2021 ᠣᠨ ᠤ ᠠᠷᠪᠠᠨ ᠵᠢᠷᠭᠤᠳᠤᠭᠠᠷ ᠪᠦᠯᠦᠭ ᠤᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2021/5/26
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠬᠤᠯᠪᠣᠭᠳᠠᠯ ᠪᠦᠬᠦᠢ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠠᠨ ᠤ ᠲᠢᠩᠬᠢᠮ ᠠᠴᠠ 2021 ᠣᠨ ᠤ ᠠᠷᠪᠠᠨ ᠵᠢᠷᠭᠤᠳᠤᠭᠠᠷ ᠪᠦᠯᠦᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ 6 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 3 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 12 ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢᠨ ᠯᠠᠪᠯᠠᠯᠭ᠎ᠠ ᠶᠢᠨ ᠠᠵᠤ ᠠᠬᠤᠶᠢᠯᠠᠯ᠂ 4 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ᠂ 2 ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠵᠢᠴᠢ 41 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 5 ᠰᠠᠷ᠎ᠠ ᠶᠢᠨ 27 ᠤ ᠡᠳᠦᠷ ᠤᠨ 17 ᠴᠠᠭ 30 ᠮᠢᠨᠦ᠋ᠲ ᠪᠣᠯᠲᠠᠯ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠦᠭᠡᠨ ᠲᠣᠳᠣᠷᠬᠠᠶᠢᠯᠠᠵᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠨᠢ ᠪᠠᠶᠢᠴᠠᠭᠠᠨ ᠦᠵᠡᠵᠦ ᠪᠣᠯᠤᠨ᠎ᠠ᠃         ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠪᠠᠶᠢᠭᠤᠯᠭ᠎ᠠ ᠨᠢᠭᠡᠴᠢ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠶ᠂ ᠬᠤᠪᠢ ᠬᠥᠮᠦᠨ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠢ ᠰᠢᠦᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠯᠡᠬᠦ ᠳᠤ ᠪᠡᠯᠡᠳᠬᠡᠬᠦ ᠬᠡᠷᠡᠭᠲᠡᠶ᠃        ᠬᠠᠷᠢᠯᠴᠠᠬᠤ ᠤᠲᠠᠰᠤ᠄ 0471-5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤᠪᠴᠢ ᠳᠠᠭᠠᠯᠳᠤᠭᠤᠯᠤᠯ᠄ 1.ᠠᠷᠪᠠᠨ ᠵᠢᠷᠭᠤᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 2.ᠠᠷᠪᠠᠨ ᠵᠢᠷᠭᠤᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 3.ᠠᠷᠪᠠᠨ ᠵᠢᠷᠭᠤᠳᠤᠭᠠᠷ ᠪᠦᠯᠦᠭ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 4.ᠠᠷᠪᠠᠨ ᠵᠢᠷᠭᠤᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 5.ᠠᠷᠪᠠᠨ ᠵᠢᠷᠭᠤᠳᠤᠭᠠᠷ ᠪᠦᠯᠦᠭ ᠢᠨᠵᠧᠨᠧᠷᠢᠩ ᠤᠨ  ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 6.ᠠᠷᠪᠠᠨ ᠵᠢᠷᠭᠤᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠪᠠᠶᠢᠴᠠᠭᠠᠭᠰᠠᠨ ᠰᠠᠨᠠᠯ
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ