10 ᠳ᠋ᠤᠭᠠᠷ ᠰᠠᠷ᠎ᠠ ᠶᠢᠨ 7 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠦᠸᠧ ᠢᠦᠢ ᠹᠧᠩ | ᠲᠦᠩᠯᠢᠶᠣᠣ ᠶᠢᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ᠂ ᠴᠦᠨ ᠴᠧᠩ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ᠂ ᠸᠠᠨ ᠲᠦᠩ ᠢᠯᠴᠢ ᠶᠢᠨ | ᠬᠦᠴᠦᠨ ᠤ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠨ᠂ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠪᠡᠯᠡᠳᠬᠡᠯ᠂ ᠢᠯᠴᠢ | ᠬᠠᠩᠭᠠᠬᠤ ᠲᠠᠯᠠᠪᠠᠶ᠂ ᠨᠡᠭᠦᠷᠡᠰᠦᠨ ᠤ ᠨᠥᠭᠡᠴᠡ᠂ ᠠᠶᠦᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤ ᠪᠠᠶᠢᠴᠠᠭᠠᠵᠤ᠂ ᠢᠯᠴᠢ ᠬᠠᠩᠭᠠᠬᠤ | ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠭᠦᠨᠵᠡᠭᠡᠢ ᠣᠶᠢᠯᠠᠭᠠᠭᠰᠠᠨ ᠪᠥᠭᠡᠳ ᠰᠠᠨᠠᠯ ᠢᠶᠠᠨ ᠰᠣᠯᠢᠯᠴᠠᠪᠠ᠃ | | | | ᠭᠦᠸᠧ ᠢᠦᠢ ᠹᠧᠩ ᠂ ᠡᠪᠦᠯ ᠤᠨ ᠤᠯᠠᠷᠢᠯ ᠤᠨ ᠢᠯᠴᠢ ᠬᠠᠩᠭᠠᠯᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠤᠭᠳᠠᠬᠤ ᠪᠠ ᠤᠯᠠᠨ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠲᠣᠬᠢᠷᠠᠭᠤᠯᠭ᠎ᠠ ᠪᠠᠨ ᠴᠢᠩᠭᠠᠳᠬᠠᠵᠤ | ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠯᠴᠢ ᠶᠢᠨ ᠡᠬᠢ | ᠰᠤᠷᠪᠤᠯᠵᠢ ᠶᠢᠨ ᠬᠡᠪ ᠤᠨ ᠠᠵᠢᠯᠯᠠᠭᠠᠨ ᠤ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠥᠴᠢᠷ ᠤᠨ ᠲᠥᠰᠥᠭᠡᠯᠡᠭᠰᠡᠨ ᠢᠶᠠᠷ᠂ ᠡᠨᠡ ᠵᠢᠯ ᠤᠨ | ᠬᠦᠢᠲᠡᠨ ᠤᠷᠤᠰᠬᠠᠯ ᠥᠩᠭᠡᠷᠡᠭᠰᠡᠨ ᠵᠢᠯ ᠤᠳ ᠠᠴᠠ ᠨᠡᠩ ᠡᠷᠲᠡ ᠪᠠᠶᠢᠵᠤ ᠂ ᠲᠦᠩᠯᠢᠶᠣᠣ ᠬᠤᠲᠠ ᠳᠤ ᠤᠳᠠᠯ ᠦᠭᠡᠢ ᠪᠣᠷᠣᠭᠠᠨ ᠣᠷᠣᠵᠤ ᠳᠤᠯᠠᠭᠠᠨ ᠤ ᠬᠡᠮᠵᠢᠶ᠎ᠡ | ᠪᠠᠭᠤᠷᠠᠬᠤ ᠴᠠᠭ ᠠᠭᠤᠷ ᠬᠦᠷᠴᠦ ᠢᠷᠡᠬᠦ ᠪᠣᠯᠤᠨ᠎ᠠ ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠢᠯᠴᠢ ᠬᠠᠩᠭᠠᠬᠤ ᠠᠵᠤ | ᠠᠬᠤᠶᠢᠯᠠᠯ ᠤᠳ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠤᠶ ᠪᠣᠯᠭᠠᠵᠤ᠂ ᠠᠷᠠᠳ | ᠤᠯᠠᠨ ᠤ ᠳᠤᠯᠠᠭᠠᠯᠠᠭ᠎ᠠ ᠶᠢᠨ ᠠᠰᠠᠭᠤᠳᠠᠯ ᠢ ᠴᠠᠭ ᠢᠮᠠᠭᠲᠠ ᠰᠡᠳᠬᠢᠯ ᠳᠤ ᠳᠠᠭᠠᠨ ᠪᠤᠳᠤᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠢᠲᠡᠨ ᠤᠷᠤᠰᠬᠠᠯ ᠤᠨ ᠨᠦᠯᠦᠭᠡ ᠪᠠᠷ ᠳᠤᠯᠠᠭᠠᠨ ᠤ ᠬᠡᠮᠵᠢᠶ᠎ᠡ ᠪᠠᠭᠤᠷᠠᠬᠤ | ᠠᠭᠤᠷ ᠠᠮᠢᠰᠬᠤᠯ ᠢ ᠲᠣᠬᠢᠲᠠᠢ ᠠᠷᠭᠠᠴᠠᠭᠠᠵᠤ ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠢᠯᠴᠢ ᠬᠠᠩᠭᠠᠬᠤ ᠴᠠᠭ ᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠤᠷᠢᠳᠴᠢᠯᠠᠵᠤ ᠪᠣᠯᠬᠤ ᠶᠢ ᠨᠢ ᠴᠢᠳᠠᠬᠤ ᠶᠢᠨ ᠬᠢᠷᠢ ᠪᠠᠷ ᠤᠷᠢᠳᠴᠢᠯᠠᠭᠤᠯᠵᠤ᠂ 10 ᠳ᠋ᠤᠭᠠᠷ | ᠰᠠᠷ᠎ᠠ ᠶᠢᠨ 10 ᠤ ᠡᠳᠦᠷ ᠠᠴᠠ ᠡᠮᠦᠨ᠎ᠡ ᠪᠦᠬᠦᠨ ᠢᠶᠠᠷ ᠢᠶᠠᠨ ᠢᠯᠴᠢ ᠬᠠᠩᠭᠠᠬᠤ ᠶᠢ ᠪᠠᠲᠤᠯᠠᠵᠤ᠂ ᠥᠷᠭᠡᠨ ᠤᠯᠠᠨ ᠬᠤᠳᠠ ᠶᠢᠨ ᠠᠷᠠᠳ ᠢ ᠳᠤᠯᠠᠭᠠᠨ ᠪᠦᠯᠢᠶᠡᠨ | ᠡᠪᠦᠯᠵᠢᠭᠦᠯᠬᠦ ᠶᠢ ᠪᠠᠳᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | |