ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ  ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/22
      ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠪᠠᠰᠠ ᠴᠤ ᠠᠵᠤ  ᠠᠬᠤᠶ ᠶᠢᠨ ᠬᠥᠭᠵᠢᠯᠲᠡ ᠶᠢᠨ ᠦᠨᠳᠦᠰᠦᠨ ᠲᠤᠯᠭᠠᠭᠤᠷᠢᠯᠠᠯ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠴᠢᠬᠤᠯᠠ ᠪᠠᠲᠤᠯᠠᠭ᠎ᠠ ᠮᠥᠨ᠃ ︽ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠣᠯᠭᠤᠯᠲᠠ ᠶᠢ ᠠᠬᠢᠭᠤᠯᠬᠤ  ᠲᠥᠯᠥᠪᠵᠢᠭᠦᠯᠭᠡ︾ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠮᠵᠢᠯᠲᠠ  ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ  ᠠᠵᠢᠯ ᠢ ᠰᠢᠰᠲ᠋ᠧᠮ ᠲᠠᠢ ᠲᠥᠯᠥᠪᠵᠢᠭᠦᠯᠦᠭᠰᠡᠨ ᠪᠥᠭᠡᠳ ᠢᠷᠡᠭᠡᠳᠦᠶ ᠶᠢᠨ ᠨᠢᠭᠡ ᠬᠡᠰᠡᠭ ᠬᠤᠭᠤᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠭᠰᠠᠨ  ᠪᠠᠶᠢᠨ᠎ᠠ᠃       ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠵᠢᠯ ᠤᠨ ᠦᠷ᠎ᠡ ᠪᠦᠲᠦᠮᠵᠢ       ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ  ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠣᠯᠭᠤᠯᠲᠠ ᠪᠠᠷ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠡᠯ᠎ᠡ ᠲᠠᠯ᠎ᠠ ᠶᠢᠨ ᠬᠢᠨ ᠲᠠᠢ  ᠬᠠᠮᠲᠤᠷᠠᠨ ᠡᠷᠡᠮᠡᠬᠡᠶᠢᠯᠡᠨ ᠤᠷᠤᠭᠰᠢᠯᠠᠵᠤ᠂ ᠪᠡᠷᠬᠡ ᠶᠢ ᠳᠠᠪᠠᠨ ᠬᠦᠴᠢᠷ ᠢ ᠰᠢᠢᠳᠪᠦᠷᠢᠯᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯ ᠢᠳᠡᠪᠬᠢᠲᠡᠢ ᠠᠬᠢᠴᠠ ᠲᠠᠢ  ᠪᠣᠯᠵᠣ᠂ ᠪᠠᠰᠠ ᠪᠥᠬᠦ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃       ᠨᠢᠭᠡ ᠳᠤ᠂ ᠠᠵᠢᠯ ᠣᠯᠭᠤᠯᠲᠠ ᠶᠢᠨ ᠬᠡᠪᠴᠢᠶ᠎ᠡ ᠲᠣᠭᠲᠠᠭᠤᠨ ᠪᠠᠶᠢᠬᠤ ᠶᠢ ᠪᠠᠲᠤᠯᠠᠪᠠ᠃ ᠬᠤᠲᠠ ᠪᠠᠯᠭᠠᠰᠤᠨ ᠤ 128.4 ᠲᠦᠮᠡᠨ ᠬᠥᠮᠦᠨ ᠳᠤ ᠰᠢᠨ᠎ᠡ ᠪᠠᠷ  ᠠᠵᠢᠯ ᠣᠯᠭᠤᠵᠤ᠂ 125 ᠲᠦᠮᠡᠨ ᠬᠥᠮᠦᠨ ᠳᠤ ᠠᠵᠢᠯ ᠣᠯᠭᠤᠬᠤ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ  ᠠᠵᠢᠯ ᠠᠯᠳᠠᠯᠲᠠ ᠶᠢᠨ ᠨᠤᠷᠮ᠎ᠠ 3.8% ᠣᠷᠴᠢᠮ ᠪᠠᠶᠢᠵᠤ᠂ 4% ᠠᠴᠠ ᠳᠣᠣᠷ᠎ᠠ ᠪᠠᠶᠢᠯᠭᠠᠬᠤ ᠪᠠᠷ ᠵᠢᠱᠢᠭᠰᠡᠨ ᠬᠢᠵᠠᠭᠠᠷᠯᠠᠬᠤ ᠬᠠᠷᠠᠯᠲᠠ ᠶᠢ ᠪᠡᠶᠡᠯᠡᠭᠦᠯᠪᠡ᠃       ᠬᠤᠶᠠᠷ ᠲᠤ᠂ ᠭᠤᠤᠯᠳᠠᠯᠭ᠎ᠠ ᠲᠠᠢ ᠬᠦᠮᠦᠰ ᠤᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 72.8  ᠲᠦᠮᠡᠨ ᠬᠥᠮᠥᠨ ᠳᠤ ᠠᠵᠢᠯ ᠣᠯᠭᠤᠵᠤ᠂ ᠠᠵᠢᠯ ᠣᠯᠭᠤᠯᠲᠠ ᠶᠢᠨ ᠬᠢᠷᠢ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠪᠠ᠃ 1264.3 ᠲᠦᠮᠡᠨ ᠮᠠᠯᠴᠢᠨ  ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ 1034.2 ᠲᠦᠮᠡᠨ ᠮᠠᠯᠴᠢᠨ ᠲᠠᠷᠢᠶᠠᠴᠢᠨ ᠢ 6 ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠪᠠ᠃ ᠬᠦᠴᠢᠷᠳᠡᠯᠲᠡᠢ ᠬᠦᠮᠦᠰ ᠢ ᠪᠦᠲᠦᠮᠵᠢᠲᠡᠶ ᠪᠠᠷ ᠬᠠᠪᠰᠤᠷᠤᠨ ᠲᠡᠳᠬᠦᠵᠦ᠂ ᠬᠤᠳᠠ ᠪᠠᠯᠭᠠᠰᠤᠨ ᠤ 36.9 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠳᠡᠯ ᠲᠠᠢ 31.1 ᠲᠦᠮᠡᠨ ᠬᠥᠮᠦᠨ ᠳᠤ ᠠᠵᠢᠯ ᠣᠯᠭᠤᠪᠠ᠃       ᠭᠤᠷᠪᠠ ᠳᠤ᠂ ᠠᠵᠢᠯ ᠣᠯᠭᠤᠯᠲᠠ ᠶᠢᠨ ᠶᠠᠰᠤ ᠴᠢᠨᠠᠷ ᠠᠯᠬᠤᠮ ᠠᠯᠬᠤᠮ ᠢᠶᠠᠷ ᠳᠡᠭᠡᠭᠰᠢᠯᠡᠪᠡ᠃ ᠬᠥᠳᠡᠯᠮᠦᠷᠢᠴᠢᠳ ᠤᠨ ᠬᠡᠪ ᠴᠢᠨᠠᠷ ᠨᠡᠶᠢᠳᠡᠮ ᠳᠤ ᠪᠠᠨ ᠳᠡᠭᠡᠭᠰᠢᠯᠡᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠡᠮᠵᠢᠶ᠎ᠡ 106 ᠲᠦᠮᠡᠨ ᠬᠥᠮᠦᠨ ᠳᠤ ᠬᠦᠷᠴᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ  ᠶᠡᠷᠦᠩᠬᠡᠶ ᠬᠡᠮᠵᠢᠶ᠎ᠡ 74.1 ᠲᠦᠮᠡᠨ ᠬᠥᠮᠦᠨ ᠳᠤ ᠬᠦᠷᠴᠡᠶ᠃ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠶᠡᠷᠦᠩᠬᠡᠶ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂  ᠪᠦᠲᠦᠴᠡ ᠨᠢ ᠲᠠᠰᠤᠷᠠᠯᠳᠠ ᠦᠭᠡᠢ ᠰᠠᠶᠢᠵᠢᠷᠠᠨ᠂ ᠠᠵᠢᠯᠳᠠᠨ ᠠᠵᠢᠯᠴᠢᠨ ᠤ ᠴᠠᠯᠢᠩ ᠬᠥᠯᠥᠰᠥ ᠵᠦᠢ ᠵᠣᠬᠢᠰᠲᠠᠶ ᠪᠠᠷ ᠨᠡᠮᠡᠭᠳᠡᠵᠦ᠂ ᠬᠥᠳᠡᠯᠮᠦᠷᠢ ᠶᠢᠨ ᠡᠷᠬᠡ  ᠠᠰᠢᠭ ᠤᠨ ᠪᠠᠲᠤᠯᠠᠭ᠎ᠠ ᠴᠢᠩᠭᠠᠷᠠᠵᠤ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠪᠠᠲᠤᠯᠠᠭ᠎ᠠ ᠶᠢᠨ ᠬᠢᠷᠢ ᠲᠦᠪᠰᠢᠨ ᠠᠯᠬᠤᠮ  ᠠᠯᠬᠤᠮ ᠢᠶᠠᠷ ᠳᠡᠭᠡᠭᠰᠢᠯᠡᠪᠡ᠃       ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠠᠶ ᠬᠤᠪᠢᠷᠠᠯᠲᠠ᠂ ᠭᠡᠨᠡᠳᠲᠡ ᠡᠭᠦᠰᠦᠭᠰᠡᠨ ᠰᠢᠨ᠎ᠡ ᠲᠢᠶ᠋ᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠣᠯᠠᠨ ᠳᠠᠪᠬᠤᠷ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂  ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠳᠠᠯ ᠢ ᠪᠠᠲᠤᠯᠠᠪᠠ᠃       ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ ᠠᠬᠢᠭᠤᠯᠬᠤ  ᠲᠥᠯᠥᠪᠵᠢᠭᠦᠯᠭᠡ ᠶᠢᠨ ᠣᠨᠴᠠᠯᠢᠭ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ  ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ ᠲᠣᠭᠲᠠᠭᠠᠬᠤ ᠳᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ᠂ ᠳᠣᠤᠷᠠᠬᠢ  ᠭᠤᠷᠪᠠᠨ ᠲᠠᠯ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠪᠠ᠄       ︵ᠨᠢᠭᠡ︶ ᠠᠵᠢᠯ ᠣᠯᠭᠤᠯᠲᠠ ᠶᠢᠨ ᠠᠵᠢᠯ ᠤᠨ ᠭᠤᠣᠯᠳᠠᠯᠭ᠎ᠠ ᠶᠢ ᠳᠣᠪᠣᠶᠢᠯᠭᠠᠪᠠ᠃ ᠲᠥᠯᠥᠪᠵᠢᠭᠦᠯᠭᠡ ᠳᠤ ︽ᠶᠡᠷᠦᠩᠬᠡᠶ ᠬᠡᠮᠵᠢᠶ᠎ᠡ ᠶᠢ ᠥᠷᠭᠡᠳᠬᠡᠵᠦ᠂ ᠶᠠᠰᠤ  ᠴᠢᠨᠠᠷ ᠢ ᠳᠡᠭᠡᠭᠰᠢᠯᠡᠭᠦᠯᠬᠦ︾ ᠪᠠᠷ ᠦᠨᠳᠦᠰᠦᠨ ᠵᠣᠭᠰᠣᠴᠠ ᠪᠣᠯᠭᠠᠵᠤ᠂ ᠨᠠᠩ ᠭᠦᠢᠴᠡᠳ ᠪᠥᠭᠡᠳ ᠨᠠᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠬᠦ ᠳᠤ ᠭᠤᠷᠪᠠᠨ  ᠲᠠᠯ᠎ᠠ ᠶᠢ ᠳᠣᠪᠤᠶᠢᠯᠭᠠᠨ ᠡᠵᠡᠮᠳᠡᠪᠡ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠳᠣᠪᠣᠶᠢᠯᠭᠠᠪᠠ᠃ ᠠᠵᠢᠯ ᠣᠯᠭᠤᠯᠲᠠ ᠶᠢ ᠬᠤᠷᠸ᠎ᠠ  ᠲᠦᠷᠦ ᠶᠢᠨ ᠪᠤᠳᠤᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠲᠤᠬᠢᠷᠠᠭᠤᠯᠤᠯ ᠡᠵᠡᠮᠳᠡᠯ ᠤᠨ ᠲᠡᠷᠢᠭᠦᠨ ᠬᠠᠷᠠᠯᠲᠠ ᠪᠠ ᠠᠵᠤ ᠠᠬᠤᠶ ᠶᠢᠨ  ᠠᠵᠢᠯᠯᠠᠭᠠᠨ ᠤ ᠵᠦᠢ ᠵᠣᠬᠢᠰᠲᠠᠶ ᠣᠷᠣᠨ ᠵᠠᠶ ᠶᠢᠨ ᠳᠤᠤᠷᠠᠳᠤ ᠬᠢᠵᠠᠭᠠᠷ ᠪᠣᠯᠭᠠᠵᠤ᠂ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠪᠠᠷ ᠠᠵᠢᠯ ᠣᠯᠭᠤᠯᠲᠠ ᠶᠢ ᠳᠡᠮᠵᠢᠬᠦ  ᠤᠳᠤᠷᠢᠳᠤᠮᠵᠢ ᠶᠢ ᠴᠢᠩᠭᠠᠳᠬᠠᠪᠠ︔ ᠬᠤᠶᠠᠷ ᠲᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠳᠣᠪᠣᠶᠢᠯᠭᠠᠨ ᠨᠠᠮᠳᠠᠭᠤᠯᠤᠨ᠎ᠠ᠃ ᠤᠷ᠎ᠠ  ᠴᠢᠳᠠᠪᠤᠷᠢᠲᠠᠨ ᠢ ᠬᠥᠮᠦᠵᠢᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ᠂  ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠰᠠᠶᠢᠵᠢᠷᠠᠭᠤᠯᠤᠨ᠎ᠠ︔ ᠭᠤᠷᠪᠠ ᠳᠤ᠂ ᠨᠡᠶᠢᠭᠡᠮ ᠤᠨ  ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠶᠢ ᠳᠣᠪᠣᠶᠢᠯᠭᠠᠪᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ  ᠰᠢᠯᠢᠳᠡᠭᠵᠢᠭᠦᠯᠬᠦ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ᠂ ᠠᠵᠢᠯ ᠣᠯᠭᠤᠬᠤ ᠦᠢᠯᠡᠴᠢᠯᠡᠭᠡ ᠶᠢ ᠰᠠᠶᠢᠵᠢᠷᠠᠭᠤᠯᠬᠤ᠂ ᠬᠥᠳᠡᠯᠮᠦᠷᠢ ᠶᠢᠨ ᠡᠷᠬᠡ  ᠠᠰᠢᠭ ᠢ ᠪᠠᠲᠤᠯᠠᠬᠤ ᠵᠡᠷᠭᠡ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ  ᠳᠤᠷᠠᠳᠤᠨ ᠭᠠᠷᠭᠠᠪᠠ᠃       ︵ᠬᠤᠶᠠᠷ︶ ᠠᠵᠢᠯ ᠣᠯᠭᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠪᠠ᠃ ᠠᠵᠤ ᠠᠬᠤᠶ  ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠪᠠ᠃ ︽ᠠᠷᠪᠠᠨ  ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠶᠡᠷᠦᠩᠬᠡᠶ ᠬᠥᠮᠦᠨ ᠠᠮᠠ᠂ ᠬᠤᠳᠠ ᠬᠥᠳᠡᠭᠡ ᠶᠢᠨ ᠬᠥᠳᠡᠯᠮᠦᠷᠢ ᠶᠢᠨ ᠬᠥᠮᠦᠨ  ᠠᠮᠠ ᠶᠢᠨ ᠪᠠᠭᠤᠷᠠᠯᠲᠠ ᠶᠢᠨ ᠬᠠᠨᠳᠤᠰᠢ ᠳᠤ ᠰᠠᠭᠤᠷᠢᠯᠠᠪᠠᠯ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ ᠮᠠᠯᠴᠢᠨ ᠲᠠᠷᠢᠶᠠᠴᠢᠨ ᠢ  ᠰᠢᠯᠵᠢᠭᠦᠯᠦᠨ ᠠᠵᠢᠯ ᠣᠯᠭᠤᠬᠤ ᠵᠡᠷᠭᠡ ᠭᠦᠢᠴᠡᠳᠬᠡᠯ ᠲᠤᠭ᠎ᠠ ᠨᠢ ᠪᠠᠭᠤᠷᠠᠬᠤ ᠬᠠᠨᠳᠤᠰᠢ ᠲᠠᠢ ᠪᠠᠶᠢᠵᠤ᠂ ᠡᠨᠡ ᠨᠢ ᠤᠯᠤᠰ ᠤᠨ ᠲᠥᠯᠥᠪᠵᠢᠭᠦᠯᠭᠡ ᠳᠤ ᠳᠤᠷᠠᠳᠤᠭᠰᠠᠨ  ᠬᠠᠨᠳᠤᠰᠢ ᠲᠠᠢ ᠨᠢᠭᠡᠳᠦᠯᠲᠡᠶ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠶᠢᠨ  ᠬᠥᠭᠵᠢᠯᠲᠡ ᠶᠢᠨ ᠠᠵᠢᠯ ᠣᠯᠭᠤᠬᠤ ᠴᠢᠳᠠᠪᠤᠷᠢ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠵᠡᠷᠭᠡ ᠪᠠᠶᠢᠳᠠᠯ ᠢ ᠦᠨᠳᠦᠰᠦᠯᠡᠪᠡᠯ᠂ ᠬᠤᠲᠠ  ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠣᠷᠮ᠎ᠠ ᠨᠡᠮᠡᠭᠳᠡᠬᠦ ᠬᠠᠨᠳᠤᠰᠢ ᠲᠠᠢ ᠪᠠᠶᠢᠵᠤ᠂  ᠪᠥᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ  ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ᠬᠥᠲᠥᠯᠪᠦᠷᠢ ᠯᠦᠭᠡ ᠨᠢᠭᠡᠳᠦᠯᠲᠡᠶ ᠪᠠᠶᠢᠯᠭᠠᠨ᠎ᠠ᠃       ︵ᠭᠤᠷᠪᠠ︶ ᠲᠥᠷᠥᠯ ᠵᠦᠢᠯ ᠤᠨ ᠲᠤᠯᠭᠠᠭᠤᠷᠢᠯᠠᠯ ᠢᠶᠠᠷ ᠳᠠᠮᠵᠢᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠪᠠ᠃ ᠲᠥᠯᠥᠪᠵᠢᠭᠦᠯᠭᠡ ᠳᠤ 9  ᠲᠥᠯᠥᠪᠯᠡᠭᠡ ᠶᠢᠨ ᠲᠤᠰᠬᠠᠢ ᠪᠤᠯᠤᠩ᠂ 29 ᠪᠣᠳᠠᠲᠠᠢ ᠲᠦᠷᠦᠯ ᠵᠦᠢᠯ ᠢ ᠲᠤᠬᠢᠷᠠᠭᠤᠯᠵᠤ᠂ ᠲᠦᠷᠦᠯ ᠵᠦᠢᠯ ᠨᠢᠭᠡᠪᠦᠷᠢ ᠳᠤ ᠴᠥᠮ ᠬᠠᠷᠠᠯᠲᠠ ᠡᠭᠦᠷᠭᠡ᠂ ᠪᠣᠳᠠᠲᠠᠢ  ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠲᠣᠳᠣᠷᠬᠠᠶᠢᠯᠠᠪᠠ᠃ ᠡᠭᠦᠨ ᠤ ᠵᠣᠷᠢᠯᠭ᠎ᠠ ᠨᠢ ᠳᠠᠷᠤᠢ ᠲᠦᠷᠦᠯ ᠵᠦᠢᠯ ᠢ ᠬᠡᠷᠡᠭᠵᠢᠭᠦᠯᠬᠦ ᠪᠠᠷ ᠭᠠᠷᠳᠠᠴᠠ  ᠪᠣᠯᠭᠠᠵᠤ᠂ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃ ᠵᠢᠱᠢᠶᠡᠯᠡᠪᠡᠯ᠂ ᠣᠯᠠᠨ ᠨᠡᠶᠢᠲᠡ ᠶᠢᠨ ᠦᠢᠯᠡᠴᠢᠯᠡᠭᠡᠨ ᠤ  ᠬᠠᠩᠭᠠᠯᠭ᠎ᠠ ᠶᠢ ᠴᠢᠩᠭᠠᠳᠬᠠᠬᠤ ᠳᠤ᠂ ᠪᠢᠳᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ  ᠪᠠᠶᠢᠭᠤᠯᠤᠯᠲᠠ ᠶᠢᠨ ᠲᠥᠷᠥᠯ ᠵᠦᠢᠯ ᠢ ᠳᠣᠭᠢᠷᠠᠭᠤᠯᠵᠤ᠂ ᠡᠯ᠎ᠡ ᠭᠠᠵᠠᠷ ᠤᠨ ︽ᠪᠠᠶᠢᠷᠢ ᠲᠣᠭᠲᠠᠭᠠᠯᠲᠠ ᠲᠣᠳᠣᠷᠬᠠᠶ᠂ ᠣᠨᠴᠠᠯᠢᠭ ᠢᠯᠡ ᠲᠣᠳᠣ᠂ ᠦᠢᠯᠡᠴᠢᠯᠡᠭᠡ  ᠲᠤᠰᠬᠠᠶ ᠮᠡᠷᠭᠡᠵᠢᠭᠰᠡᠨ᠂ ᠵᠠᠭᠪᠤᠷ ᠰᠢᠨᠡᠴᠢᠯᠡᠭᠰᠡᠨ᠂ ᠢᠵᠢ ᠪᠦᠷᠢᠳᠦᠭᠰᠡᠨ᠂ ᠴᠢᠳᠠᠮᠵᠢ ᠪᠦᠷᠢᠨ ᠲᠡᠭᠦᠯᠳᠡᠷ︾ ᠪᠠᠶᠢᠬᠤ ᠬᠠᠷᠠᠯᠲᠠ ᠶᠣᠰᠣᠭᠠᠷ ᠬᠥᠮᠦᠨ ᠤ ᠬᠦᠴᠦᠨ ᠤ  ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠲᠠᠰ ᠲᠥᠷᠥᠯ ᠬᠤᠪᠢᠶᠠᠨ ᠪᠥᠲᠥᠭᠡᠨ ᠪᠠᠶᠢᠭᠤᠯᠬᠤ ᠶᠢ ᠳᠡᠮᠵᠢᠬᠦ ᠪᠠᠷ ᠪᠤᠢ᠃ 2022 ᠣᠨ  ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ 1 —  2 ᠪᠠᠶᠢᠭᠤᠯᠤᠨ᠎ᠠ︔ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ  ᠦᠢᠯᠡᠰ ᠤᠨ ᠬᠦᠷᠢᠶᠡᠯᠡᠩ ᠢ 3 — 4 ᠪᠠᠶᠢᠭᠤᠯᠤᠨ᠎ᠠ᠃ ᠪᠣᠳᠠᠲᠠᠶ ᠲᠥᠷᠥᠯ ᠵᠦᠢᠯ ᠤᠨ ᠳᠡᠮᠵᠢᠯᠭᠡ ᠪᠠᠶᠢᠮᠠᠨᠵᠢᠨ᠂ ᠪᠥᠬᠦ ᠣᠷᠣᠨ ᠤ ᠬᠥᠮᠦᠨ ᠤ ᠬᠦᠴᠦᠨ ᠤ ᠡᠬᠢ  ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠰᠠᠶ᠋ᠢ ᠨᠠᠩ ᠰᠠᠶᠢᠨ ᠪᠦᠷᠢᠨᠰᠢᠬᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ  ᠬᠡᠮᠵᠢᠶ᠎ᠡ ᠶᠢ ᠰᠠᠶ᠋ᠢ ᠨᠠᠩ ᠰᠠᠶᠢᠲᠤᠷ ᠨᠠᠶᠢᠳᠠᠪᠤᠷᠢᠵᠢᠭᠤᠯᠵᠤ ᠴᠢᠳᠠᠨ᠎ᠠ᠃       ᠭᠤᠷᠪᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ ᠠᠬᠢᠭᠤᠯᠬᠤ  ᠲᠥᠯᠥᠪᠵᠢᠭᠦᠯᠭᠡ ᠶᠢᠨ ᠭᠤᠣᠯ ᠠᠭᠤᠯᠭ᠎ᠠ       ᠲᠥᠯᠥᠪᠵᠢᠭᠦᠯᠭᠡ ᠶᠢ ᠠᠷᠪᠠᠨ ᠨᠢᠭᠡᠨ ᠬᠡᠰᠡᠭ᠂ 40 ᠵᠦᠢᠯ ᠤᠨ ᠠᠭᠤᠯᠭ᠎ᠠ ᠬᠤᠪᠢᠶᠠᠪᠠ᠃       ᠨᠢᠭᠡ ᠠᠴᠠ ᠬᠤᠶᠠᠳᠤᠭᠠᠷ ᠬᠡᠰᠡᠭ ᠲᠤ ᠡᠭᠦᠨ ᠳᠤ ᠬᠥᠭᠵᠢᠯᠲᠡ ᠶᠢᠨ ᠰᠠᠭᠤᠷᠢ᠂ ᠲᠤᠯᠭᠠᠷᠠᠵᠤ ᠪᠠᠶᠢᠭ᠎ᠠ ᠠᠰᠠᠭᠤᠳᠠᠯ᠂ ᠵᠢᠯᠣᠭᠤᠳᠬᠤ ᠦᠵᠡᠯ ᠰᠠᠨᠠᠭ᠎ᠠ᠂  ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠪᠠᠭᠲᠠᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢᠬᠢ  ᠠᠵᠢᠯ ᠣᠯᠭᠤᠯᠲᠠ ᠶᠢ ᠠᠬᠢᠭᠤᠯᠤᠭᠰᠠᠨ ᠠᠵᠢᠯ ᠤᠨ ᠦᠷ᠎ᠡ ᠪᠦᠲᠦᠮᠵᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ  ᠲᠤᠯᠭᠠᠷᠠᠵᠤ ᠮᠡᠳᠡᠬᠦ ᠠᠵᠠ ᠲᠣᠬᠢᠶᠠᠯ ᠪᠠ ᠥᠷᠢᠰᠥᠯᠳᠦᠭᠡᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ  ᠲᠣᠳᠣᠷᠬᠠᠶᠢᠯᠠᠪᠠ᠃ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢᠨ  ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ  ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ 17 ᠵᠦᠢᠯ ᠤᠨ ᠭᠤᠣᠯ ᠭᠦᠢᠴᠡᠳᠬᠡᠯ ᠲᠤᠭ᠎ᠠ ᠶᠢ ᠲᠣᠳᠣᠷᠬᠠᠶᠢᠯᠠᠪᠠ᠃       ᠭᠤᠷᠪᠠ ᠠᠴᠠ ᠠᠷᠪᠠᠳᠤᠭᠠᠷ ᠬᠡᠰᠡᠭ ᠲᠤ ᠨᠠᠢᠮᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠭᠲᠠᠭᠠᠪᠠ᠂ ᠡᠨᠡ ᠨᠢ ᠪᠠᠰᠠ ᠴᠤ ︽ᠠᠷᠪᠠᠨ ᠳᠥᠷᠪᠡᠳᠦᠭᠡᠷ  ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃       ᠨᠢᠭᠡᠳᠦᠭᠡᠷ ᠵᠦᠢᠯ ᠨᠢ ᠠᠵᠤ ᠠᠬᠤᠶ ᠶᠢᠨ ᠬᠥᠭᠵᠢᠯᠲᠡ ᠪᠠᠷ ᠠᠵᠢᠯ ᠣᠯᠭᠤᠯᠲᠠ ᠶᠢᠨ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠠᠵᠢᠯ ᠣᠯᠭᠤᠯᠲᠠ ᠶᠢ  ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠴᠢᠩᠭᠠᠳᠬᠠᠬᠤ᠂ ᠤᠳᠤ ᠦᠶ᠎ᠡ ᠶᠢᠨ ᠠᠵᠤ ᠦᠢᠯᠡᠰ ᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠬᠦ᠂  ᠦᠢᠯᠡᠴᠢᠯᠡᠭᠡᠨ ᠤ ᠦᠢᠯᠡᠰ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ  ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠳᠡᠮᠵᠢᠬᠦ ᠲᠦᠷᠪᠡᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠤ ᠠᠬᠤᠶ ᠪᠠᠷ ᠠᠵᠢᠯ  ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠢ  ᠳᠡᠭᠡᠭᠰᠢᠯᠡᠭᠦᠯᠬᠦ ᠶᠢᠨ ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠳᠠ ᠪᠠᠯᠭᠠᠰᠤᠨ ᠤ 100  ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠤᠷᠮ᠎ᠠ ᠶᠢ 6%  ᠣᠷᠴᠢᠮ ᠳᠤ ᠬᠢᠵᠠᠭᠠᠷᠯᠠᠬᠤ ᠪᠠᠷ ᠴᠢᠷᠮᠠᠶᠢᠨ᠎ᠠ᠃       ᠬᠤᠶᠠᠳᠤᠭᠠᠷ ᠵᠦᠢᠯ ᠨᠢ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ  ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠲᠤᠪᠤᠶᠢᠯᠭᠠᠬᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ  ᠰᠢᠯᠵᠢᠭᠦᠯᠦᠨ ᠠᠵᠢᠯ ᠣᠯᠭᠤᠬᠤ ᠶᠢ ᠠᠬᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠶᠠᠳᠠᠭᠤ ᠠᠴᠠ  ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠤᠰᠤᠳ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠵᠢᠯ ᠢ  ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠵᠡᠷᠭᠡ ᠲᠠᠪᠤᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠢᠯ ᠣᠯᠭᠤᠯᠲᠠ ᠶᠢᠨ  ᠰᠠᠭᠤᠷᠢ ᠶᠢ ᠪᠠᠲᠤᠳᠬᠠᠵᠤ᠂ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠲᠥᠯᠥᠪᠵᠢᠭᠦᠯᠭᠡ ᠶᠢᠨ ᠬᠤᠭᠤᠴᠠᠭᠠᠨ ᠳᠤ᠂ ᠬᠤᠳᠠ ᠪᠠᠯᠭᠠᠰᠤᠨ ᠤ 25 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ ᠤᠯᠬᠤ ᠳᠤ  ᠬᠦᠴᠢᠷᠲᠡᠶ 25 ᠲᠦᠮᠡᠨ ᠬᠥᠮᠥᠨ ᠳᠤ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 65 ᠲᠦᠮᠡᠨ ᠬᠥᠮᠥᠨ ᠳᠤ ᠠᠵᠢᠯ ᠣᠯᠭᠤᠵᠤ᠂ 1200  ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠰᠢᠯᠵᠢᠭᠦᠯᠦᠨ ᠠᠵᠢᠯ ᠣᠯᠭᠤᠨ᠎ᠠ᠃        ᠭᠤᠷᠪᠠᠳᠤᠭᠠᠷ ᠵᠦᠢᠯ ᠨᠢ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠶᠢ ᠬᠥᠭᠵᠢᠭᠡᠵᠦ ᠠᠵᠢᠯ ᠣᠯᠭᠤᠯᠲᠠ ᠶᠢᠨ ᠠᠮᠢᠵᠢᠷᠠᠯ ᠤᠨ ᠬᠦᠴᠦᠨ ᠢ ᠳᠠᠶᠢᠴᠢᠯᠠᠨ᠎ᠠ ᠃ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠪᠤᠷᠢ ᠶᠢ  ᠳᠡᠭᠡᠭᠰᠢᠯᠡᠭᠦᠯᠬᠦ᠂ ᠡᠯ᠎ᠡ ᠲᠦᠷᠦᠯ ᠤᠨ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠬᠤ ᠳᠤ ᠣᠷᠣᠯᠴᠠᠬᠤ ᠶᠢ ᠳᠡᠮᠵᠢᠬᠦ ᠭᠤᠷᠪᠠᠨ ᠲᠠᠯ᠎ᠠ ᠠᠴᠠ  ᠪᠠᠶᠢᠷᠢᠯᠠᠭᠤᠯᠤᠯᠲᠠ ᠬᠢᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂  ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂  ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢᠨ ᠲᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ︽ᠠᠷᠪᠠᠨ  ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠪᠥᠬᠦ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ  ᠦᠵᠡᠭᠦᠯᠬᠦ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ︶ ᠢ 20 ᠪᠠᠶᠢᠭᠤᠯᠤᠨ᠎ᠠ᠃       ᠳᠥᠷᠪᠡᠳᠦᠭᠡᠷ ᠵᠦᠢᠯ ᠨᠢ ᠤᠯᠠᠨ ᠠᠷᠭ᠎ᠠ ᠵᠠᠮ ᠢᠶᠠᠷ ᠳᠠᠮᠵᠢᠨ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃ ᠬᠠᠨᠳᠤᠰᠢ ᠪᠠᠶᠢᠳᠠᠯ ᠢ ᠲᠠᠭᠠᠨ  ᠲᠣᠬᠢᠷᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠵᠦᠢ ᠵᠣᠬᠢᠰ ᠦᠭᠡᠶ ᠬᠢᠵᠠᠭᠠᠷᠯᠠᠯ ᠢ ᠡᠪᠳᠡᠵᠦ᠂ ᠠᠮᠢᠳᠤᠯᠢᠭ ᠢᠶᠠᠷ ᠠᠵᠢᠯ ᠣᠯᠭᠤᠬᠤ ᠬᠥᠭᠵᠢᠯᠲᠡ ᠶᠢᠨ ᠠᠷᠭ᠎ᠠ  ᠵᠠᠮ ᠢ ᠥᠷᠭᠡᠳᠬᠡᠬᠦ ᠲᠠᠢ ᠤᠶᠠᠯᠳᠤᠭᠤᠯᠤᠨ᠂ ᠬᠤᠪᠢ ᠶᠢᠨ ᠡᠵᠡᠩᠨᠡᠯᠲᠡ ᠶᠢᠨ ᠬᠥᠭᠵᠢᠯᠲᠡ ᠶᠢ ᠵᠣᠷᠢᠭᠵᠢᠭᠤᠯᠬᠤ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯ  ᠣᠯᠭᠤᠯᠲᠠ ᠶᠢᠨ ᠲᠣᠬᠢᠶᠠᠯ ᠢ ᠨᠡᠮᠡᠭᠳᠡᠭᠦᠯᠬᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠬᠦ ᠭᠤᠷᠪᠠᠨ ᠲᠠᠯ᠎ᠠ ᠪᠠᠷ  ᠪᠠᠶᠢᠷᠢᠯᠠᠭᠤᠯᠤᠯᠲᠠ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠠᠵᠢᠯ ᠣᠯᠭᠤᠯᠲᠠ ᠶᠢᠨ ᠬᠡᠯᠪᠡᠷᠢ  ᠪᠠᠶᠢᠳᠠᠯ ᠤᠨ ᠳᠣᠣᠷᠠᠬᠢ ᠠᠮᠢᠳᠤᠯᠢᠭ ᠢᠶᠠᠷ ᠠᠵᠢᠯ ᠣᠯᠭᠤᠬᠤ ᠪᠠᠲᠤᠯᠠᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠠᠵᠤ ᠠᠬᠤᠶ᠂ ᠰᠢᠨ᠎ᠡ  ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠣᠣᠷᠠᠬᠢ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ᠃       ᠲᠠᠪᠤᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠲᠣᠬᠢᠷᠠᠯᠴᠠᠬᠤ ᠦᠭᠡᠶ᠂  ᠤᠷ᠎ᠠ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠤᠨ  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ  ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ  ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ  ᠲᠦᠪᠰᠢᠨ ᠢ ᠳᠡᠭᠡᠭᠰᠢᠯᠡᠭᠦᠯᠬᠦ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ᠂ ᠤᠷ᠎ᠠ  ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠦᠷᠪᠡᠨ ᠲᠠᠯ᠎ᠠ ᠠᠴᠠ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ  ᠭᠠᠷᠭᠠᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠷᠠᠯᠲᠠ ᠪᠣᠯ ᠨᠥᠬᠦᠪᠥᠷᠢ ᠶᠢᠨ ᠴᠢᠨᠠᠷᠲᠠᠶ ᠠᠵᠢᠯ  ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 125 ᠲᠦᠮᠡᠨ ᠬᠥᠮᠦᠨ ᠤᠳᠠᠭ᠎ᠠ ᠥᠷᠨᠢᠭᠦᠯᠦᠨ᠎ᠡ︔ ᠳᠡᠭᠡᠳᠦ ᠮᠡᠷᠭᠡᠵᠢᠯ ᠤᠨ ᠴᠢᠳᠠᠪᠤᠷᠢᠲᠠᠨ ᠢ 14 ᠲᠦᠮᠡ  ᠬᠥᠮᠦᠵᠢᠭᠦᠯᠵᠦ᠂ ᠪᠥᠬᠦ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠲᠤᠭ᠎ᠠ ᠶᠢ 88 ᠲᠦᠮᠡᠨ ᠬᠥᠮᠦᠨ ᠳᠤ ᠬᠦᠷᠭᠡᠨ᠎ᠡ᠃       ᠵᠢᠷᠭᠤᠳᠤᠭᠠᠷ ᠵᠦᠢᠯ ᠨᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ  ᠣᠷᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠶᠢᠨ ᠲᠣᠭᠤᠷᠢᠨ ᠳᠤ ᠠᠰᠠᠭᠤᠳᠠᠯ ᠢᠶᠠᠷ ᠤᠳᠤᠷᠢᠳᠤᠮᠵᠢ  ᠪᠣᠯᠭᠠᠬᠤ ᠶᠢ ᠪᠠᠷᠢᠮᠲᠠᠯᠠᠵᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ  ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ ᠨᠡᠶᠢᠲᠡ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ  ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠠᠵᠢᠯ  ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠦᠷᠪᠡᠨ ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠪᠦᠬᠦ ᠶᠠᠪᠤᠴᠠ ᠶᠢ ᠬᠤᠯᠪᠣᠭᠰᠠᠨ᠂  ᠪᠦᠬᠦ ᠣᠷᠣᠨ ᠪᠦᠰᠡ ᠶᠢ ᠨᠥᠯᠥᠭᠡᠯᠡᠭᠰᠡᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠶᠢᠨ ᠴᠢᠨᠠᠷᠲᠠᠢ ᠤᠯᠠᠨ ᠨᠡᠶᠢᠲᠡ ᠶᠢᠨ ᠠᠵᠢᠯ  ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠬᠥᠳᠡᠯᠮᠦᠷᠢᠴᠢᠳ ᠤᠨ ᠵᠠᠬ᠎ᠠ ᠳᠡᠯᠭᠡᠭᠦᠷ ᠤᠨ ᠬᠠᠩᠭᠠᠯᠭ᠎ᠠ  ᠬᠡᠷᠡᠭᠴᠡᠭᠡ ᠶᠢ ᠵᠣᠬᠢᠴᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃       ᠳᠣᠯᠣᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠠᠮ ᠤᠨ ᠠᠷᠪᠠ ᠶᠢᠰᠦᠳᠦᠭᠡᠷ ᠶᠡᠭᠡ  ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠨᠡᠩ ᠭᠦᠢᠴᠡᠳ ᠠᠬᠢᠭᠤᠯᠤᠭᠰᠠᠨ ᠰᠠᠭᠤᠷᠢᠨ  ᠳᠡᠭᠡᠷ᠎ᠡ᠂ ᠬᠥᠳᠡᠯᠮᠦᠷᠢᠴᠢᠳ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠬᠦ᠂  ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ  ᠬᠥᠳᠡᠯᠮᠦᠷᠢᠴᠢᠳ ᠤᠨ ᠠᠵᠢᠯ ᠤᠯᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ ᠪᠠ ᠪᠠᠲᠤᠯᠠᠭ᠎ᠠ ᠶᠢ  ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠤᠨ ᠪᠠᠶᠢᠷᠢ ᠶᠢᠨ ᠬᠠᠷᠠᠭᠠᠯᠵᠠᠯ ᠢ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠢᠯ ᠤᠯᠬᠤ ᠬᠦᠷᠲᠡᠮᠵᠢ ᠶᠢᠨ  ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠴᠢᠨᠠᠷᠯᠢᠭ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠶᠤᠮ᠃ ︽ᠠᠷᠪᠠᠨ  ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠠᠵᠢᠯᠳᠠᠨ ᠤ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ 5% ᠣᠷᠴᠢᠮ  ᠨᠡᠮᠡᠭᠳᠡᠭᠦᠯᠬᠦ ᠪᠠᠷ ᠴᠢᠷᠮᠠᠶᠢᠵᠤ᠂ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃       ᠨᠠᠢᠮᠠᠳᠤᠭᠠᠷ ᠵᠦᠢᠯ ᠨᠢ ᠠᠵᠢᠯ ᠣᠯᠭᠤᠯᠲᠠ ᠪᠠ ᠠᠵᠢᠯ ᠠᠯᠳᠠᠯᠲᠠ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠨᠠᠮᠳᠠᠭᠠᠨ᠎ᠠ᠃ ᠤᠷᠢᠳᠴᠢᠯᠠᠨ  ᠪᠡᠯᠡᠳᠬᠡᠬᠦ ᠶᠢ ᠪᠠᠷᠢᠮᠲᠠᠯᠠᠵᠤ᠂ ᠠᠵᠢᠯ ᠣᠯᠭᠤᠯᠲᠠ ᠭᠡᠬᠦ ᠡᠨᠡ ᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ  ᠪᠠᠶᠢᠳᠠᠯ ᠢ ᠵᠠᠳᠠᠯᠤᠨ ᠰᠤᠳᠤᠯᠬᠤ ᠪᠠ ᠮᠠᠭᠠᠳᠯᠠᠬᠤ ᠲᠣᠭᠲᠠᠴᠠ ᠶᠢ ᠪᠦᠷᠢᠨᠰᠢᠬᠦᠯᠬᠦ᠂ ᠠᠵᠢᠯ ᠣᠯᠭᠤᠯᠲᠠ ᠪᠠ ᠠᠵᠢᠯ ᠠᠯᠳᠠᠯᠲᠠ ᠶᠢ ᠬᠢᠨᠠᠨ ᠰᠢᠨᠵᠢᠯᠡᠵᠦ ᠤᠷᠢᠳᠴᠢᠯᠠᠨ  ᠰᠡᠷᠡᠮᠵᠢᠯᠡᠭᠦᠯᠬᠦ ᠶᠢ ᠴᠢᠩᠭᠠᠳᠬᠠᠬᠤ᠂ ᠠᠵᠢᠯ ᠠᠯᠳᠠᠯᠲᠠ ᠶᠢᠨ ᠲᠦᠭᠰᠢᠭᠦᠷᠢ ᠶᠢ ᠠᠷᠭᠠᠴᠠᠭᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ  ᠪᠠᠶᠢᠷᠢᠯᠠᠭᠤᠯᠤᠯᠲᠠ ᠬᠢᠵᠦ᠂ ᠬᠡᠪᠴᠢᠶᠡᠵᠢᠭᠰᠡᠨ ᠴᠢᠨᠠᠷᠲᠠᠶ ᠠᠵᠢᠯ ᠠᠯᠳᠠᠯᠲᠠ ᠶᠢᠨ ᠲᠦᠭᠰᠢᠭᠦᠷᠢ ᠡᠭᠦᠰᠬᠦ ᠦᠭᠡᠢ ᠬᠢᠵᠠᠭᠠᠷ ᠱᠤᠭᠤᠮ ᠢ ᠡᠷᠡᠰ ᠰᠠᠬᠢᠨ᠎ᠠ᠃       ᠠᠷᠪᠠᠨ ᠨᠢᠭᠡᠳᠦᠭᠡᠷ ᠬᠡᠰᠡᠭ ᠲᠤ ᠭᠤᠣᠯᠳᠠᠭᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠲᠥᠯᠥᠪᠵᠢᠭᠦᠯᠭᠡ ᠶᠢᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ  ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠴᠢᠩᠭᠠᠳᠬᠠᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ  ᠵᠡᠷᠭᠡ ᠵᠢᠷᠭᠤᠭᠠᠨ ᠲᠠᠯ᠎ᠠ ᠠᠴᠠ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ ᠳᠤ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ