12 ᠳ᠋ᠤᠭᠠᠷ ᠰᠠᠷ᠎ᠠ ᠶᠢᠨ 20 ᠤ ᠡᠳᠦᠷ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠪᠥᠬᠦ ᠬᠤᠲᠠ ᠶᠢᠨ ᠢᠯᠴᠢ ᠬᠠᠩᠭᠠᠬᠤ ᠪᠠᠲᠤᠯᠠᠭ᠎ᠠ ᠶᠢᠨ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠨᠡ ᠵᠢᠯ ᠤᠨ ᠢᠯᠴᠢ ᠬᠠᠩᠭᠠᠬᠤ | ᠠᠵᠢᠯ ᠤᠨ ᠶᠡᠷᠦᠩᠬᠡᠶ ᠪᠠᠶᠢᠳᠠᠯ ᠢ ᠳ᠋ᠦᠩᠨᠡᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠳᠤ ᠰᠢᠨ᠎ᠡ ᠵᠢᠯ | ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠬᠤ ᠶᠠᠪᠤᠳᠠᠯ ᠢ ᠰᠠᠶᠢᠲᠤᠷ ᠬᠢᠵᠦ᠂ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ | ᠪᠠᠷ ᠳᠡᠭᠡᠭᠰᠢᠯᠡᠭᠦᠯᠵᠦ᠂ ᠨᠡᠭᠦᠷᠡᠰᠦ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠢᠯᠴᠢ ᠬᠠᠩᠭᠠᠬᠤ ᠨᠡᠭᠦᠷᠡᠰᠦ ᠭᠦᠢᠴᠡᠳ ᠪᠥᠭᠡᠳ ᠲᠣᠭᠲᠠᠭᠤᠨ ᠪᠠᠶᠢᠬᠤ ᠶᠢ | ᠪᠠᠲᠤᠯᠠᠬᠤ ᠬᠡᠷᠡᠭᠲᠡᠢ᠃ ᠠᠷᠠᠳ ᠢ ᠰᠤᠷᠪᠤᠯᠵᠢᠯᠠᠨ ᠬᠠᠯᠠᠮᠵᠢᠯᠠᠯ ᠦᠵᠡᠭᠦᠯᠬᠦ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ 12345 ᠬᠠᠯᠠᠮᠰᠢᠯ ᠤᠲᠠᠰᠤ ᠵᠡᠷᠭᠡ | ᠲᠠᠪᠴᠠᠩ ᠤᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ | ᠥᠭᠴᠦ᠂ ᠤᠯᠠᠨ ᠲᠦᠮᠡᠨ ᠤ ᠠᠰᠠᠭᠤᠳᠠᠯ ᠢ ᠦᠨᠡᠨ ᠬᠦ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ | ᠲᠤᠰᠠᠯᠠᠬᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠢᠯᠴᠢ ᠬᠠᠩᠭᠠᠬᠤ ᠬᠤᠭᠤᠯᠠᠢ ᠪᠠ ᠲᠣᠣᠷ᠂ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠱᠠᠯᠠᠪᠳᠠᠨ ᠵᠠᠰᠠᠬᠤ ᠴᠠᠭ ᠢ ᠪᠠᠭᠠᠰᠬᠠᠵᠤ᠂ ᠰᠠᠭᠤᠭᠠᠯᠢ ᠠᠷᠠᠳ ᠤᠨ ᠢᠯᠴᠢ ᠬᠡᠷᠡᠭᠯᠡᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ | ᠪᠠᠷ ᠪᠠᠭᠤᠷᠠᠭᠤᠯᠬᠤ ᠬᠡᠷᠡᠭᠲᠡᠢ᠃ ᠡᠯ᠎ᠡ ᠵᠦᠢᠯ ᠤᠨ ᠭᠡᠮ ᠰᠣᠭᠤᠭ ᠢ ᠪᠦᠬᠦ ᠲᠠᠯ᠎ᠠ ᠪᠠᠷ ᠭᠡᠭᠡᠭᠳᠡᠯ ᠦᠭᠡᠢ ᠪᠠᠶᠢᠴᠠᠭᠠᠵᠤ ᠴᠡᠭᠴᠡᠯᠡᠨ | ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠡᠷᠡᠰ ᠬᠤᠷᠢᠭᠯᠠᠵᠤ᠂ ᠢᠯᠴᠢ ᠬᠠᠩᠭᠠᠬᠤ ᠲᠥᠬᠦᠭᠡᠷᠦᠮᠵᠢ ᠪᠣᠯᠤᠨ ᠬᠤᠭᠤᠯᠠᠢ ᠲᠣᠣᠷ ᠤᠨ ᠠᠮᠤᠷ ᠲᠦᠪᠰᠢᠨ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠳᠥᠷᠪᠡᠨ ᠲᠠᠯ᠎ᠠ ᠪᠠᠷ ᠱᠠᠭᠠᠷᠳᠠᠵᠠᠢ᠃ | |