ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ | ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠬᠠᠮᠲᠤᠷᠠᠨ ︽ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠬᠥᠭᠵᠢᠯᠲᠡ ᠶᠢ ᠳᠡᠮᠵᠢᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠂ ᠨᠠᠷᠢᠨ ᠪᠠᠶᠢᠳᠠᠯ ︵ᠳᠣᠷᠣᠭᠰᠢ ︽ᠵᠢᠯᠤᠭᠤᠳᠬᠤ ᠰᠠᠨᠠᠯ︾ ᠭᠡᠵᠦ | ᠲᠣᠪᠴᠢᠯᠠᠨ᠎ᠠ︶ ᠢ ᠲᠤᠪᠴᠢᠳᠠᠵᠦ ᠤᠶᠢᠯᠠᠭᠠᠭᠠᠷᠠᠢ᠃ ᠣᠶᠢᠷ᠎ᠠ ᠳᠤ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠠᠰᠠᠭᠤᠯᠳᠠ᠄ | ︽ᠵᠢᠯᠤᠭᠤᠳᠬᠤ ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠶ︖ | ᠬᠠᠷᠢᠭᠤᠯᠳᠠ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ | ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠦᠨᠡᠨ ᠬᠦ | ᠨᠡᠮᠡᠭᠳᠡᠭᠦᠯᠬᠦ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠡᠭᠦᠷᠭᠡ ᠪᠣᠯᠭᠠᠨ᠎ᠠ᠃ 2021 ᠣᠨ ᠤ 6 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠲᠤᠯᠠᠭ᠎ᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠭᠦᠨ ᠳᠤ ᠮᠥᠩᠭᠦᠨ | ᠭᠦᠢᠯᠭᠡᠭᠡᠨ ᠤ ᠳᠡᠮᠵᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠵᠠᠢ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠬᠥᠭᠵᠢᠯᠲᠡ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠬᠠᠩᠭᠠᠯᠭ᠎ᠠ ᠶᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠶᠢᠨ ᠣᠷᠣᠨ ᠰᠠᠭᠤᠴᠠ ᠶᠢᠨ | ᠬᠦᠴᠢᠷᠳᠡᠯ ᠢ ᠨᠠᠮᠳᠠᠭᠤᠯᠬᠤ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠨ ︽ᠵᠢᠯᠤᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠪᠠ᠃ | ᠠᠰᠠᠭᠤᠯᠳᠠ᠄ | ︽ᠵᠢᠯᠤᠭᠤᠳᠬᠤ ᠰᠠᠨᠠᠯ︾ ᠳᠤ ᠪᠠᠩᠬᠢ ᠪᠠ ᠳᠠᠭᠠᠳᠬᠠᠯ ᠤᠨ ᠪᠠᠶᠢᠭᠤᠯᠤᠮᠵᠢ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠳᠠ᠄ | ︽ᠵᠢᠯᠤᠭᠤᠳᠬᠤ ᠰᠠᠨᠠᠯ︾ ᠳᠤ ᠠᠷᠠᠳ ᠲᠦᠮᠡᠨ ᠢᠶᠠᠷ ᠭᠤᠣᠯ ᠪᠣᠯᠭᠠᠬᠤ᠂ ᠵᠠᠬ᠎ᠠ ᠳᠡᠯᠭᠡᠭᠦᠷᠴᠢᠯᠡᠬᠦ ᠪᠠᠷ ᠤᠳᠤᠷᠢᠳᠤᠮᠵᠢ ᠪᠣᠯᠭᠠᠬᠤ᠂ ᠲᠦᠭᠰᠢᠭᠦᠷᠢ ᠶᠢ | ᠡᠵᠡᠮᠳᠡᠵᠦ ᠪᠣᠯᠬᠤ ᠪᠠᠷ ᠤᠷᠢᠲᠠᠯ ᠪᠣᠯᠭᠠᠬᠤ᠂ ᠣᠯᠠᠨ ᠲᠠᠯ᠎ᠠ ᠶᠢᠨ ᠬᠠᠮᠵᠢᠯᠴᠠᠭ᠎ᠠ ᠪᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠳᠣᠣᠷᠠᠬᠢ ᠱᠠᠭᠠᠷᠳᠠᠯᠭ᠎ᠠ ᠶᠢ | ᠳᠤᠷᠠᠳᠪᠠ᠃ | ᠨᠢᠭᠡ ᠳᠤ᠂ ᠡᠯ᠎ᠡ ᠲᠦᠷᠦᠯ ᠤᠨ ᠪᠠᠶᠢᠭᠤᠯᠤᠮᠵᠢ ᠶᠢᠨ ᠲᠤᠰ ᠪᠡᠶ᠎ᠡ ᠶᠢᠨ ᠲᠠᠪᠠᠭᠤᠯᠢᠭ ᠢ ᠪᠠᠳᠠᠷᠠᠭᠤᠯᠤᠨ᠎ᠠ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ᠂ ᠬᠤᠳᠠᠯᠳᠤᠭᠠᠨ ᠤ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠢᠳᠡᠭᠡᠮᠵᠢᠳᠦ ᠺᠣᠮᠫᠠᠨᠢ ᠵᠡᠷᠭᠡ ᠨᠢ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰ | ᠪᠡᠶ᠎ᠡ ᠶᠢᠨ ᠲᠤᠬᠠᠶᠢᠯᠠᠭᠰᠠᠨ ᠠᠵᠢᠯ ᠤᠨ ᠣᠨᠴᠠᠯᠢᠭ ᠲᠤ ᠪᠠᠨ ᠰᠠᠭᠤᠷᠢᠯᠠᠨ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠥᠩᠭᠦᠨ | ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ | ᠬᠤᠶᠠᠷ ᠲᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠢ | ᠡᠵᠡᠮᠰᠢᠨ᠎ᠡ᠃ ᠪᠠᠩᠬᠢ ᠳᠠᠭᠠᠳᠬᠠᠯ ᠤᠨ ᠪᠠᠶᠢᠭᠤᠯᠤᠮᠵᠢ ᠨᠤᠭᠤᠳ ᠥᠪᠡᠷ ᠢᠶᠠᠨ ᠡᠵᠡᠮᠰᠢᠬᠦ ᠲᠥᠷᠥᠯ ᠪᠠ ᠥᠪᠡᠷ ᠤᠨ ᠥᠮᠴᠢᠯᠡᠯ ᠤᠨ ᠪᠤᠰᠤ ᠥᠮᠴᠢᠯᠡᠬᠦ ᠡᠷᠬᠡ ᠶᠢᠨ | ᠲᠥᠷᠥᠯ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠣᠨᠴᠠᠯᠢᠭ ᠢ ᠦᠨᠳᠦᠰᠦᠯᠡᠨ᠂ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ | ᠵᠣᠬᠢᠴᠠᠭᠰᠠᠨ ᠮᠥᠩᠭᠦᠨ ᠭᠦᠢᠯᠭᠡᠭᠡᠨ ᠤ ᠳᠡᠮᠵᠢᠯᠭᠡ ᠶᠢ ᠲᠣᠰ ᠲᠣᠰ ᠬᠠᠩᠭᠠᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠣᠨᠴᠠᠯᠢᠭ ᠲᠤ ᠨᠡᠶᠢᠴᠡᠬᠦ ᠪᠠᠳᠤᠯᠠᠯᠳᠠ ᠶᠢᠨ ᠠᠷᠭ᠎ᠠ ᠮᠠᠶ᠋ᠢᠭ ᠢ ᠰᠦᠪᠡᠭᠴᠢᠯᠡᠨ᠎ᠡ᠃ | ᠭᠤᠷᠪᠠ ᠳᠤ᠂ ᠳᠣᠲᠣᠭᠠᠳᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠩᠬᠢ ᠳᠠᠭᠠᠳᠬᠠᠯ ᠤᠨ ᠪᠠᠶᠢᠭᠤᠯᠤᠮᠵᠢ ᠨᠤᠭᠤᠳ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠦᠨ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠤᠰᠬᠠᠶᠢᠵᠢᠭᠰᠠᠨ ᠴᠢᠳᠠᠪᠤᠷᠢ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | ᠳᠥᠷᠪᠡ ᠳᠤ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠢᠨᠠᠭᠤᠷ ᠪᠣᠯᠭᠤᠮᠵᠢᠲᠠᠢ ᠯᠠᠪᠳᠠᠭᠤᠨ ᠲᠣᠭᠲᠠᠭᠤᠨ ᠪᠠ ᠠᠮᠤᠷ ᠲᠦᠪᠰᠢᠨ | ᠪᠠᠶᠢᠬᠤ ᠵᠠᠷᠴᠢᠮ ᠢ ᠵᠢᠷᠤᠮᠯᠠᠨ᠂ ᠪᠡᠯᠡ ᠲᠣᠬᠢᠷᠠᠭᠤᠯᠭ᠎ᠠ ᠶᠢᠨ ᠭᠤᠣᠯ ᠴᠣᠭᠴᠠ ᠶᠢᠨ ᠡᠬᠢᠯᠡᠨ ᠵᠥᠪᠰᠢᠶᠡᠷᠡᠬᠦ ᠬᠠᠮᠢᠶᠠᠷᠤᠯᠲᠠ ᠶᠢ ᠰᠠᠶᠢᠲᠤᠷ ᠬᠢᠵᠦ᠂ ᠲᠥᠷᠥᠯ | ᠵᠦᠢᠯ ᠤᠨ ᠲᠦᠭᠰᠢᠭᠦᠷᠢ ᠶᠢ ᠰᠠᠶᠢᠲᠤᠷ ᠡᠵᠡᠮᠳᠡᠵᠦ᠂ ᠲᠥᠷᠥᠯ ᠵᠦᠢᠯ ᠤᠨ ᠵᠠᠯᠭᠠᠮᠵᠢ ᠮᠥᠷᠳᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠲᠦᠭᠰᠢᠭᠦᠷᠢ ᠶᠢᠨ | ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ | ᠠᠰᠠᠭᠤᠯᠳᠠ | ︽ᠵᠢᠯᠤᠭᠤᠳᠬᠤ ᠰᠠᠨᠠᠯ︾ ᠨᠢ ᠡᠯ᠎ᠡ ᠭᠠᠵᠠᠷ ᠤᠨ ᠬᠢᠨ ᠳᠤ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠶ︖ | ᠬᠠᠷᠢᠭᠤᠯᠳᠠ | ︽ᠵᠢᠯᠤᠭᠤᠳᠬᠤ ᠰᠠᠨᠠᠯ︾ ᠳᠤ ᠡᠯ᠎ᠡ ᠭᠠᠵᠠᠷ ᠤᠨ ᠬᠢᠨ ᠳᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠃ | ᠨᠢᠭᠡ ᠳᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠦᠷᠭᠡᠬᠡᠨ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠯ᠎ᠡ ᠭᠠᠵᠠᠷ ᠤᠨ ᠬᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠣᠳᠠᠲᠠᠢ | ᠠᠷᠭ᠎ᠠ ᠶᠢ ᠲᠦᠷᠭᠡᠬᠡᠨ ᠨᠡᠶᠢᠲᠡᠯᠡᠵᠦ᠂ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠪᠠᠷ ᠭᠤᠶᠤᠴᠢᠯᠠᠬᠤ | ᠨᠥᠬᠦᠴᠡᠯ᠂ ᠴᠤᠪᠤᠷᠠᠯ ᠬᠢᠭᠡᠳ ᠠᠵᠢᠯ ᠤᠨ ᠱᠠᠭᠠᠷᠳᠠᠯᠭ᠎ᠠ ᠵᠡᠷᠭᠡ ᠶᠢ ᠲᠤᠳᠤᠷᠬᠠᠶᠢᠯᠠᠨ᠎ᠠ᠃ | ᠬᠤᠶᠠᠷ ᠲᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ | ᠭᠠᠵᠠᠷ ᠤᠨ ᠬᠢᠨ ᠣᠷᠣᠨ ᠰᠠᠭᠤᠴᠠ ᠶᠢᠨ ᠲᠦᠷᠢᠶᠡᠰᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠤᠨ ᠪᠦᠷᠢᠨᠰᠢᠭᠦᠯᠵᠦ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠯᠲᠡ ᠬᠠᠮᠢᠶᠠᠷᠤᠯᠲᠠ ᠶᠢᠨ ᠪᠥᠬᠦ | ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠨᠡᠷ᠎ᠡ ᠪᠠᠷ ᠪᠠᠩᠬᠢ ᠳᠠᠭᠠᠳᠬᠠᠯ ᠤᠨ | ᠪᠠᠶᠢᠭᠤᠯᠤᠮᠵᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠡᠬᠡᠯᠡᠨ ᠠᠪᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠭᠤᠷᠪᠠ ᠳᠤ᠂ ᠲᠥᠷᠥᠯ ᠵᠦᠢᠯ ᠤᠨ ᠵᠥᠪᠰᠢᠶᠡᠷᠡᠯ ᠤᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠡᠯ᠎ᠡ ᠭᠠᠵᠠᠷ ᠤᠨ ᠬᠢᠨ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠨᠤᠳᠠᠯᠠᠯᠳᠠ ᠶᠢᠨ ᠪᠢᠴᠢᠭ ᠤᠨ ᠳᠦᠷᠢᠮ ᠢ ᠲᠣᠳᠣᠷᠬᠠᠶᠢᠯᠠᠵᠤ᠂ ᠪᠠᠩᠬᠢ ᠳᠠᠭᠠᠳᠬᠠᠯ ᠤᠨ ᠪᠠᠶᠢᠭᠤᠯᠤᠮᠵᠢ | ᠯᠤᠭ᠎ᠠ ᠲᠣᠰ ᠭᠠᠵᠠᠷ ᠣᠷᠣᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ | ᠬᠠᠮᠲᠤ ᠪᠠᠷ ᠡᠳ᠋ᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠳᠤ ᠬᠢᠷᠢ ᠲᠡᠩᠴᠡᠭᠰᠡᠨ ᠣᠷᠣᠨ ᠰᠠᠭᠤᠴᠠ ᠶᠢᠨ ᠲᠦᠷᠢᠶᠡᠰᠦᠨ ᠠᠵᠤ ᠠᠬᠤᠶᠢᠯᠠᠯ ᠤᠨ ᠨᠡᠷᠡᠰ ᠪᠠ | ᠠᠵᠤ ᠠᠬᠤᠶᠢᠯᠠᠯ ᠤᠨ ᠡᠵᠡᠩᠨᠡᠯᠲᠡ ᠶᠢᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢᠨ | ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠳᠤ ᠳᠡᠮᠵᠢᠯᠭᠡ ᠬᠠᠩᠭᠠᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ | ᠵᠦᠢᠯ ᠤᠨ ᠨᠤᠳᠠᠯᠠᠯᠳᠠ ᠶᠢᠨ ᠪᠢᠴᠢᠭ ᠢ ᠣᠯᠣᠭᠰᠠᠨ ᠪᠠᠶᠢᠪᠠᠯ ᠰᠠᠶ᠋ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶ᠎ᠠ ᠪᠦᠬᠦᠢ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠵᠦ ᠪᠣᠯᠣᠨ᠎ᠠ᠃ | ᠠᠰᠠᠭᠤᠯᠳᠠ᠄ | ﹇ᠵᠢᠯᠤᠭᠤᠳᠬᠤ ᠰᠠᠨᠠᠯ﹈ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠳᠡᠮᠵᠢᠬᠦ ᠠᠷᠭ᠎ᠠ ᠬᠡᠮᠵᠢᠶ᠎ᠡ ᠠᠪᠤᠭᠰᠠᠨ ᠪᠤᠶ︖ | | ᠬᠠᠷᠢᠭᠤᠯᠳᠠ᠄ | ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠠᠩᠬᠢ | ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ᠂ ᠲᠦᠭᠰᠢᠭᠦᠷᠢ ᠶᠢ ᠡᠵᠡᠮᠳᠡᠵᠦ ᠪᠣᠯᠬᠤ᠂ | ᠬᠤᠳᠠᠯᠳᠤᠭᠠᠨ ᠤ ᠦᠢᠯᠡᠰ ᠢ ᠦᠷᠭᠦᠯᠵᠢᠯᠡᠭᠦᠯᠵᠦ ᠪᠣᠯᠬᠤ ᠵᠠᠷᠴᠢᠮ ᠶᠣᠰᠣᠭᠠᠷ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠳᠤ | ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠪᠠ᠃ ᠨᠢᠭᠡ ᠳᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠲᠡᠮᠵᠢᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠳᠡᠮᠵᠢᠬᠦ ᠪᠡᠯᠡ ᠮᠦᠩᠭᠦ ᠶᠢᠨ ᠢᠷᠡᠯᠳᠡ ᠶᠢ ᠦᠷᠭᠡᠳᠭᠡᠨ ᠲᠡᠮᠵᠢᠪᠡ᠃ ᠬᠤᠶᠠᠷ ᠲᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠬᠤᠯᠪᠣᠭᠳᠠᠯ ᠪᠦᠬᠦᠢ ᠵᠢᠭᠡᠯᠡᠯᠭᠡ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠵᠢᠭᠡᠯᠡᠯᠭᠡ ᠶᠢᠨ ᠲᠥᠪᠯᠡᠷᠡᠩᠭᠦᠢ ᠬᠠᠮᠢᠶᠠᠷᠤᠯᠲᠠ ᠳᠤ ᠣᠷᠣᠭᠤᠯᠬᠤ ᠦᠭᠡᠢ | ᠃ ᠭᠤᠷᠪᠠ ᠳᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠠᠶᠢᠲᠤᠷ ᠰᠡᠷᠭᠡᠶᠢᠯᠡᠪᠡ᠃ | | | | | |