ᠲᠦᠩᠯᠢᠶᠣᠣ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 2023 ᠣᠨ ᠤ ᠲᠥᠪ ᠤᠨ ᠲᠥᠰᠥᠪ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠭᠤᠶᠤᠴᠢᠯᠠᠨ ᠮᠡᠳᠡᠭᠦᠯᠬᠦ ᠶᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/14
   ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ ᠢᠳᠡᠪᠬᠢᠲᠡᠢ ᠣᠯᠵᠤ᠂ ᠬᠤᠲᠠ ᠶᠢᠨ ᠢᠯᠴᠢ ᠬᠠᠩᠭᠠᠬᠤ᠂ ᠰᠢᠲᠠᠮᠠᠬᠠᠢ ᠬᠡᠢ ᠶᠢᠨ ᠬᠤᠭᠤᠯᠠᠢ ᠵᠡᠷᠭᠡ ᠶᠢᠨ ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠪᠠ ᠤᠰᠤ ᠲᠠᠲᠠᠷᠠᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠤᠰᠠᠳᠠ᠂ 12 ᠳ᠋ᠤᠭᠠᠷ ᠰᠠᠷ᠎ᠠ ᠶᠢᠨ 11 ᠤ ᠡᠳᠦᠷ᠂ ᠲᠦᠩᠯᠢᠶᠣᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 2023 ᠣᠨ ᠤ ᠲᠥᠪ ᠤᠨ ᠲᠥᠰᠥᠪ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠮᠡᠳᠡᠭᠦᠯᠬᠦ ᠶᠢ ᠲᠦᠯᠬᠢᠨ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠥᠷᠥᠯ ᠵᠦᠢᠯ ᠢ ᠮᠡᠳᠡᠭᠦᠯᠬᠦ ᠠᠰᠠᠭᠤᠳᠠᠯ ᠤᠨ ᠲᠤᠬᠠᠢ ᠶᠠᠷᠢᠯᠴᠠᠪᠠ᠃ 
【盟市动态】通辽市住房和城乡建设局召开申报2023年中央预算投资计划视频推进会1.jpg 
    ᠬᠤᠷᠠᠯ ᠠᠴᠠ ᠶᠡᠷᠦᠩᠬᠡᠢ ᠪᠠᠶᠢᠳᠠᠯ᠂ ᠲᠤᠰᠬᠠᠢ ᠳᠡᠮᠵᠢᠯᠭᠡ ᠶᠢᠨ ᠬᠡᠪᠴᠢᠶ᠎ᠡ᠂ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠵᠢᠴᠢ ᠴᠠᠭ ᠬᠤᠭᠤᠴᠠᠭ᠎ᠠ ᠵᠡᠷᠭᠡ ᠭᠤᠷᠪᠠᠨ ᠲᠠᠯ᠎ᠠ ᠠᠴᠠ ︽ᠪᠠᠲᠤᠯᠠᠪᠤᠷᠢ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ 2023 ᠣᠨ ᠤ ᠨᠢᠭᠡᠳᠦᠭᠡᠷ ᠪᠦᠯᠦᠭ ᠤᠨ ᠲᠥᠪ ᠤᠨ ᠲᠥᠰᠥᠪ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠭᠤᠶᠤᠴᠢᠯᠠᠨ ᠮᠡᠳᠡᠭᠦᠯᠬᠦ ᠲᠤᠬᠠᠢ ᠮᠡᠳᠡᠭᠳᠡᠯ︾ ᠢ ᠨᠠᠷᠢᠨ ᠲᠠᠶᠢᠯᠪᠤᠷᠢᠯᠠᠪᠠ᠃ ᠡᠭᠦᠨ ᠤ ᠬᠠᠮᠲᠤ ᠡᠯ᠎ᠡ ᠭᠠᠵᠠᠷ ᠤᠨ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠤᠨ ᠪᠠᠶᠢᠭᠤᠯᠤᠭᠰᠠᠨ ᠦᠨ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠶᠢᠯᠭᠠᠵᠤ᠂ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠨᠠᠷᠢᠨ ᠪᠣᠳᠠᠲᠠᠢ ᠪᠥᠭᠡᠳ ᠪᠦᠷᠢᠨ ᠭᠦᠢᠴᠡᠳ ᠪᠠᠶᠢᠯᠭᠠᠵᠤ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠦᠭᠰᠡᠨ ᠠᠮᠵᠢᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠲᠥᠷᠥᠯ ᠵᠦᠢᠯ ᠤᠨ ᠦᠷᠭᠦᠯᠵᠢᠯᠡᠨ ᠬᠡᠷᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠬᠤ ᠶᠢᠨ ᠵᠡᠷᠭᠷᠪᠡᠷ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠥᠬᠦᠴᠡᠯ ᠳᠤ ᠨᠡᠶᠢᠴᠡᠬᠦ ᠢᠨᠵᠧᠨᠧᠷᠢᠩ ᠢ ᠨᠢᠭᠡ ᠲᠥᠷᠥᠯ ᠵᠦᠢᠯ ᠳᠤ ᠨᠡᠶᠢᠯᠡᠭᠦᠯᠦᠨ ᠨᠢᠭᠡᠳᠬᠡᠵᠦ᠂ ᠲᠥᠷᠥᠯ ᠵᠦᠢᠯ ᠤᠨ ᠨᠡᠷᠡᠶᠢᠳᠦᠯ ᠤᠨ ᠵᠠᠭᠪᠤᠷ ᠢ ᠨᠢᠭᠡᠳᠬᠡᠨ᠂ ᠲᠥᠷᠥᠯ ᠵᠦᠢᠯ ᠤᠨ ᠮᠡᠳᠡᠭᠦᠯᠦᠯᠲᠡ ᠶᠢᠨ ᠪᠣᠯᠪᠠᠰᠤᠷᠠᠩᠭᠤᠢ ᠪᠣᠯᠤᠭᠰᠠᠨ ᠬᠡᠮᠵᠢᠶ᠎ᠡ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ 
【盟市动态】通辽市住房和城乡建设局召开申报2023年中央预算投资计划视频推进会2.jpg 
    ᠬᠤᠷᠠᠯ ᠠᠴᠠ᠂ ᠨᠢᠭᠡ ᠳᠤ᠂ ᠲᠤᠰ ᠤᠳᠠᠭ᠎ᠠ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠶᠤᠴᠢᠯᠠᠨ ᠮᠡᠳᠡᠭᠦᠯᠬᠦ ᠠᠵᠢᠯ ᠢ ᠨᠠᠷᠢᠨ ᠬᠢᠨᠠᠮᠠᠭᠠᠢ ᠬᠠᠷᠢᠭᠤᠴᠠᠨ ᠪᠡᠶᠡᠯᠡᠭᠦᠯᠵᠦ᠂ ᠢᠯᠴᠢ ᠬᠠᠩᠭᠠᠬᠤ᠂ ᠰᠢᠲᠠᠮᠠᠬᠠᠢ ᠬᠡᠢ᠂ ᠤᠰᠤ ᠵᠠᠯᠠᠬᠤ᠂ ᠤᠰᠤ ᠬᠠᠩᠭᠠᠬᠤ ᠲᠦᠷᠦᠯ ᠵᠦᠢᠯ ᠤᠨ ᠳᠤᠮᠳᠠᠬᠢ ᠨᠠᠭᠠᠲᠤ ᠵᠠᠬ᠎ᠠ ᠳᠠᠭᠠᠨ ᠬᠤᠶᠠᠷ ᠲᠦᠷᠦᠯ ᠤᠨ ᠢᠨᠵᠧᠨᠧᠷᠢᠩ ᠢ ᠪᠠᠭᠲᠠᠭᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠬᠠᠮᠢᠶ᠎ᠠ ᠪᠦᠬᠦᠢ ᠨᠢᠭᠡᠴᠡ ᠯᠦᠭᠡ ᠶᠢᠨ ᠵᠣᠯᠭᠠᠯᠴᠠᠭ᠎ᠠ ᠪᠠ ᠨᠡᠪᠲᠡᠷᠡᠯᠴᠡᠭᠡ ᠪᠠᠨ ᠴᠢᠩᠭᠠᠳᠬᠠᠵᠤ᠂ ᠲᠦᠷᠦᠯ ᠵᠦᠢᠯ ᠤᠨ ᠬᠤᠪᠢᠶᠠᠷᠢᠯᠠᠯᠲᠠ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠲᠦᠷᠦᠯ ᠵᠦᠢᠯ ᠢ ᠱᠠᠯᠠᠪᠳᠠᠨ ᠡᠮᠬᠢᠯᠡᠵᠦ᠂ ᠲᠦᠷᠦᠯ ᠵᠦᠢᠯ ᠪᠦᠷᠢ ᠶᠢᠨ ᠲᠦᠷᠦᠯ ᠵᠦᠢᠯ ᠪᠣᠯᠣᠨ ᠶᠡᠷᠦᠩᠬᠡᠢ ᠪᠠᠷᠢᠯᠭ᠎ᠠ ᠶᠢᠨ ᠬᠡᠮᠵᠢᠶ᠎ᠡ ᠶᠢ ᠨᠠᠷᠢᠨ ᠲᠣᠳᠣᠷᠬᠠᠢ ᠪᠢᠴᠢᠬᠦ ᠬᠡᠷᠡᠭᠲᠡᠢ᠃ ᠳᠥᠷᠪᠡ ᠳᠤ᠂ ᠲᠦᠷᠦᠯ ᠵᠦᠢᠯ ᠢ ᠬᠡᠷᠡᠭᠵᠢᠭᠦᠯᠬᠦ ᠪᠠᠴᠢᠮ ᠠᠯᠭᠤᠷ ᠬᠦᠨᠳᠦ ᠬᠥᠩᠭᠡᠨ ᠢᠶᠠᠷ ᠣᠨ ᠪᠠ ᠬᠡᠰᠡᠭ ᠣᠷᠣᠨ ᠬᠤᠪᠢᠶᠠᠨ ᠨᠡᠶᠢᠳᠬᠡᠵᠦ᠂ ᠲᠤᠰ ᠭᠠᠵᠠᠷ ᠣᠷᠣᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠴᠢᠳᠠᠪᠤᠷᠢ ᠪᠣᠯᠣᠨ ᠲᠤᠰ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠳᠡᠭᠡᠭᠰᠢ ᠮᠡᠳᠡᠭᠦᠯᠬᠦ ᠲᠦᠷᠦᠯ ᠵᠦᠢᠯ ᠤᠨ ᠬᠢᠨᠠᠨ ᠬᠠᠷᠭᠤᠭᠤᠯᠤᠯᠲᠠ ᠪᠠᠷ ᠪᠠᠲᠤᠯᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠲᠦᠩᠯᠢᠶᠣᠣ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ