ᠨᠢᠭᠡ᠂ ᠲᠣᠭᠲᠠᠭᠠᠭᠰᠠᠨ ᠠᠬᠤᠶ ᠪᠠᠶᠢᠳᠠᠯ | ᠰᠢᠨ᠎ᠡ ᠳᠤᠮᠳᠠᠳᠤ ᠤᠯᠤᠰ ᠤᠨ ᠴᠠᠭ ᠠᠭᠤᠷ ᠤᠨ ᠦᠶᠯᠡᠰ ᠤᠨ 70 ᠵᠢᠯ ᠤᠨ ᠣᠶ ᠶᠢᠨ ᠲᠠᠰᠢᠷᠠᠮ ᠳᠤ ᠶᠡᠷᠦᠩᠬᠡᠢ ᠱᠦᠵᠢ ᠰᠢ ᠶᠢᠨ ᠫᠢᠩ ᠴᠠᠭ | ᠠᠭᠤᠷ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠴᠠᠭ ᠠᠭᠤᠷ ᠤᠨ ᠠᠵᠢᠯ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠪᠠᠶᠠᠨ | ᠴᠢᠨᠡᠭᠡᠯᠢᠭ ᠠᠮᠢᠳᠤᠷᠠᠯ᠂ ᠰᠠᠶᠢᠨ ᠰᠠᠶᠢᠬᠠᠨ ᠠᠮᠢ ᠠᠬᠤᠶ ᠲᠠᠢ ᠬᠤᠯᠪᠤᠭᠳᠠᠳᠠᠭ ᠪᠣᠯᠬᠤᠷ ᠴᠠᠭ ᠠᠭᠤᠷ ᠤᠨ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ | ᠴᠢᠬᠤᠯᠠ᠂ ᠬᠠᠷᠢᠭᠤᠴᠠᠯᠭ᠎ᠠ ᠠᠰᠤᠷᠤ ᠬᠦᠨᠳᠦ ᠪᠠᠶᠢᠳᠠᠭ ᠢ ᠵᠢᠭᠠᠨ ᠭᠠᠷᠭᠠᠵᠤ᠂ ᠥᠷᠭᠡᠨ ᠣᠯᠠᠨ ᠴᠠᠭ ᠠᠭᠤᠷ ᠤᠨ ᠠᠵᠢᠯᠲᠠᠳ ᠢ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠲᠦᠷᠭᠡᠳᠬᠡᠵᠦ᠂ ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ | ᠤᠷᠢᠳᠴᠢᠯᠠᠨ ᠮᠡᠳᠡᠭᠡᠯᠡᠬᠦ᠂ ᠨᠠᠷᠢᠯᠢᠭ ᠬᠢᠨᠠᠮᠠᠭᠠᠢ ᠦᠢᠯᠡᠴᠢᠯᠡᠬᠦ ᠶᠢ ᠪᠡᠶᠡᠯᠡᠭᠦᠯᠵᠦ᠂ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠵᠤ᠂ | ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤᠮᠳᠠᠳᠤ ᠤᠯᠤᠰ ᠤᠨ ᠬᠦᠰᠡᠯᠡᠩ ᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠬᠡᠮᠡᠨ ᠱᠠᠭᠠᠷᠳᠠᠵᠠᠢ᠃ | ᠶᠡᠷᠦᠩᠬᠡᠢ ᠰᠠᠶᠢᠳ ᠯᠢ ᠺᠧ ᠴᠢᠶᠠᠩ ᠴᠠᠭ ᠠᠭᠤᠷ ᠤᠨ ᠠᠵᠢᠯ ᠳᠤ ᠴᠣᠬᠤᠯᠠᠪᠤᠷᠢ ᠥᠭᠴᠦ᠂ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠰᠢᠨ᠎ᠡ ᠳᠤᠮᠳᠠᠳᠤ | ᠤᠯᠤᠰ ᠤᠨ ᠴᠠᠭ ᠠᠭᠤᠷ ᠤᠨ ᠦᠢᠯᠡᠰ ᠤᠨ 70 ᠵᠢᠯ ᠤᠨ ᠤᠢ ᠶᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠡᠯ᠎ᠡ ᠵᠦᠶᠯ ᠤᠨ ᠠᠵᠢᠯ ᠦᠶᠯᠡᠰ | ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠷᠢᠳ ᠬᠤᠵᠢᠳ 2 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠠᠵᠢᠯ | ᠵᠢᠯᠤᠭᠤᠳᠴᠤ᠂ 4 ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠭᠠᠳ ᠥᠪᠥᠷ ᠮᠣᠩᠭᠤᠯ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠣᠳᠣᠷᠬᠠᠶ ᠵᠢᠭᠠᠨ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ︽ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠢ ᠪᠥᠲᠥᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠭᠦᠯᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ | ᠴᠢᠬᠤᠯᠠᠴᠢᠯᠠᠭᠰᠠᠨ ᠪᠠᠶᠢᠯ᠎ᠠ᠃ | ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠮᠠᠨ ᠤ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠨᠳᠦᠰᠦᠨ | ᠵᠢᠷᠤᠮᠯᠠᠯ ᠬᠠᠩᠭᠠᠵᠤ᠂ ᠤᠯᠤᠰ ᠲᠤ ᠦᠶᠯᠡᠴᠢᠯᠡᠬᠦ᠂ ᠠᠷᠠᠳ ᠲᠦᠮᠡᠨ ᠳᠤ ᠦᠶᠯᠡᠴᠢᠯᠡᠬᠦ ᠦᠨᠳᠦᠰᠦᠨ ᠴᠢᠭᠯᠡᠯ ᠢ ᠲᠣᠳᠤᠷᠬᠠᠶᠢᠯᠠᠭᠰᠠᠨ ᠪᠠᠶᠢᠨ᠎ᠠ᠃ ᠦᠨᠡᠯᠡᠨ ᠵᠢᠱᠢᠬᠦ | ᠪᠠᠷ ᠳᠠᠮᠵᠢᠭᠠᠳ᠂ 2020 ᠣᠨ ᠪᠣᠯᠬᠤ ᠳᠤ᠂ ᠮᠠᠨ ᠤ ᠣᠷᠣᠨ ᠬᠠᠩᠭᠠᠯᠭ᠎ᠠ ᠬᠡᠷᠡᠭᠴᠡᠭᠡ ᠳᠤ ᠳᠣᠭᠢᠷᠬᠠᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ ᠤ | ᠴᠢᠳᠠᠮᠵᠢ ᠪᠠ ᠬᠦᠴᠦᠲᠡᠢ ᠪᠠᠲᠤᠯᠠᠭ᠎ᠠ ᠲᠠᠢ ᠥᠪᠥᠷ ᠮᠣᠩᠭᠤᠯ ᠤᠨ ᠣᠨᠴᠠᠯᠢᠭ ᠪᠦᠬᠦᠢ ᠴᠠᠭ ᠠᠭᠤᠷ ᠤᠨ ᠣᠳᠣᠬᠢᠴᠢᠯᠠᠯᠲᠠ ᠶᠢᠨ ᠲᠣᠭᠲᠠᠯᠴᠠᠭ᠎ᠠ ᠶᠢ | ᠦᠨᠳᠦᠰᠦᠨ ᠳᠤ ᠪᠠᠨ ᠪᠠᠶᠢᠭᠤᠯᠵᠤ᠂ ᠴᠠᠭ ᠠᠭᠤᠷ ᠤᠨ ᠣᠳᠣᠬᠢᠴᠢᠯᠠᠯᠲᠠ ᠶᠢᠨ ᠪᠦᠬᠦᠯᠢ ᠴᠣᠭᠴᠠ ᠶᠢᠨ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠦᠨ᠂ ᠬᠡᠰᠡᠭ | ᠬᠦᠷᠢᠶ᠎ᠡ ᠴᠠᠷᠠᠭ᠎ᠠ ᠶᠢ ᠮᠤᠵᠢ ᠶᠢᠨ ᠱᠠᠲᠤᠨ ᠤ ᠲᠡᠷᠢᠭᠦᠨ ᠤ ᠬᠢᠷᠢ ᠲᠥᠪᠰᠢᠨ ᠳᠤ ᠬᠦᠷᠦᠭᠦᠯᠪᠡ᠃ ᠭᠡᠪᠡᠴᠦ ᠬᠥᠭᠵᠢᠭᠰᠡᠨ ᠮᠤᠵᠢ ᠣᠷᠣᠨ ᠲᠠᠢ ᠬᠠᠷᠢᠴᠠᠭᠤᠯᠪᠠᠯ᠂ | ᠮᠠᠨ ᠤ ᠣᠷᠣᠨ ᠤ ᠴᠠᠭ ᠠᠭᠤᠷ ᠤᠨ ᠦᠶᠯᠡᠰ ᠲᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠬᠢᠬᠦ ᠲᠣᠭᠲᠠᠯᠴᠠᠭ᠎ᠠ ᠦᠢᠯᠡᠳᠦᠯ ᠨᠢ ᠳᠣᠣᠷ᠎ᠠ᠂ | ᠴᠠᠭ ᠠᠭᠤᠷ ᠢ ᠠᠵᠢᠭᠯᠠᠨ ᠰᠢᠨᠵᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠴᠢᠩᠭᠠᠳᠬᠠᠵᠤ᠂ ᠤᠷᠢᠳᠴᠢᠯᠠᠨ ᠮᠡᠳᠡᠭᠡᠯᠡᠵᠦ ᠲᠥᠰᠦᠭᠡᠯᠡᠬᠦ ᠶᠢ ᠨᠠᠷᠢᠯᠢᠬᠵᠢᠭᠤᠯᠬᠤ ᠬᠢᠷᠢ | ᠲᠥᠪᠰᠢᠨ ᠢ ᠳᠡᠭᠡᠭᠰᠢᠯᠡᠭᠦᠯᠬᠦ ᠴᠢᠬᠤᠯᠠᠲᠠᠶ᠂ ᠴᠠᠭ ᠠᠭᠤᠷ ᠤᠨ ᠦᠶᠯᠡᠴᠢᠯᠡᠭᠡᠨ ᠤ ᠬᠠᠩᠭᠠᠯᠭ᠎ᠠ ᠶᠢᠨ ᠪᠦᠲᠦᠴᠡ ᠲᠡᠩᠴᠡᠭᠦᠷᠢ ᠦᠭᠡᠢ ᠵᠡᠷᠭᠡ ᠠᠰᠠᠭᠤᠳᠠᠯ ᠤᠳ | ᠣᠷᠣᠰᠢᠵᠤ ᠪᠤᠢ᠃ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠶ ᠰᠠᠶᠢᠳ ᠯᠢ ᠺᠧ ᠴᠢᠶᠠᠩ ᠤᠨ ᠴᠣᠬᠤᠯᠠᠪᠤᠷᠢ ᠪᠠ ᠳᠡᠳ᠋ ᠶᠡᠷᠦᠩᠬᠡᠶ ᠰᠠᠶᠢᠳ ᠬᠤ᠋ | ᠴᠦᠨ ᠬᠤᠸᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠴᠠᠭ ᠠᠭᠤᠷ ᠤᠨ ᠦᠶᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ | ᠴᠢᠨᠠᠷᠲᠠᠶ ᠰᠠᠨᠠᠯ ᠢ ᠨᠡᠶᠢᠲᠡᠯᠡᠨ᠂ ᠰᠢᠨ᠎ᠡ ᠴᠠᠭ ᠤᠨ ᠪᠠᠶᠢᠳᠠᠯ ᠳᠠᠬᠢ ᠪᠥᠬᠦ ᠣᠷᠣᠨ ᠤ ᠴᠠᠭ ᠠᠭᠤᠷ ᠤᠨ ᠦᠶᠯᠡᠰ ᠤᠨ ᠬᠥᠭᠵᠢᠯᠲᠡ ᠶᠢᠨ ᠭᠤᠤᠯ ᠰᠡᠳᠬᠢᠮᠵᠢ᠂ | ᠭᠤᠤᠯᠳᠠᠯᠭ᠎ᠠ ᠲᠠᠢ ᠡᠭᠦᠷᠭᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠴᠢᠬᠤᠯᠠᠲᠠᠶ᠃ | ᠬᠤᠶᠠᠷ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠳᠤ ᠲᠤᠭᠤᠰᠢᠯᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ | ᠲᠤᠬᠠᠢ ᠴᠢᠬᠤᠯᠠ ᠵᠢᠭᠠᠪᠤᠷᠢ ᠵᠢᠴᠢ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ ᠪᠠ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ︽ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ | ᠤᠷᠢᠳᠴᠢᠯᠠᠨ ᠮᠡᠳᠡᠭᠡᠯᠡᠬᠦ᠂ ᠨᠠᠷᠢᠯᠢᠭ ᠬᠢᠨᠠᠮᠠᠭᠠᠢ ᠦᠢᠯᠡᠴᠢᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠶᠯᠡᠳᠦᠯ ᠢ ᠭᠦᠶᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ | ᠬᠥᠭᠵᠢᠯᠲᠡ᠂ ᠠᠮᠢᠳᠤᠷᠠᠯ ᠤᠨ ᠪᠠᠶᠠᠨ ᠴᠢᠨᠡᠭᠡᠯᠢᠭ᠂ ᠠᠮᠢ ᠠᠬᠤᠶ ᠶᠢᠨ ᠰᠠᠶᠢᠨ ᠰᠠᠶᠢᠬᠠᠨ ᠪᠠᠶᠢᠬᠤ ᠶᠢ ᠦᠨᠡᠨ ᠬᠦ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠭᠦᠯᠬᠦ ᠳᠤ ᠪᠠᠲᠤ ᠪᠠᠬᠢ ᠠᠭᠤᠷ ᠠᠮᠢᠰᠬᠤᠯ ᠤᠨ | ᠪᠠᠲᠤᠯᠠᠭ᠎ᠠ ᠬᠠᠩᠭᠠᠨ᠎ᠠ᠃ | ᠭᠤᠷᠪᠠ᠂ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠬᠠᠩᠭᠠᠯᠭ᠎ᠠ ᠬᠡᠷᠡᠭᠴᠡᠭᠡ ᠳᠤ ᠲᠣᠬᠢᠷᠠᠭᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ ᠤ ᠴᠢᠳᠠᠮᠵᠢ ᠪᠠ ᠬᠦᠴᠦᠲᠡᠶ | ᠪᠠᠲᠤᠯᠠᠭ᠎ᠠ ᠲᠠᠢ ᠣᠲᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ᠂ ᠦᠶᠯᠡᠴᠢᠯᠡᠭᠡ᠂ ᠲᠤᠬᠠᠶᠢᠯᠠᠭᠰᠠᠨ ᠠᠵᠢᠯ ᠪᠠ | ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ ᠴᠠᠭ ᠠᠭᠤᠷ | ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠶᠢ ᠪᠥᠬᠦ ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠵᠦ᠂ | ᠴᠠᠭ ᠠᠭᠤᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 ᠣᠨ ᠪᠣᠯᠬᠤ ᠳᠤ᠂ | ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠣᠨᠴᠠᠯᠢᠭ ᠢᠯᠡ ᠲᠣᠳᠣ᠂ ᠮᠡᠷᠭᠡᠵᠢᠯ ᠲᠡᠷᠢᠭᠦᠨ ᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ | ᠣᠳᠣᠬᠢᠴᠢᠯᠠᠭᠰᠠᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠭᠤᠬᠤ ᠦᠷ᠎ᠡ | ᠪᠦᠲᠦᠮᠵᠢ ᠶᠢ ᠨᠠᠩ ᠢᠯᠡᠷᠬᠡᠶ ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠤᠯᠤᠰ ᠤᠨ ᠲᠡᠷᠢᠭᠦᠨ ᠤ ᠲᠦᠪᠰᠢᠨ ᠳᠤ ᠬᠦᠷᠭᠡᠨ ᠴᠠᠭ ᠠᠭᠤᠷ ᠤᠨ | ᠲᠣᠮᠣ ᠣᠷᠣᠨ ᠠᠴᠠ ᠴᠠᠭ ᠠᠭᠤᠷ ᠤᠨ ᠬᠦᠴᠦᠷᠬᠡᠭ ᠣᠷᠣᠨ ᠲᠠᠶᠢᠰᠢ ᠳᠡᠪᠰᠢᠯᠲᠡ ᠲᠠᠢ ᠪᠣᠯᠭᠠᠨ᠎ᠠ᠃ | ᠳᠥᠷᠪᠡ᠂ ᠭᠤᠣᠯ ᠡᠭᠦᠷᠭᠡ | ︽ᠰᠠᠨᠠᠯ︾ ᠳᠤ ᠲᠤᠯᠤᠭᠠᠨ ᠲᠠᠯ᠎ᠠ ᠶᠢᠨ ᠭᠤᠤᠯ ᠡᠭᠦᠷᠭᠡ ᠶᠢ ᠳᠤᠷᠠᠳᠤᠨ ᠭᠠᠷᠭᠠᠪᠠ᠄ ᠨᠢᠭᠡ᠂ ᠴᠠᠭ ᠠᠭᠤᠷ ᠤᠨ ᠭᠠᠮᠰᠢᠭ ᠠᠴᠠ ᠰᠡᠷᠭᠡᠶᠢᠯᠡᠬᠦ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ | ᠱᠤᠭᠤᠮ ᠤᠨ ᠦᠶᠯᠡᠳᠦᠯ ᠢ ᠭᠦᠶᠴᠡᠳ ᠪᠠᠳᠠᠷᠠᠭᠤᠯᠤᠨ᠎ᠠ︔ ᠬᠤᠶᠠᠷ᠂ ᠠᠮᠢ ᠠᠬᠤᠢ ᠶᠢᠨ ᠪᠣᠯᠪᠠᠰᠤᠨ ᠳᠠᠬᠢ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠬᠦ ᠴᠠᠭ ᠠᠭᠤᠷ ᠤᠨ ᠪᠠᠲᠤᠯᠠᠭ᠎ᠠ ᠶᠢᠨ ᠦᠢᠯᠡᠳᠦᠯ ᠢ ᠨᠢ | ᠪᠠᠳᠠᠷᠠᠭᠤᠯᠤᠨ᠎ᠠ︔ ᠭᠤᠷᠪᠠ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠳᠠᠬᠢ ᠴᠠᠭ ᠠᠭᠤᠷ ᠤᠨ ᠦᠶᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠶᠯᠡᠳᠪᠦᠷᠢᠯᠡᠯ ᠤᠨ ᠰᠠᠭᠤᠷᠢᠨ ᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ︔ ᠳᠥᠷᠪᠡ᠂ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠠᠵᠢᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠬᠢᠷᠠᠯ ᠠᠴᠠ ᠵᠠᠶᠢᠯᠠᠭᠤᠯᠬᠤ ᠦᠶᠯᠡᠴᠢᠯᠡᠭᠡᠨ ᠤ ᠪᠠᠲᠤᠯᠠᠭ᠎ᠠ ᠶᠢᠨ ᠦᠷ᠎ᠡ | ᠠᠰᠢᠭ ᠢ ᠪᠠᠳᠠᠷᠠᠭᠤᠯᠤᠨ᠎ᠠ︔ ᠲᠠᠪᠤ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ︔ ᠵᠢᠷᠭᠤᠭ᠎ᠠ᠂ ᠴᠠᠭ ᠠᠭᠤᠷ ᠤᠨ | ᠰᠢᠨᠵᠢᠯᠡᠬᠦ ᠤᠬᠠᠭᠠᠨ ᠮᠡᠷᠭᠡᠵᠢᠯ ᠳᠤ ᠰᠢᠨᠡᠴᠢᠯᠡᠯᠲᠡ ᠬᠢᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ | ᠶᠢᠨ ᠰᠠᠭᠤᠷᠢ ᠶᠢ ᠪᠠᠬᠢᠵᠢᠭᠦᠯᠦᠨ᠎ᠡ︔ ᠳᠣᠯᠤᠭ᠎ᠠ᠂ ᠣᠳᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠪᠠ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠥᠪᠰᠢᠨ ᠢ | ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠴᠠᠯᠳᠤᠨ ᠬᠠᠮᠵᠢᠯᠴᠠᠬᠤ ᠪᠠᠨ | ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠬᠤ ᠳᠣᠪᠣᠶᠢᠮ᠎ᠠ | ᠠᠰᠠᠭᠤᠳᠠᠯ ᠤᠳ ᠢ ᠴᠠᠭ ᠲᠤᠬᠠᠶ ᠳᠤ ᠨᠢ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ᠂ ᠬᠠᠤᠯᠢᠵᠢᠯ ᠤᠨ ᠪᠠᠲᠤᠯᠠᠭ᠎ᠠ᠂ ᠴᠢᠳᠠᠪᠤᠷᠢᠲᠠᠨ ᠤ ᠪᠠᠲᠤᠯᠠᠭ᠎ᠠ ᠪᠠ ᠰᠢᠯᠭᠠᠨ ᠬᠢᠨᠠᠵᠤ ᠦᠨᠡᠯᠡᠬᠦ ᠶᠢ ᠴᠢᠩᠭᠠᠳᠬᠠᠨ ᠪᠥᠬᠦ ᠣᠷᠣᠨ ᠤ ᠴᠠᠭ | ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | | |