ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠢ ᠦᠨᠡᠯᠡᠨ ᠲᠣᠭᠲᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠴᠢᠩᠭᠠᠳᠬᠠᠪᠠ
ᠨᠡᠶᠢᠲᠡᠯᠡᠭᠰᠡᠨ ᠴᠠᠭ᠄
2022/11/2
    ᠣᠶᠢᠷ᠎ᠠ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠪᠠ ᠰᠢᠯᠭᠠᠨ ᠠᠪᠴᠤ ᠳᠠᠩᠰᠠᠯᠠᠬᠤ ᠳᠤᠮᠳᠠᠬᠢ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠢ ᠦᠨᠡᠯᠡᠨ ᠲᠣᠭᠲᠠᠭᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠣᠷᠳᠣᠰ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠰᠢᠯᠭᠠᠨ ᠠᠪᠴᠤ ᠳᠠᠩᠰᠠᠯᠠᠬᠤ ᠳᠤᠮᠳᠠᠬᠢ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠢ ᠦᠨᠡᠯᠡᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠪᠣᠳᠠᠲᠠᠢ ᠪᠥᠭᠡᠳ ᠰᠠᠶᠢᠲᠤᠷ ᠠᠳᠬᠤᠪᠠ᠃    ︽ᠮᠡᠳᠡᠭᠳᠡᠯ︾ ᠳᠤ ᠡᠯ᠎ᠡ ᠬᠤᠰᠢᠭᠤ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠳᠤ ᠲᠣᠳᠣᠷᠬᠠᠢ ᠱᠠᠭᠠᠷᠳᠠᠯᠭ᠎ᠠ ᠲᠤᠷᠠᠳᠴᠠᠢ᠃ ᠨᠢᠭᠡ ᠳᠤ᠂ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠢ ᠦᠨᠡᠯᠡᠨ ᠲᠣᠭᠲᠠᠭᠠᠬᠤ ᠨᠢ ᠭᠠᠯ ᠤᠨᠲᠠᠷᠠᠭᠠᠬᠤ᠂ ᠲᠦᠷᠭᠡᠨ ᠠᠪᠤᠷᠠᠬᠤ ᠵᠢᠴᠢ ᠠᠮᠢ ᠵᠢᠭᠤᠲᠠᠬᠤ ᠵᠡᠷᠭᠡ ᠲᠠᠯ᠎ᠠ ᠪᠠᠷ ᠦᠵᠡᠭᠦᠯᠬᠦ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠭᠦᠢᠴᠡᠳ ᠲᠠᠨᠢᠵᠤ᠂ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠢᠩᠭ᠎ᠠ ᠴᠡᠭᠴᠡᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠡᠬᠢ ᠡᠭᠦᠰᠦᠯ ᠤᠨ ᠪᠣᠭᠤᠮᠲᠠ ᠶᠢ ᠰᠠᠶᠢᠲᠤᠷ ᠰᠠᠬᠢᠵᠤ᠂ ᠨᠡᠶᠢᠭᠡᠮ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠲᠡᠭᠡᠭᠰᠢᠯᠡᠭᠦᠯᠦᠨ᠎ᠡ᠃ ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠠᠵᠢᠯ ᠳᠤ ᠣᠷᠣᠯᠴᠠᠭᠰᠠᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠠᠵᠢᠯ ᠳᠤ ᠣᠷᠣᠯᠴᠠᠭᠰᠠᠨ ᠲᠠᠪᠤᠨ ᠲᠠᠯ᠎ᠠ ᠶᠢᠨ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠶᠢᠨ ᠶᠠᠰᠤ ᠴᠢᠨᠠᠷ ᠢ ᠨᠠᠶᠢᠳᠠᠪᠣᠷᠢᠵᠢᠭᠤᠯᠬᠤ ᠲᠡᠷᠢᠭᠦᠨ ᠴᠢᠬᠤᠯᠠ ᠬᠠᠷᠢᠭᠤᠴᠠᠯᠭ᠎ᠠ ᠯᠠᠪᠳᠠᠭᠤᠨ ᠪᠣᠳᠠᠲᠠᠢ ᠠᠳᠬᠤᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠲᠠᠪᠤᠨ ᠲᠠᠯ᠎ᠠ ᠶᠢᠨ ᠬᠢᠨ ᠢ ᠬᠠᠤᠯᠢ ᠶᠣᠰᠣᠭᠠᠷ ᠰᠢᠮᠳᠠᠭᠤᠯᠵᠤ ᠪᠠᠶᠢᠭᠠᠳ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠵᠢᠴᠢ ᠤᠭᠰᠠᠷᠠᠬᠤ ᠶᠠᠰᠤ ᠴᠢᠨᠠᠷ ᠢ ᠪᠠᠳᠤᠯᠠᠨ᠎ᠠ᠃ ᠭᠤᠷᠪᠠ ᠲᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠰᠢᠯᠭᠠᠨ ᠠᠪᠬᠤ ᠬᠢᠭᠡᠳ ᠳᠠᠩᠰᠠᠯᠠᠵᠤ ᠰᠤᠭᠤᠴᠢᠨ ᠪᠠᠶᠢᠴᠠᠭᠠᠬᠤ ᠶᠢ ᠲᠤᠬᠠᠢ ᠶᠢᠨ ᠲᠠᠯᠠᠪᠤᠷ ᠲᠤ ᠦᠨᠡᠯᠡᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠦᠢᠯᠡᠳᠬᠦᠨ ᠲᠤ ᠬᠤᠯᠪᠣᠭᠳᠠᠬᠤ ᠪᠠᠷᠢᠯᠭ᠎ᠠ ᠶᠢᠨ ᠭᠠᠯ ᠤᠨᠲᠠᠷᠠᠭᠠᠬᠤ ᠮᠡᠷᠭᠡᠵᠢᠯ ᠤᠨ ᠲᠠᠩᠰᠠ ᠡᠪᠬᠡᠮᠡᠯ ᠪᠣᠯᠣᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢᠨ ᠮᠠᠲ᠋ᠧᠷᠢᠶᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠠᠯ ᠤᠨᠲᠠᠷᠠᠭᠠᠬᠤ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠬᠦ ᠦᠨᠡᠮᠯᠡᠯ᠂ ᠬᠡᠯᠪᠡᠷᠢ ᠮᠠᠶ᠋ᠢᠭ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠵᠢᠴᠢ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃    ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠦᠨᠡᠨ ᠬᠦ ᠰᠡᠷᠭᠡᠶᠢᠯᠡᠨ ᠠᠷᠢᠯᠭᠠᠵᠤ᠂ ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠰᠢᠨ᠎ᠡ ᠪᠠᠶᠢᠳᠠᠯ ᠢ ᠪᠣᠶ ᠪᠣᠯᠭᠠᠵᠤ᠂ ᠣᠷᠳᠣᠰ ᠬᠤᠲᠠ ᠶᠢᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃ 
ᠢᠷᠡᠯᠲᠡ᠄ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ