᠭᠡ 53 ᠬᠥᠮᠦᠨ ᠪᠠᠷᠢᠯᠭ᠎ᠠ ᠶᠢᠨ | ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ | ᠲᠡᠩᠴᠡᠭᠰᠡᠨ ᠥᠬᠡᠶ᠂ ᠴᠧᠩ ᠵᠢᠶᠦ᠋ᠨ ᠴᠢᠩ ᠵᠡᠷᠭᠡ 17 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠮᠠ | ᠼᠦᠩ ᠶᠢᠩ ᠵᠡᠷᠭᠡ 12 ᠬᠥᠮᠦᠨ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠥᠬᠡᠶ᠂ ᠡᠳᠦᠭᠡ | ᠨᠡᠷᠡᠰ ᠢ ᠵᠠᠷᠯᠠᠨ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 5 ᠰᠠᠷ᠎ᠠ ᠶᠢᠨ 27 ᠤ ᠡᠳᠦᠷ ᠤᠨ 17᠄ 30 ᠪᠤᠯᠲᠠᠯ᠎ᠠ᠃ ᠵᠠᠷᠯᠠᠨ | ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠲᠦᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ | ᠪᠠᠶᠢᠴᠠᠭᠠᠭᠰᠠᠨ ᠰᠠᠨᠠᠯ ᠨᠢ ︽ᠬᠢᠷᠢ ᠲᠡᠩᠴᠡᠭᠰᠡᠨ ᠥᠬᠡᠶ︾ ᠬᠥᠮᠦᠰ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠬᠢᠨᠠᠨ | ᠪᠠᠶᠢᠴᠠᠭᠠᠭᠰᠠᠨ ᠰᠠᠨᠠᠯ ᠢ ᠯᠠᠪᠯᠠᠨ ᠠᠰᠠᠭᠤᠵᠤ ᠪᠣᠯᠤᠨ᠎ᠠ᠃ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠴᠥᠮ | ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ | ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ | ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃ | ᠬᠠᠷᠢᠯᠴᠠᠬᠤ ᠤᠲᠠᠰᠤ᠄ 0471-5332426 | ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ 6 ᠳ᠋ᠤᠭᠠᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ | 34᠂ 35 ᠳ᠋ᠤᠭᠠᠷ ᠴᠣᠩᠬᠤᠪᠴᠢ | | ᠳᠠᠭᠠᠯᠳᠤᠭᠤᠯᠤᠯ᠄ | 1.ᠹᠠᠩ ᠶᠠᠨ ᠵᠢᠶᠤᠤ ᠵᠡᠷᠭᠡ 214 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ︾ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ | 2.ᠶᠠᠩ ᠵᠢᠩ ᠵᠡᠷᠭᠡ 389 ᠬᠥᠮᠦᠨ ᠤ ᠬᠤᠶᠠᠳᠤᠭᠠᠷ ᠳᠡᠰ ᠤᠨ ᠪᠠᠷᠢᠯᠭ᠎ᠠ ᠶᠢᠨ ᠪᠠᠭᠰᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ | ᠨᠡᠷᠡᠰ | 3.ᠵᠢᠶᠠ ᠱᠣ᠋ ᠰᠢᠶᠦ᠋ᠨ ᠵᠡᠷᠭᠡ 53 ᠬᠥᠮᠦᠨ ᠤ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ︽ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ︾ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠬᠥᠮᠦᠰ ᠤᠨ ᠨᠡᠷᠡᠰ | 4.ᠴᠧᠩ ᠵᠢᠶᠦ᠋ᠨ ᠴᠢᠩ ᠵᠡᠷᠭᠡ 17 ᠬᠥᠮᠦᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ ᠥᠯᠥ ᠨᠡᠶᠢᠴᠡᠬᠦ ᠬᠥᠮᠦᠰ ᠤᠨ | ᠨᠡᠷᠡᠰ | 5.ᠬᠠᠨ ᠯᠸᠢ ᠹᠤᠩ ᠵᠡᠷᠭᠡ 14 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ | ᠬᠥᠮᠦᠰ ᠤᠨ ᠨᠡᠷᠡᠰ | 6.ᠮᠠ ᠼᠦᠩ ᠢᠩ ᠵᠡᠷᠭᠡ 12 ᠬᠥᠮᠦᠨ ᠤ ᠬᠤᠶᠠᠳᠤᠭᠠᠷ ᠳᠡᠰ ᠤᠨ ᠦᠢᠯᠡᠳᠬᠦ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠥᠯᠥ | ᠨᠡᠶᠢᠴᠡᠬᠦ ᠬᠥᠮᠦᠰ ᠤᠨ ᠨᠡᠷᠡᠰ | 7.ᠵᠣᠣ ᠰᠢᠤᠸᠠᠢ ᠳ᠋ᠦᠩ ᠵᠡᠷᠭᠡ 2 ᠬᠥᠮᠦᠨ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠬᠤᠶᠠᠳᠤᠭᠠᠷ ᠳᠡᠰ ᠤᠨ ᠪᠠᠷᠢᠯᠭ᠎ᠠ ᠶᠢᠨ ᠢᠨᠵᠧᠨᠧᠷ ᠤᠨ | ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ | | 2021 ᠣᠨ ᠤ 5 ᠰᠠᠷ᠎ᠠ ᠶᠢᠨ 21 ᠤ ᠡᠳᠦᠷ |