ᠠᠵᠢᠯᠲᠠᠨ ᠤ ᠬᠢᠷᠢ ᠬᠡᠮ ᠳᠠᠩᠰᠠᠯᠠᠬᠤ ᠲᠥᠷᠥᠯ ᠤᠨ ᠬᠢᠨᠠᠨ ᠵᠥᠪᠰᠢᠶᠡᠷᠡᠬᠦ ᠵᠦᠶᠯᠡᠰ ᠢ ᠭᠦᠶᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ  ᠤᠨ ᠮᠡᠳᠡᠭᠳᠡᠯ
ᠨᠡᠶᠢᠲᠡᠯᠡᠭᠰᠡᠨ ᠴᠠᠭ᠄
2022/12/29
    ᠡᠯ᠎ᠡ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ︶ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠦᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠲᠦᠩᠯᠢᠶᠣᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠳᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠳᠤ᠄    ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠶᠠᠪᠤᠳᠠᠯ ᠭᠦᠶᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂   2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠲᠢᠩᠬᠢᠮ ᠪᠠᠷᠢᠯᠭ᠎ᠠ ᠶᠢᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠶᠯ ᠤᠨ ᠬᠠᠷᠢᠭᠤᠴᠠᠯᠭᠠᠲᠠᠨ᠂ ᠠᠶᠤᠯ ᠥᠬᠡᠶ ᠦᠶᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠤᠯ ᠥᠬᠡᠶ ᠦᠶᠯᠡᠳᠪᠦᠷᠢᠯᠡᠯ  ᠤᠨ ᠬᠢᠨᠠᠨ ᠰᠢᠯᠭᠠᠯᠲᠠ ᠶᠢ ᠠᠩᠬ᠎ᠠ ᠤᠳᠠᠭᠠᠨ ᠤ ᠭᠤᠶᠤᠴᠢᠯᠠᠯᠲᠠ᠂ ᠬᠤᠶᠠᠳᠤᠭᠠᠷ ᠳᠡᠰ ᠤᠨ ᠪᠠᠶᠢᠭᠤᠯᠤᠭᠴᠢ ᠶᠢᠨ ᠠᠩᠬᠠᠨ ᠤ᠂ ᠨᠡᠮᠡᠯᠲᠡ ᠵᠦᠶᠯ᠂ ᠳᠠᠬᠢᠨ ᠳᠠᠩᠰᠠᠯᠠᠬᠤ᠂ ᠬᠤᠶᠠᠳᠤᠭᠠᠷ ᠳᠡᠰ ᠤᠨ ᠦᠶᠯᠡᠳᠬᠦ ᠦᠨ᠎ᠡ ᠶᠢᠨ ᠢᠨᠵᠧᠨᠧᠷ ᠤᠨ ᠠᠩᠬᠠᠨ ᠤ᠂ ᠨᠡᠮᠡᠯᠲᠡ ᠵᠦᠶᠯ ᠢ ᠳᠠᠩᠰᠠᠯᠠᠬᠤ᠂ ᠬᠤᠶᠠᠳᠤᠭᠠᠷ ᠳᠡᠰ ᠤᠨ ᠪᠠᠷᠢᠯᠭᠠᠴᠢᠨ ᠤ ᠠᠩᠬᠠᠨ ᠤ ᠳᠠᠩᠰᠠᠯᠠᠯ ᠵᠢᠴᠢ ᠬᠤᠶᠠᠳᠤᠭᠠᠷ ᠳᠡᠰ ᠤᠨ ᠪᠦᠲᠦᠴᠡ ᠶᠢᠨ ᠢᠨᠵᠧᠨᠧᠷ ᠤᠨ ᠠᠩᠬᠠᠨ ᠤ ᠳᠠᠩᠰᠠᠯᠠᠯ ᠵᠡᠷᠭᠡ 8 ᠬᠢᠨᠠᠨ ᠵᠥᠪᠰᠢᠶᠡᠷᠡᠬᠦ ᠵᠦᠶᠯᠡᠰ ᠤᠨ ︽ᠢᠯᠡ ᠨᠡᠶᠢᠲᠡᠯᠡᠬᠦ︾ ᠭᠤᠭᠴᠤᠭ᠎ᠠ ᠶᠢ ᠦᠭᠡᠶᠢᠰᠬᠡᠵᠦ᠂ ᠬᠢᠨᠠᠨ ᠬᠠᠷᠭᠤᠭᠤᠯᠤᠭᠰᠠᠨ ᠰᠠᠨᠠᠯ  ᠢ ᠳᠠᠬᠢᠨ ᠨᠡᠶᠢᠲᠡᠯᠡᠬᠦ ᠥᠬᠡᠶ᠂ ᠬᠠᠤᠯᠢ ᠶᠣᠰᠣᠭᠠᠷ ᠰᠢᠭᠤᠳ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠭᠠᠳ ᠨᠡᠶᠢᠭᠡᠮ ᠳᠤ ᠵᠠᠷᠯᠠᠨ ᠨᠡᠶᠢᠲᠡᠯᠡᠨ᠎ᠡ᠃ ᠭᠤᠶᠤᠴᠢᠯᠠᠭᠴᠢ ᠵᠢᠴᠢ ᠭᠤᠶᠤᠴᠢᠯᠠᠭᠰᠠᠨ ᠠᠵᠤ ᠠᠬᠤᠶᠢᠯᠠᠯ ᠨᠢ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ ᠶᠢᠨ ᠬᠠᠷᠠᠭᠠᠯᠵᠠᠭᠰᠠᠨ ᠵᠦᠶᠯᠡᠰ ᠢᠶᠠᠷ ᠳᠡᠮᠵᠢᠨ ᠬᠡᠷᠡᠭ ᠭᠦᠶᠴᠡᠳᠬᠡᠭᠰᠡᠨ ᠪᠠᠶᠢᠳᠠᠯ  ᠢᠶᠠᠨ ᠪᠠᠶᠢᠴᠠᠭᠠᠨ ᠦᠵᠡᠵᠦ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠦᠯᠵᠢᠶᠡᠨ  ᠠᠴᠠ ᠠᠯᠪᠠᠨ ᠵᠠᠷ ᠢ ᠪᠠᠶᠢᠴᠠᠭᠠᠨ ᠦᠵᠡᠬᠦ ᠪᠤᠶᠤ ᠪᠠᠲᠤᠯᠠᠭᠳᠠᠭᠰᠠᠨ ᠥᠬᠡᠶ ᠰᠢᠯᠲᠠᠭᠠᠨ ᠢ ᠪᠠᠶᠢᠴᠠᠭᠠᠨ ᠦᠵᠡᠭᠰᠡᠨ ᠴᠦ ᠪᠣᠯᠤᠨ᠎ᠠ᠃                                                          2022ᠣᠨ ᠤ12 ᠳ᠋ᠤᠭᠠᠷ ᠰᠠᠷ᠎ᠠ ᠶᠢᠨ28 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ