ᠵᠢᠯ ᠤᠨ ᠡᠬᠢᠨ ᠠᠴᠠ ᠨᠠᠭᠠᠰᠢ᠂ ᠲᠦᠩᠯᠢᠶᠣᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ | ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠬᠤᠲᠠ ᠶᠢᠨ ᠤᠰᠤ ᠬᠠᠩᠭᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠤᠰᠤ ᠬᠠᠩᠭᠠᠬᠤ ᠠᠵᠤ | ᠠᠬᠤᠶᠢᠯᠠᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠵᠢᠯᠣᠭᠤᠳᠤᠨ ᠪᠣᠳᠠᠲᠠᠶᠢᠵᠢᠭᠤᠯᠵᠤ᠂ ᠠᠷᠠᠳ ᠣᠯᠠᠨ ᠤ ᠤᠰᠤ ᠬᠡᠷᠡᠭᠯᠡᠬᠦ ᠬᠠᠨᠤᠮᠵᠢ ᠶᠢᠨ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠤᠲᠠ ᠶᠢᠨ ᠬᠡᠪᠴᠢᠶᠡᠨ ᠳᠠᠬᠢ ᠤᠰᠤ ᠬᠠᠩᠭᠠᠬᠤ ᠰᠢᠯᠢᠳᠡᠭ ᠡᠵᠡᠩᠨᠡᠨ ᠬᠤᠳᠠᠯᠳᠤᠭᠠᠯᠠᠬᠤ ᠣᠷᠴᠢᠨ | ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠤᠯᠭᠠᠪᠠ᠃ | ᠨᠢᠭᠡ ᠳᠤ᠂ ︽ᠲᠥᠬᠦᠮ ᠦᠵᠡᠭᠦᠯᠬᠦ︾ ᠶᠢ ᠲᠡᠷᠢᠭᠦᠨ ᠳᠤ ᠲᠠᠯᠪᠢᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠲᠥᠬᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠪᠡ᠃ ᠲᠦᠩᠯᠢᠶᠣᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽2100︾ ᠪᠠᠷ ᠤᠰᠤ ᠬᠡᠷᠡᠭᠯᠡᠬᠦ ᠰᠢᠨ᠎ᠡ ᠬᠠᠷᠠᠯᠲᠠ ᠪᠠᠨ ᠪᠣᠯᠭᠠᠪᠠ᠂ ᠳᠠᠷᠤᠢ ︽2 ᠭᠤᠭᠴᠤᠭ᠎ᠠ ᠶᠢ | ᠭᠦᠢᠴᠡᠳᠬᠡᠬᠦ᠂ 1 ᠡᠳᠦᠷ ᠲᠤ ᠤᠰᠤ ᠨᠡᠪᠳᠡᠷᠡᠭᠦᠯᠬᠦ᠂ 0 ᠵᠠᠷᠤᠳᠠᠯ ᠵᠠᠷᠤᠴᠠᠭᠤᠯᠬᠤ᠂ ᠭᠦᠶᠦᠯᠭᠡᠬᠦ ᠦᠭᠡᠢ︾ ᠶᠠᠪᠤᠳᠠᠯ ᠪᠣᠯᠣᠨ᠎ᠠ᠃ ᠰᠢᠢᠳᠪᠦᠷᠢᠯᠡᠬᠦ ᠴᠠᠭ ᠢ | ᠪᠣᠭᠤᠨᠢᠰᠬᠠᠬᠤ᠂ ᠲᠤᠬᠠᠢ ᠶᠢᠨ ᠲᠠᠯᠠᠪᠤᠷ ᠤᠨ ᠬᠠᠶᠢᠨ ᠪᠠᠶᠢᠴᠠᠭᠠᠬᠤ ᠭᠤᠭᠴᠤᠭ᠎ᠠ ᠶᠢ ᠬᠦᠴᠦᠨ ᠦᠭᠡᠢ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠤᠰᠤ ᠬᠠᠩᠭᠠᠬᠤ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ ︾ ᠢ ︽ᠵᠠᠢ ᠦᠭᠡᠢ︾ ᠪᠣᠯᠭᠠᠨ ᠪᠤᠭᠤᠨᠢᠰᠬᠠᠪᠠ᠃ ᠤᠰᠤ ᠬᠠᠩᠭᠠᠬᠤ ᠠᠵᠤ ᠠᠬᠤᠶᠢᠯᠠᠯ ᠢ | ᠬᠠᠮᠵᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠬᠠᠭᠤᠴᠢᠷᠠᠭᠰᠠᠨ ᠮᠠᠰᠢᠨ ᠮᠧᠬᠠᠨᠢᠭ ᠤᠨ ᠤᠰᠤᠨ ᠤ ᠬᠡᠮᠵᠢᠭᠦᠷᠯᠢᠭ ᠢ ᠰᠣᠯᠢᠬᠤ ᠠᠵᠢᠯᠯᠠᠭ᠎ᠠ ᠶᠢ ᠬᠡᠷᠡᠭᠵᠢᠭᠦᠯᠪᠡ᠃ | ᠥᠪᠡᠰᠦᠪᠡᠨ ᠰᠦᠢᠳᠬᠡᠯ ᠲᠤᠰᠢᠶᠠᠬᠤ ᠲᠠᠪᠴᠠᠩ ᠢ ᠨᠡᠮᠡᠨ ᠪᠠᠶᠢᠭᠤᠯᠵᠤ᠂ ᠭᠤᠣᠯ ᠬᠤᠲᠠ ᠶᠢᠨ ᠲᠣᠭᠤᠷᠢᠭ ᠲᠤ ᠥᠪᠡᠰᠦᠪᠡᠨ ᠰᠦᠢᠳᠬᠡᠯ ᠲᠤᠰᠢᠶᠠᠬᠤ ᠶᠢ | ᠪᠦᠬᠦᠨ ᠢ ᠬᠠᠮᠤᠷᠤᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ ᠤᠰᠤ ᠬᠠᠩᠭᠠᠬᠤ ᠠᠵᠤ ᠠᠬᠤᠶᠢᠯᠠᠯ ᠢ ᠵᠢᠯᠣᠭᠤᠳᠤᠨ 24 ᠴᠠᠭ ᠤᠨ ᠤᠰᠤ ᠬᠠᠩᠭᠠᠬᠤ | ᠠᠮᠤᠷ ᠲᠦᠪᠰᠢᠨ ᠤ ᠪᠠᠲᠤᠯᠠᠭ᠎ᠠ ᠶᠢᠨ ᠦᠢᠯᠡᠴᠢᠯᠡᠭᠡ ᠶᠢ ᠬᠡᠷᠡᠭᠵᠢᠭᠦᠯᠵᠦ᠂ ︽ᠪᠠᠭ᠎ᠠ ᠵᠠᠰᠠᠯᠲᠠ ᠶᠢ ᠰᠥᠨᠢ ᠥᠩᠭᠡᠷᠡᠭᠡᠬᠦ ᠦᠭᠡᠢ᠂ ᠶᠡᠭᠡ ᠵᠠᠰᠠᠯᠲᠠ ᠶᠢ | ᠲᠠᠰᠤᠯᠳᠠᠭᠤᠯᠬᠤ ᠦᠭᠡᠢ︾ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠪᠠ᠃ | ᠬᠤᠶᠠᠷ ᠲᠤ᠂ ︽ᠠᠰᠢᠭ ᠬᠦᠷᠲᠡᠭᠡᠬᠦ︾ ᠪᠠᠷ ᠦᠨᠳᠦᠰᠦ ᠪᠣᠯᠭᠠᠵᠤ᠂ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠣᠨᠣᠴᠠ ᠶᠢᠨ ᠬᠡᠮᠵᠢᠶ᠎ᠡ ᠶᠢ ᠴᠢᠩᠭᠠᠷᠠᠭᠤᠯᠪᠠ᠃ ︽ᠪᠢ ᠣᠯᠠᠨ ᠲᠦᠮᠡᠨ ᠳᠤ ᠪᠣᠳᠠᠲᠤ ᠠᠵᠢᠯ ᠬᠢᠵᠦ ᠥᠭᠬᠦ︾ ᠠᠵᠢᠯᠯᠠᠭ᠎ᠠ ᠲᠠᠢ | ᠤᠶᠠᠯᠳᠤᠭᠤᠯᠤᠨ᠂ ᠤᠰᠤ ᠬᠠᠩᠭᠠᠬᠤ ᠺᠣᠮᠫᠠᠨᠢ ᠵᠢᠯᠣᠭᠤᠳᠴᠤ ᠤᠰᠤ ᠬᠡᠷᠡᠭᠯᠡᠬᠦ ᠲᠥᠰᠥᠯ ᠢ ᠲᠣᠭᠲᠠᠭᠠᠵᠤ᠂ ᠤᠰᠤ ᠬᠡᠷᠡᠭᠯᠡᠬᠦ ᠲᠥᠷᠥᠯ ᠵᠦᠢᠯ ᠤᠨ ᠭᠤᠶᠤᠴᠢᠯᠠᠯ ᠤᠨ | ᠮᠠᠲ᠋ᠧᠷᠢᠶᠠᠯ ᠢ ᠲᠣᠬᠢᠷᠠᠭᠤᠯᠤᠨ ᠲᠦᠭᠦᠮᠴᠢᠯᠡᠪᠡ᠃ ︽ᠤᠯᠠᠨ ᠶᠠᠩᠵᠤ ᠶᠢᠨ᠂ ᠳᠥᠭᠦᠮ ᠳᠥᠲᠡ᠂ ᠣᠶᠤᠨᠴᠢᠯᠠᠯᠲᠠ︾ ᠪᠠᠷ ᠰᠠᠭᠤᠷᠢ ᠪᠣᠯᠭᠠᠨ᠂ ︽ᠭᠤᠷᠪᠠ ᠶᠢ | ᠰᠢᠯᠢᠳᠡᠭᠵᠢᠭᠦᠯᠬᠦ᠂ ᠲᠠᠪᠤ ᠶᠢ ᠪᠠᠭᠠᠰᠬᠠᠬᠤ᠂ ᠨᠢᠭᠡ ᠶᠢ ᠭᠦᠶᠦᠯᠭᠡᠬᠦ︾ ᠭᠤᠷᠪᠠᠨ ᠶᠡᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠡᠷᠡᠭᠵᠢᠭᠦᠯᠪᠡ᠃ | ᠲᠥᠷᠥᠯ ᠵᠦᠢᠯ ᠤᠨ ᠬᠠᠮᠢᠶᠠᠷᠤᠭᠴᠢ᠂ ᠲᠥᠷᠥᠯ ᠵᠦᠢᠯ ᠤᠨ ᠠᠰᠠᠷᠠᠭᠴᠢ ᠶᠢᠨ ᠳᠦᠷᠢᠮ ᠢ ᠬᠡᠷᠡᠭᠵᠢᠭᠦᠯᠵᠦ᠂ ᠰᠠᠨᠠᠭᠠᠴᠢᠯᠠᠭ᠎ᠠ ᠦᠭᠡᠢ ᠪᠠᠷ ᠭᠥᠯᠢᠶᠡᠨ ᠠᠪᠬᠤ ᠶᠢ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ︽ᠠᠵᠤ ᠠᠬᠤᠢ ᠶᠢᠨ ᠶᠡᠭᠡ ᠪᠠᠶᠢᠳᠠᠯ ᠢ | ᠲᠣᠭᠲᠠᠪᠤᠷᠢᠵᠢᠭᠤᠯᠬᠤ︾ ᠠᠵᠢᠯ ᠲᠠᠢ ᠤᠶᠠᠯᠳᠤᠭᠤᠯᠤᠨ᠂ ᠤᠰᠤ ᠬᠠᠩᠭᠠᠬᠤ ᠠᠵᠤ ᠠᠬᠤᠶᠢᠯᠠᠯ ᠤᠨ ᠤᠰᠤᠨ ᠤ ᠦᠨ᠎ᠡ ᠶᠢ ᠥᠰᠬᠡᠬᠦ ᠦᠭᠡᠢ ᠪᠥᠭᠡᠳ | ᠲᠥᠪᠯᠡᠷᠡᠩᠭᠦᠢ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ 6 ᠰᠠᠷ᠎ᠠ ᠶᠢᠨ ᠤᠰᠤᠨ ᠤ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ | ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠶᠢ ᠬᠦᠴᠦᠨ ᠦᠭᠡᠢ ᠪᠤᠯᠭᠠᠪᠠ᠃ | ᠭᠤᠷᠪᠠ ᠳᠤ᠂ ︽ᠵᠡᠷᠭᠡ ᠳᠤ ᠨᠢ ᠭᠦᠢᠴᠡᠳᠬᠡᠬᠦ︾ ᠪᠠᠷ ᠭᠤᠣᠯᠳᠠᠯᠭ᠎ᠠ ᠪᠣᠯᠭᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠬᠦ ᠢᠳᠡᠪᠬᠢᠵᠢᠯ ᠤᠨ ᠬᠡᠮᠵᠢᠶ᠎ᠡ ᠶᠢ ᠲᠡᠭᠡᠭᠰᠢᠯᠡᠭᠦᠯᠪᠡ᠃ ᠪᠦᠬᠦ ᠰᠢᠰᠲ᠋ᠧᠮ ᠤᠨ ︽ᠲᠣᠪᠴᠢᠶᠠᠨ ᠳᠠᠷᠤᠭ᠎ᠠ ᠴᠤᠪᠤᠷᠠᠯ ᠳᠤ ᠣᠷᠣᠯᠴᠠᠬᠤ᠂ | ᠰᠠᠯᠠᠭᠠᠨ ᠳᠠᠷᠤᠭ᠎ᠠ ᠪᠦᠬᠦ ᠶᠠᠪᠤᠴᠠ ᠳᠤ ᠣᠷᠣᠯᠴᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠤᠲᠠ ᠬᠤᠰᠢᠭᠤ | ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠭᠦᠨᠵᠡᠭᠡᠶᠢᠷᠡᠨ ᠠᠯᠬᠤᠮ ᠳᠠᠷᠠᠭ᠎ᠠ ᠶᠢ ᠡᠮᠬᠢᠯᠡᠵᠦ᠂ ᠠᠰᠠᠭᠤᠳᠠᠯ ᠢ ᠵᠢᠭᠰᠠᠭᠠᠨ | ᠪᠠᠶᠢᠴᠠᠭᠠᠵᠤ ᠂ ᠠᠷᠭ᠎ᠠ ᠪᠣᠳᠣᠯᠭ᠎ᠠ ᠲᠣᠭᠲᠠᠭᠠᠵᠤ᠂ ︽ᠬᠤᠲᠠ ᠶᠢᠨ ᠲᠣᠪᠴᠢᠶ᠎ᠠ ᠠᠴᠠ ᠬᠤᠲᠠ ᠶᠢᠨ ᠠᠵᠤ ᠠᠬᠤᠶᠢᠯᠠᠯ ᠢ ᠬᠠᠪᠰᠤᠷᠬᠤ — ᠬᠤᠰᠢᠭᠤᠨ ᠤ | ᠲᠣᠪᠴᠢᠶ᠎ᠠ ᠠᠴᠠ ᠬᠤᠰᠢᠭᠤᠨ ᠤ ᠠᠵᠤ ᠠᠬᠤᠶᠢᠯᠠᠯ ᠢ ᠬᠠᠪᠰᠤᠷᠬᠤ︾ ᠴᠢᠭ ᠠᠴᠠ ᠴᠢᠭ ᠢ ᠬᠠᠪᠰᠤᠷᠬᠤ ᠬᠤᠯᠪᠣᠭᠠᠰᠤ ᠪᠠᠶᠢᠭᠤᠯᠬᠤ ᠶᠢ ᠠᠬᠢᠭᠤᠯᠵᠤ᠂ ᠤᠰᠤ | ᠬᠡᠷᠡᠭᠯᠡᠬᠦ ᠠᠵᠢᠯ ᠢ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠳᠤ ᠵᠢᠯᠣᠭᠤᠳᠤᠯᠭ᠎ᠠ ᠬᠢᠵᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠭᠤᠭᠴᠤᠭ᠎ᠠ | ᠣᠯᠠᠨ᠂ ᠮᠠᠲ᠋ᠧᠷᠢᠶᠠᠯ ᠲᠤᠰᠢᠶᠠᠬᠤ ᠨᠢ ᠶᠠᠷᠰᠢᠭ ᠲᠠᠢ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠳᠡᠭᠡᠳᠦ ᠳᠣᠣᠷᠠᠳᠤ ᠱᠠᠲᠤ ᠶᠢ ᠵᠣᠯᠭᠠᠭᠤᠯᠬᠤ᠂ | ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ᠂ ᠰᠠᠨᠠᠭᠠᠴᠢᠯᠠᠭ᠎ᠠ ᠠᠴᠠ ᠪᠠᠨ ᠳᠡᠭᠡᠭᠰᠢᠯᠡᠭᠦᠯᠬᠦ ᠰᠢᠨ᠎ᠡ ᠪᠠᠶᠢᠳᠠᠯ ᠢ ᠪᠣᠶ ᠪᠣᠯᠭᠠᠪᠠ᠃ | |