ᠦᠪᠦᠷ ᠪᠥᠲᠦᠭᠡᠨ ᠴᠢᠨᠠᠷ ﹇2021﹈ 88 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ︽ᠪᠠᠭᠤᠯᠭᠠᠬᠤ ᠬᠠᠮᠢᠶᠠᠷᠠᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠤᠭᠡᠷ ᠲᠣᠭᠠᠲᠤ︶ ︽︿ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠳᠦᠷᠢᠮ﹀ ᠪᠣᠯᠤᠨ ︿ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ | ᠳᠠᠩᠰᠠᠯᠠᠬᠤ ᠪᠠ ᠰᠣᠩᠭᠤᠨ ᠪᠠᠶᠢᠴᠠᠭᠠᠬᠤ ᠪᠢᠴᠢᠭ ᠬᠠᠷ᠎ᠠ ᠶᠢᠨ ᠶᠠᠩᠵᠤ ᠮᠠᠶ᠋ᠢᠭ﹀ ᠢ ᠳᠠᠷᠤᠮᠠᠯᠯᠠᠨ ᠶᠠᠪᠤᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠦᠲᠦᠭᠡᠨ ᠪᠠᠶᠢᠭᠤᠯᠤᠯᠲᠠ ᠰᠠᠯᠠᠭ᠎ᠠ ᠲᠣᠭᠲᠠᠭᠠᠯ ﹇2020﹈ 5 ᠳ᠋ᠤᠭᠠᠷ ᠲᠣᠭᠠᠲᠤ︶ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠲᠠ᠂ ᠪᠥᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠥᠬᠦᠢ ᠵᠦᠢᠯ ᠢ ᠳᠣᠣᠷᠠᠬᠢ | ᠮᠡᠲᠦ ᠮᠡᠳᠡᠭᠳᠡᠶ᠎ᠡ᠄ | | ᠨᠢᠭᠡ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠲᠣᠭᠲᠠᠭᠠᠯ︾ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ | ᠠᠵᠢᠯ ᠤᠨ ᠨᠠᠷᠢᠨ ᠲᠦᠷᠢᠮ︾ ᠪᠠ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ | ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠬᠤ ᠪᠠ ᠰᠤᠭᠤᠴᠢᠨ ᠪᠠᠶᠢᠴᠠᠭᠠᠬᠤ ᠪᠢᠴᠢᠭ ᠬᠠᠷ᠎ᠠ ᠶᠢᠨ ᠶᠠᠩᠵᠤ ᠬᠡᠯᠪᠡᠷᠢ︾ ᠶᠢ ᠬᠢᠨᠠᠮᠠᠭᠠᠶ ᠰᠤᠷᠤᠯᠴᠠᠨ ᠣᠶᠢᠯᠠᠭᠠᠬᠤ | ᠬᠡᠷᠡᠭᠲᠡᠶ᠃ ᠡᠭᠦᠨ ᠤ ᠬᠠᠮᠲᠤ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠯᠠᠮ | ᠨᠢᠭᠡ ᠠᠯᠬᠤᠮ ᠨᠠᠷᠢᠯᠢᠬᠵᠢᠭᠤᠯᠵᠤ᠂ ᠢᠯᠠᠩᠭᠤᠶ᠎ᠠ ᠣᠲᠣ ᠶᠢᠨ ᠪᠠᠶᠢᠭ᠎ᠠ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ | ᠠᠵᠢᠯ ᠤᠨ ᠵᠠᠭᠪᠤᠷ᠂ ᠭᠤᠶᠤᠴᠢᠯᠠᠯ ᠤᠨ ᠮᠠᠲ᠋ᠧᠷᠢᠶᠠᠯ ᠵᠡᠷᠭᠡ ᠶᠢ ᠴᠠᠭ ᠲᠤᠬᠠᠶ ᠳᠤᠨᠢ ᠳᠣᠭᠢᠷᠠᠭᠤᠯᠤᠨ ᠰᠢᠯᠢᠳᠡᠭᠵᠢᠭᠦᠯᠵᠦ᠂ ᠬᠤᠯᠪᠣᠭᠳᠠᠯ ᠪᠥᠬᠦᠶ ᠠᠵᠢᠯ ᠤᠨ | ᠬᠦᠰᠦᠨᠦᠭᠲᠦ ᠪᠤᠶᠤ ᠠᠵᠢᠯ ᠤᠨ ᠲᠠᠰ ᠳᠠᠷᠠᠭᠠᠯᠠᠯ ᠢ ᠨᠥᠬᠦᠪᠥᠷᠢᠯᠡᠨ ᠲᠡᠭᠦᠯᠳᠡᠷᠵᠢᠭᠦᠯᠬᠦ ᠬᠡᠷᠡᠭᠲᠡᠶ᠃ ᠨᠢᠭᠡᠳᠦᠭᠡᠷ ᠹᠷᠣᠨᠲ ᠤᠨ ᠠᠵᠢᠯᠲᠠᠨ ᠤ ᠪᠣᠯᠪᠠᠰᠤᠷᠠᠭᠤᠯᠤᠯ ᠪᠠ | ᠵᠢᠯᠣᠭᠤᠳᠣᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠠ ᠠᠵᠢᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠂ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ | ᠬᠤᠶᠠᠷ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ | ᠬᠢᠨᠠᠨ ᠪᠠᠶᠢᠴᠠᠭᠠᠵᠤ ᠰᠢᠯᠭᠠᠨ ᠠᠪᠬᠤ ᠪᠠᠷ ᠭᠤᠶᠤᠴᠢᠯᠠᠬᠤ ᠳᠠᠭᠠᠨ᠂ ᠡᠯ᠎ᠡ ᠭᠠᠵᠠᠷ ᠤᠨ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠣᠭᠲᠠᠭᠠᠯ︾ ᠤᠨ ᠠᠷᠪᠠᠨ ᠵᠢᠷᠭᠤᠳᠤᠭᠠᠷ ᠵᠦᠢᠯ᠂ ᠠᠷᠪᠠᠨ | ᠳᠣᠯᠣᠳᠤᠭᠠᠷ ᠵᠦᠢᠯ᠂ ᠬᠤᠷᠢᠨ ᠨᠠᠢᠮᠠᠳᠤᠭᠠᠷ ᠵᠦᠢᠯ ᠪᠣᠯᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ | ᠭᠤᠶᠤᠴᠢᠯᠠᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠨᠡᠮᠡᠬᠦ ᠶᠢ ᠴᠢᠩᠭ᠎ᠠ ᠴᠠᠭᠠᠵᠠᠯᠠᠨ᠎ᠠ ︵ᠵᠢᠱᠢᠶᠡᠯᠡᠪᠡᠯ ᠭᠠᠯ ᠤᠨᠲᠠᠷᠠᠭᠠᠬᠤ ᠶᠢ ᠰᠢᠯᠭᠠᠨ ᠠᠪᠬᠤ ᠪᠠ ᠭᠠᠯ | ᠤᠨᠲᠠᠷᠠᠭᠠᠬᠤ ᠶᠢ ᠰᠢᠯᠭᠠᠨ ᠠᠪᠬᠤ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠪᠠᠷᠢᠯᠭ᠎ᠠ ᠪᠠᠷᠢᠭᠤᠯᠬᠤ ᠨᠢᠭᠡᠴᠢ ᠶᠢᠨ ᠪᠠᠷᠢᠯᠭ᠎ᠠ ᠶᠢᠨ ᠠᠵᠢᠯ ᠤᠨ ᠪᠠᠷᠢᠯᠭ᠎ᠠ | ᠪᠠᠷᠢᠬᠤ ᠵᠥᠪᠰᠢᠶᠡᠷᠡᠯ ᠤᠨ ᠦᠨᠡᠮᠯᠡᠯ ᠪᠤᠶᠤ ᠠᠵᠢᠯ ᠡᠬᠢᠯᠡᠭᠦᠯᠬᠦ ᠮᠡᠳᠡᠭᠦᠯᠦᠯᠲᠡ ᠶᠢ ᠠᠰ ᠲᠤᠨᠢ ᠬᠠᠩᠭᠠᠬᠤ ᠶᠢ ᠱᠠᠭᠠᠷᠳᠠᠨ᠎ᠠ᠂ ᠭᠠᠯ ᠤᠨᠲᠠᠷᠠᠭᠠᠬᠤ ᠶᠢ ᠰᠢᠯᠭᠠᠨ | ᠠᠪᠬᠤ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠪᠠᠷᠢᠯᠭ᠎ᠠ ᠪᠠᠷᠢᠭᠤᠯᠬᠤ ᠨᠢᠭᠡᠴᠢ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠠᠰ ᠲᠤᠨᠢ ᠬᠠᠩᠭᠠᠯᠭᠠᠬᠤ ᠶᠢ ᠱᠠᠭᠠᠷᠳᠠᠬᠤ ᠵᠡᠷᠭᠡ︶᠃ | ᠭᠤᠷᠪᠠ᠂ ᠪᠥᠳᠥᠭᠡᠨ ᠪᠠᠶᠢᠭᠤᠯᠤᠯᠲᠠ ᠶᠢᠨ ᠨᠢᠭᠡᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠭᠠᠷᠳᠠᠮ | ᠭᠦᠢᠴᠡᠳᠬᠡᠬᠦ ᠪᠠᠷ ᠭᠤᠶᠤᠴᠢᠯᠠᠬᠤ ᠳᠠᠭᠠᠨ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠲᠠᠢ | ᠨᠢᠭᠡᠳᠦᠯᠲᠡᠶ ᠪᠠᠶᠢᠬᠤ ᠬᠡᠷᠡᠭᠲᠡᠶ᠃ ᠦᠨᠡᠬᠡᠷ ᠬᠡᠰᠡᠭ ᠲᠠᠯ᠎ᠠ ᠶᠢ ᠨᠢ ᠠᠰᠢᠭᠯᠠᠯᠲᠠ ᠳᠤ ᠣᠷᠣᠭᠤᠯᠬᠤ ᠴᠢᠬᠤᠯᠠ ᠲᠠᠢ ᠪᠣᠯ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠳᠦᠭᠡᠨ ᠪᠠᠶᠢᠭᠤᠯᠤᠯᠲᠠ ᠶᠢᠨ ᠶᠠᠮᠤᠨ ᠠᠴᠠ ᠰᠢᠨ᠎ᠡ ᠬᠠᠮᠢᠶᠠᠷᠤᠯᠲᠠ ᠶᠢᠨ ᠲᠣᠭᠲᠠᠭᠠᠯ ᠪᠠ ᠤᠯᠤᠰ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ | ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠬᠦ ᠠᠴᠠ ᠡᠮᠦᠨ᠎ᠡ᠂ ᠪᠦᠳᠦᠭᠡᠨ ᠪᠠᠶᠢᠭᠤᠯᠤᠯᠲᠠ ᠶᠢᠨ ᠨᠢᠭᠡᠴᠢ ᠶᠢᠨ ᠭᠤᠶᠤᠴᠢᠯᠠᠯ ᠢ | ᠦᠨᠳᠦᠰᠦᠯᠡᠨ᠂ ᠬᠡᠰᠡᠭ ᠲᠠᠯ᠎ᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠰᠢᠯᠭᠠᠨ ᠠᠪᠬᠤ ᠶᠢ ᠬᠡᠷᠡᠭᠵᠢᠭᠦᠯᠵᠦ ᠪᠣᠯᠬᠤ | ᠪᠥᠭᠡᠳ ᠳᠣᠣᠷ᠎ᠠ ᠵᠢᠭᠰᠠᠭᠠᠭᠰᠠᠨ ᠨᠥᠬᠦᠴᠡᠯ ᠳᠤ ᠬᠠᠮᠲᠤ ᠳᠤᠨᠢ ᠨᠡᠶᠢᠴᠡᠭᠰᠡᠨ ᠪᠠᠶᠢᠬᠤ ᠬᠡᠷᠡᠭᠲᠡᠶ᠄ ᠨᠢᠭᠡ ᠳᠤ᠂ ᠬᠡᠷᠡᠭᠯᠡᠭᠡᠨ ᠤ ᠪᠤᠰᠤ ᠣᠷᠣᠨ ᠪᠦᠰᠡ ᠲᠠᠢ ᠭᠠᠯ | ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠭᠠᠯ ᠰᠡᠷᠭᠡᠶᠢᠯᠡᠬᠦ᠂ ᠤᠲᠤᠭ᠎ᠠ ᠰᠡᠷᠭᠡᠶᠢᠯᠡᠬᠦ ᠪᠦᠷᠢᠨ ᠪᠦᠲᠦᠨ ᠵᠠᠭᠠᠭ ᠲᠠᠢ | ᠪᠠᠶᠢᠬᠤ︔ ᠬᠤᠶᠠᠷ ᠲᠤ᠂ ᠬᠡᠰᠡᠭ ᠲᠠᠯ᠎ᠠ ᠶᠢᠨ ᠠᠰᠢᠭᠯᠠᠯᠲᠠ ᠳᠤ ᠣᠷᠣᠭᠤᠯᠤᠭᠰᠠᠨ ᠬᠡᠰᠡᠭ ᠤᠨ ᠠᠶᠤᠯᠭᠦᠶ ᠭᠠᠷᠬᠤ ᠡᠭᠦᠳᠡ᠂ ᠲᠠᠷᠬᠠᠭᠠᠬᠤ ᠠᠰᠠᠷ ᠤᠨ ᠱᠠᠳᠤ ᠨᠢ | ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔ ᠭᠤᠷᠪᠠ ᠳᠤ᠂ ᠭᠠᠯ ᠤᠨᠲᠠᠷᠠᠭᠠᠬᠤ ᠤᠰᠤᠨ ᠰᠤᠷᠪᠤᠯᠵᠢ | ᠂ ᠭᠠᠯ ᠤᠨᠲᠠᠷᠠᠭᠠᠬᠤ ᠴᠠᠬᠢᠯᠭᠠᠨ ᠡᠭᠦᠰᠭᠡᠭᠴᠢ ᠨᠢ ᠴᠥᠮ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠ ᠭᠠᠯ ᠤᠨᠲᠠᠷᠠᠭᠠᠬᠤ ᠵᠢᠷᠤᠭ ᠲᠥᠯᠥᠪᠯᠡᠭᠡᠨ ᠤ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠬᠠᠩᠭᠠᠬᠤ︔ ᠲᠦᠷᠪᠡ ᠳᠤ᠂ ᠬᠡᠰᠡᠭ ᠲᠠᠯ᠎ᠠ ᠶᠢᠨ ᠠᠰᠢᠭᠯᠠᠯᠲᠠ ᠳᠤ ᠣᠷᠣᠭᠤᠯᠤᠭᠰᠠᠨ ᠬᠡᠰᠡᠭ ᠤᠨ ᠡᠯ᠎ᠡ ᠵᠦᠢᠯ ᠤᠨ ᠭᠠᠯ | ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠮᠡᠳᠡᠭᠦᠯᠦᠯᠲᠡ ᠶᠢ ᠤᠯᠬᠤ ᠶᠢᠨ ᠬᠠᠮᠲᠤ ᠲᠡᠭᠦᠨ ᠤ ᠪᠡᠶ᠎ᠡ ᠪᠠᠨ | ᠳᠠᠭᠠᠭᠠᠵᠤ ᠠᠵᠢᠯᠯᠠᠬᠤ ᠶᠢ ᠪᠠᠲᠤᠯᠠᠭᠰᠠᠨ ᠪᠠᠶᠢᠬᠤ︔ ᠲᠠᠪᠤ ᠳᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠪᠠᠶᠢᠷᠢᠰᠢᠯ ᠢ ᠵᠦᠢ ᠵᠣᠬᠢᠰᠲᠠᠶ ᠪᠠᠶᠢᠯᠭᠠᠵᠤ᠂ | ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠬᠡᠪ ᠢᠶᠠᠷ ᠬᠡᠷᠡᠭᠯᠡᠵᠦ ᠴᠢᠳᠠᠬᠤ ᠪᠣᠯᠭᠠᠬᠤ ᠬᠡᠷᠡᠭᠲᠡᠶ᠃ | ᠲᠦᠷᠪᠡ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠪᠥᠳᠥᠭᠡᠨ ᠪᠠᠶᠢᠭᠤᠯᠤᠯᠲᠠ ᠶᠢᠨ ᠨᠢᠭᠡᠴᠢ ᠶᠢ ᠢᠳᠡᠪᠬᠢᠲᠡᠶ ᠪᠠᠷ ᠵᠢᠯᠣᠭᠤᠳᠴᠤ ᠪᠠᠶᠢᠭᠠᠳ | ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠥᠷ | ᠬᠡᠷᠡᠭᠵᠢᠭᠦᠯᠬᠦ ᠲᠣᠭᠲᠠᠭᠠᠯ︾ ᠪᠣᠯᠤᠨ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠠᠵᠢᠯ ᠤᠨ ᠨᠠᠷᠢᠨ ᠲᠥᠷᠢᠮ︾ ᠤᠨ ᠬᠤᠯᠪᠣᠭᠳᠠᠯ ᠪᠥᠬᠦᠢ ᠱᠠᠭᠠᠷᠳᠠᠯᠭ᠎ᠠ ᠶᠣᠰᠣᠭᠠᠷ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ ᠤᠨᠲᠠᠷᠠᠭᠠᠬᠤ | ᠪᠠᠶᠢᠴᠠᠭᠠᠨ ᠰᠢᠯᠭᠠᠯᠲᠠ ᠶᠢ ᠥᠷᠨᠢᠭᠦᠯᠬᠦ ᠶᠢᠨ ᠬᠠᠮᠲᠤ ︽ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ | ᠤᠨᠲᠠᠷᠠᠭᠠᠬᠤ ᠶᠢᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ︾ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠲᠠᠪᠤ᠂ ᠣᠨᠴᠠᠭᠠᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠴᠢᠬᠤᠯᠠ ᠲᠠᠢ ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ ᠶᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠬᠥᠯᠢᠶᠡᠨ ᠠᠪᠴᠤ ᠰᠢᠢᠳᠪᠦᠷᠢᠯᠡᠬᠦ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ | ᠲᠢᠩᠬᠢᠮ ᠳᠤ ᠰᠢᠭᠤᠳ ᠮᠡᠳᠡᠭᠦᠯᠵᠦ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠯᠭᠠᠬᠤ ᠶᠢᠨ ᠬᠠᠮᠲᠤ ᠠᠶᠢᠮᠠᠭ ᠬᠤᠳᠠ ᠶᠢᠨ ᠣᠷᠣᠨ | ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠮᠡᠳᠡᠭᠦᠯᠦᠨ | ᠬᠢᠨᠠᠭᠤᠯᠬᠤ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ | ᠵᠢᠷᠭᠤᠭ᠎ᠠ᠂ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠠᠵᠢᠯ ᠨᠢ | ᠡᠷᠬᠡᠪᠰᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠃ ᠣᠨᠴᠠᠭᠠᠢ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠯᠭᠠᠨ ᠠᠪᠬᠤ ᠳᠤ ᠭᠠᠯ ᠰᠡᠷᠭᠡᠶᠢᠯᠡᠨ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ | ᠮᠠᠲ᠋ᠧᠷᠢᠶᠠᠯ ᠢᠶᠠᠷ ᠦᠨᠳᠦᠰᠦᠯᠡᠯ ᠪᠣᠯᠭᠠᠬᠤ ᠶᠢᠨ ᠬᠠᠮᠲᠤ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠰᠠᠨᠠᠯ ᠢ ᠣᠯᠤᠭᠰᠠᠨ ᠦᠶ᠎ᠡ ᠶᠢᠨ ᠪᠠᠷᠢᠮᠵᠢᠶ᠎ᠠ ᠪᠠᠷ ᠬᠡᠷᠡᠭᠵᠢᠭᠦᠯᠬᠦ | ᠬᠡᠷᠡᠭᠲᠡᠶ᠃ ᠪᠤᠰᠤᠳ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠶᠢ ᠰᠢᠯᠭᠠᠨ ᠠᠪᠴᠤ ᠳᠠᠩᠰᠠᠯᠠᠬᠤ᠂ ᠰᠣᠩᠭᠤᠨ | ᠪᠠᠶᠢᠴᠠᠭᠠᠬᠤ ᠳᠤ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠦᠶ᠎ᠡ ᠳᠤ ᠬᠡᠷᠡᠭᠵᠢᠭᠦᠯᠦᠭᠰᠡᠨ | ᠤᠯᠤᠰ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠬᠤ ᠬᠡᠷᠡᠭᠲᠡᠶ᠃ | ᠲᠤᠯᠤᠭ᠎ᠠ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠪᠥᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠪᠥᠬᠦ ᠣᠷᠣᠨ ᠤ ᠪᠥᠳᠥᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠬᠢᠭᠡᠳ ᠠᠵᠢᠯᠯᠠᠭᠰᠠᠳ ᠤᠨ ᠮᠡᠳᠡᠭᠡ ᠵᠠᠩᠭᠢ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠵᠡᠷᠭᠡ ᠮᠡᠷᠭᠡᠵᠢᠯ ᠤᠨ | ᠮᠠᠲ᠋ᠧᠷᠢᠶᠠᠯ ᠢ ᠪᠥᠬᠦᠨ ᠢ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠬᠦᠷᠲᠡᠯ᠎ᠡ ᠳᠠᠮᠵᠢᠭᠤᠯᠵᠤ᠂ ᠮᠡᠳᠡᠭᠡ ᠵᠠᠩᠬᠢᠴᠢᠯᠠᠭᠰᠠᠨ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠬᠡᠷᠡᠭᠲᠡᠶ᠃ ︽ᠪᠥᠲᠥᠭᠡᠨ ᠪᠠᠶᠢᠭᠤᠯᠬᠤ ᠨᠢᠭᠡᠴᠢ ᠶᠢᠨ ᠢᠨᠵᠧᠨᠧᠷᠢᠩ ᠤᠨ ᠶᠠᠰᠤ ᠴᠢᠨᠠᠷ ᠤᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠥᠲᠥᠭᠡᠨ ᠪᠠᠶᠢᠭᠤᠯᠤᠯᠳᠠ ᠶᠠᠰᠤ ᠴᠢᠨᠠᠷ | ᠲᠣᠭᠲᠠᠭᠠᠯ ﹇2020﹈ 9 ᠳ᠋ᠤᠭᠡᠷ ᠲᠣᠭᠠᠲᠤ︶ ᠢ ᠦᠨᠳᠦᠰᠦᠯᠡᠪᠡᠯ᠂ ᠪᠥᠲᠥᠭᠡᠨ ᠪᠠᠶᠢᠭᠤᠯᠬᠤ ᠨᠢᠭᠡᠴᠢ ᠶᠢᠨ ᠨᠠᠶᠢᠳᠠᠭᠰᠠᠨ ᠪᠤᠰᠤ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠭᠠᠷᠭᠠᠭᠰᠠᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠠᠪᠬᠤ ᠦᠨᠳᠦᠰᠦᠯᠡᠯ ᠪᠣᠯᠭᠠᠵᠤ ᠪᠣᠯᠬᠤ | ᠥᠬᠡᠶ᠃ ᠳᠡᠩᠰᠡᠯᠡᠵᠦ ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠬᠤ ᠢᠨᠵᠧᠨᠧᠷᠢᠩ ᠤᠨ ᠪᠠᠷᠢᠯᠭ᠎ᠠ᠂ ᠬᠥᠮᠦᠨ ᠬᠠᠷ᠎ᠠ ᠨᠢᠭᠲᠠᠷᠠᠨ ᠴᠤᠭᠯᠠᠷᠠᠬᠤ | ᠭᠠᠵᠠᠷ ᠲᠠᠯᠠᠪᠤᠷ ᠵᠢᠴᠢ ᠬᠥᠮᠦᠨ ᠬᠠᠷ᠎ᠠ ᠨᠢᠭᠲᠠᠷᠠᠨ ᠴᠤᠭᠯᠠᠷᠠᠬᠤ ᠭᠠᠵᠠᠷ ᠲᠠᠯᠠᠪᠤᠷ ᠪᠠᠶᠢᠭᠤᠯᠤᠭᠰᠠᠨ ᠢᠨᠵᠧᠨᠧᠷᠢᠩ ᠤᠨ ᠪᠠᠷᠢᠯᠭ᠎ᠠ ᠶᠢᠨ ᠳᠡᠩᠰᠡᠯᠡᠵᠦ ᠰᠤᠭᠤᠴᠢᠨ | ᠪᠠᠶᠢᠴᠠᠭᠠᠬᠤ ᠬᠠᠷᠢᠴᠠᠯ ᠢ 50% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠳᠡᠩᠰᠡᠯᠡᠵᠦ ᠰᠣᠩᠭᠤᠨ | ᠪᠠᠶᠢᠴᠠᠭᠠᠬᠤ ᠬᠠᠷᠢᠴᠠᠯ ᠢ 30% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠪᠤᠰᠤᠳ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠳᠡᠩᠰᠡᠯᠡᠵᠦ | ᠰᠤᠭᠤᠴᠢᠨ ᠪᠠᠶᠢᠴᠠᠭᠠᠬᠤ ᠬᠠᠷᠢᠴᠠᠯ ᠢ 20% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ᠨᠠᠢᠮᠠ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠳᠤ ᠬᠠᠷᠠᠭᠠᠯᠵᠠᠭᠰᠠᠨ ᠴᠢᠳᠠᠪᠤᠷᠢ ᠪᠥᠬᠦᠢ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ︵ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ᠂ ᠬᠠᠮᠢᠶ᠎ᠠ ᠪᠥᠬᠦᠢ ᠲᠤᠰᠬᠠᠶ ᠮᠡᠷᠭᠡᠵᠢᠯ ᠤᠨ ᠵᠢᠷᠤᠭ ᠲᠥᠯᠥᠪᠯᠡᠭᠡᠨ ᠤ ᠬᠦᠷᠢᠶᠡᠯᠡᠩ | ᠵᠡᠷᠭᠡ︶ ᠠᠴᠠ ᠵᠢᠷᠤᠭ ᠲᠤ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠵᠦ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠭᠦᠭᠰᠡᠨ | ᠮᠡᠷᠭᠡᠵᠢᠯ ᠤᠨ ᠬᠢᠨᠠᠨ ᠪᠠᠶᠢᠴᠠᠭᠠᠭᠰᠠᠨ ᠰᠠᠨᠠᠯ ᠳᠤ ᠬᠠᠷᠢᠭᠤᠴᠠᠨ᠎ᠠ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠵᠣᠬᠢᠬᠤ ᠴᠢᠳᠠᠪᠤᠷᠢ ᠪᠥᠬᠦᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠭᠠᠯ ᠤᠨᠲᠠᠷᠠᠭᠠᠬᠤ ᠶᠢ ᠰᠢᠯᠭᠠᠨ ᠠᠪᠬᠤ ᠲᠤᠬᠠᠶ ᠶᠢᠨ ᠲᠠᠯᠠᠪᠠᠢ ᠶᠢᠨ ᠦᠨᠡᠯᠡᠨ ᠲᠣᠭᠲᠠᠭᠠᠬᠤ ᠵᠡᠷᠭᠡ ᠠᠵᠢᠯ ᠢ ᠥᠷᠨᠢᠭᠦᠯᠵᠦ ᠪᠣᠯᠤᠨ᠎ᠠ᠃ | ᠶᠢᠰᠦ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠪᠥᠳᠥᠭᠡᠨ ᠪᠠᠶᠢᠭᠤᠯᠤᠯᠲᠠ ᠵᠢᠨᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠠᠩᠰᠠ ᠡᠪᠬᠡᠮᠡᠯ ᠤᠨ | ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠴᠠᠭ ᠲᠤᠬᠠᠶ ᠳᠤ ᠨᠢ ᠲᠠᠩᠰᠠ ᠡᠪᠬᠡᠮᠡᠯ ᠳᠤ | ᠣᠷᠣᠭᠤᠯᠬᠤ᠂ ᠲᠠᠩᠰᠠ ᠡᠪᠬᠡᠮᠡᠯ ᠤᠨ ᠪᠦᠷᠢᠨ ᠪᠦᠲᠦᠨ ᠣᠨᠣᠪᠴᠢᠲᠠᠶ ᠪᠠᠶᠢᠬᠤ᠂ ᠮᠥᠷᠳᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ | ᠪᠠ ᠰᠤᠭᠤᠴᠢᠨ ᠪᠠᠶᠢᠴᠠᠭᠠᠬᠤ ᠠᠩᠬᠠᠨ ᠤ ᠮᠡᠷᠭᠡᠵᠢᠯ ᠤᠨ ᠮᠠᠲ᠋ᠧᠷᠢᠶᠠᠯ ᠢ ᠤᠷᠳᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠶ᠃ | ᠠᠷᠪᠠ᠂ ᠪᠦᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠠᠵᠢᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠶᠢᠨ ᠲᠦᠯᠦᠭᠡ᠂ ᠮᠠᠨ ᠤ | ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠵᠠᠭᠪᠤᠷ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠤᠨ ᠮᠡᠷᠭᠡᠵᠢᠯ ᠤᠨ ᠬᠢᠨᠠᠨ | ᠪᠠᠶᠢᠴᠠᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ ᠤᠨᠲᠠᠷᠠᠭᠠᠬᠤ ᠪᠠᠶᠢᠴᠠᠭᠠᠨ ᠰᠢᠯᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠠᠵᠢᠯ ᠢ ᠰᠢᠯᠭᠠᠨ ᠠᠪᠬᠤ | ᠲᠤᠬᠠᠶ ᠶᠢᠨ ᠲᠠᠯᠠᠪᠠᠶ ᠶᠢ ᠦᠨᠡᠯᠡᠨ ᠲᠣᠭᠲᠠᠭᠠᠭᠰᠠᠨ ᠲᠡᠮᠳᠡᠭᠯᠡᠯ ︵ᠲᠤᠷᠰᠢᠨ ᠬᠡᠷᠡᠭᠵᠢᠭᠦᠯᠬᠦ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠪᠡᠯᠡᠳᠬᠡᠮᠵᠢ ᠶᠢ ᠬᠢᠨᠡᠨ ᠰᠢᠯᠭᠠᠬᠤ ᠮᠡᠳᠡᠭᠦᠯᠦᠯᠳᠡ | ︵ᠲᠤᠷᠰᠢᠨ ᠬᠡᠷᠡᠭᠵᠢᠭᠦᠯᠬᠦ︶︾ ᠶᠢ ᠲᠤᠭᠳᠠᠭᠠᠪᠠ᠂ ᠵᠢᠷᠤᠮᠯᠠᠨ ᠬᠡᠷᠡᠭᠵᠢᠭᠦᠯᠦᠭᠡᠷᠡᠶ᠂ ᠡᠯ᠎ᠡ ᠭᠠᠵᠠᠷ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠯᠢᠬᠵᠢᠭᠤᠯᠵᠤ | ᠪᠣᠯᠤᠨ᠎ᠠ᠃ | | ᠳᠠᠭᠠᠯᠳᠤᠭᠤᠯᠤᠯ᠄ | 1᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ | ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠵᠠᠭᠪᠤᠷ ︵ᠲᠤᠷᠰᠢᠨ ᠬᠡᠷᠡᠭᠵᠢᠭᠦᠯᠬᠦ︶︾ | 2᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ | ᠪᠢᠴᠢᠭ ᠮᠠᠲ᠋ᠧᠷᠢᠶᠠᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ | ︵ᠲᠤᠷᠰᠢᠨ ᠬᠡᠷᠡᠭᠵᠢᠭᠦᠯᠬᠦ︶︾ | 3᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠵᠢᠨᠢᠨᠵᠧᠨᠧᠷᠢᠩ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠭᠠᠯ | ᠤᠨᠲᠠᠷᠠᠭᠠᠬᠤ ᠬᠢᠨᠠᠨ ᠰᠢᠯᠭᠠᠯᠲᠠ ᠶᠢᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ | 4᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠰᠢᠯᠭᠠᠨ ᠠᠪᠬᠤ | ᠲᠤᠬᠠᠶ ᠶᠢᠨ ᠲᠠᠯᠠᠪᠠᠶ ᠶᠢᠨ ᠦᠨᠡᠯᠡᠨ ᠲᠣᠭᠲᠠᠭᠠᠭᠰᠠᠨ ᠲᠡᠮᠳᠡᠭᠯᠡᠯ ᠤᠨ ᠬᠦᠰᠦᠨᠦᠭᠲᠦ ︵ᠲᠤᠷᠰᠢᠨ ᠬᠡᠷᠡᠭᠵᠢᠭᠦᠯᠬᠦ︶︾ | 5᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠪᠡᠯᠡᠳᠬᠡᠮᠵᠢ ᠶᠢ ᠬᠢᠨᠠᠨ | ᠬᠡᠮᠵᠢᠭᠰᠡᠨ ᠮᠡᠳᠡᠭᠦᠯᠦᠯᠲᠡ ︵ᠲᠤᠷᠰᠢᠨ ᠬᠡᠷᠡᠭᠵᠢᠭᠦᠯᠬᠦ︶︾ | |