ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ | ᠳᠠᠯᠠᠨ ᠨᠠᠢᠮᠠᠳᠤᠭᠠᠷ ᠲᠣᠭᠠᠲᠤ | 2022 ᠣᠨ ᠤ 3 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠳᠥᠷᠪᠡᠳᠦᠭᠡᠷ ᠬᠤᠷᠠᠯᠳᠤᠭᠠᠨ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠤᠨ ᠪᠠᠲᠤᠯᠠᠭᠰᠠᠨ ᠪᠠ ᠨᠡᠶᠢᠲᠡᠯᠡᠪᠡ᠃᠂ 2022 | ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | 2022 ᠣᠨ ᠤ 4 ᠳ᠋ᠤᠭᠡᠷ ᠰᠠᠷ᠎ᠠ ᠶᠢᠨ 2 ᠤᠨ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ | | ︵2007 ᠣᠨ ᠤ 9 ᠳ᠋ᠤᠭᠡᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠠᠴᠠ ᠪᠠᠲᠤᠯᠠᠪᠠ᠃ 2022 ᠣᠨ ᠤ 3 | ᠳ᠋ᠤᠭᠠᠷ ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠳᠥᠷᠪᠡᠳᠦᠭᠡᠷ ᠬᠤᠷᠠᠯᠳᠤᠭᠠᠨ ᠠᠴᠠ ᠵᠠᠰᠠᠪᠦᠷᠢ ᠤᠷᠤᠭᠤᠯᠤᠨ ᠪᠠᠳᠤᠯᠠᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢᠲᠠᠮᠠᠬᠠᠢ ᠬᠡᠢ ᠶᠢᠨ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠤᠯᠠᠨ ᠨᠡᠶᠢᠳᠡ ᠶᠢᠨ ᠠᠮᠤᠷ ᠲᠦᠪᠰᠢᠨ ᠪᠠ ᠠᠷᠠᠳ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠰᠢᠲᠠᠮᠠᠬᠠᠢ ᠬᠡᠢ ᠶᠢᠨ ᠬᠡᠷᠡᠭᠯᠡᠭᠴᠢ ᠪᠠ ᠰᠢᠲᠠᠮᠠᠬᠠᠢ ᠬᠡᠢ ᠡᠵᠡᠩᠨᠡᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠂ ᠰᠢᠲᠠᠮᠠᠬᠠᠢ ᠬᠡᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶᠠᠨ ᠤ | ︽ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠳᠦᠷᠢᠮ︾ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠲᠠᠮᠠᠬᠠᠢ ᠬᠡᠢ ᠶᠢᠨ ᠲᠥᠯᠦᠪᠵᠢᠭᠦᠯᠭᠡ ᠶᠢᠨ | ᠪᠦᠲᠦᠭᠡᠨ ᠪᠠᠶᠢᠭᠤᠯᠤᠯᠲᠠ᠂ ᠡᠵᠡᠩᠨᠡᠯᠲᠡ ᠦᠢᠯᠡᠴᠢᠯᠡᠭᠡ᠂ ᠬᠡᠷᠡᠭᠯᠡᠯᠲᠡ ᠬᠠᠮᠢᠶᠠᠷᠤᠯᠲᠠ᠂ ᠠᠮᠤᠷ ᠲᠦᠪᠰᠢᠨ ᠤ ᠪᠠᠲᠤᠯᠠᠭ᠎ᠠ ᠵᠢᠴᠢ ᠬᠠᠮᠢᠶ᠎ᠠ ᠪᠦᠬᠦᠢ ᠬᠢᠨᠠᠯᠲᠠ | ᠬᠠᠮᠢᠶᠠᠷᠤᠯᠲᠠ ᠳᠤ ᠲᠣᠰ ᠳᠦᠷᠢᠮ ᠢ ᠲᠣᠬᠢᠷᠠᠭᠤᠯᠤᠨ ᠬᠡᠷᠡᠭᠯᠡᠨ᠎ᠡ᠃ ᠪᠠᠶᠢᠭᠠᠯᠢ ᠶᠢᠨ ᠰᠢᠲᠠᠮᠠᠬᠠᠢ ᠬᠡᠢ᠂ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢ | ᠦᠢᠯᠡᠳᠪᠦᠷᠢᠯᠡᠬᠦ ᠪᠠ ᠭᠠᠳᠠᠭᠠᠳᠤ ᠠᠴᠠ ᠣᠷᠣᠭᠤᠯᠬᠤ᠂ ᠬᠤᠳᠠ ᠶᠢᠨ ᠦᠷᠳᠡᠭᠡ ᠠᠴᠠ ᠭᠠᠳᠠᠨᠠᠬᠢ ᠪᠠᠶᠢᠭᠠᠯᠢ ᠶᠢᠨ ᠰᠢᠲᠠᠮᠠᠬᠠᠢ ᠬᠡᠢ ᠶᠢ ᠬᠤᠭᠤᠯᠠᠢ ᠪᠠᠷ | ᠳᠠᠮᠵᠢᠭᠤᠯᠬᠤ᠂ ᠰᠢᠲᠠᠮᠠᠬᠠᠢ ᠬᠡᠢ ᠶᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠪᠣᠯᠭᠠᠨ ᠬᠡᠷᠡᠭᠯᠡᠬᠦ᠂ ᠨᠠᠮᠤᠭ ᠤᠨ ᠬᠡᠢ᠂ ᠡᠰᠢ | ᠰᠦᠷᠡᠯ ᠤᠨ ᠬᠡᠢ ᠶᠢ ᠦᠢᠯᠡᠳᠪᠦᠷᠢᠯᠡᠬᠦ ᠪᠠ ᠬᠡᠷᠡᠭᠯᠡᠬᠦ ᠳᠤ ᠳᠤᠰ ᠳᠦᠷᠢᠮ ᠢ ᠬᠡᠷᠡᠭᠯᠡᠬᠦ ᠦᠭᠡᠢ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ᠂ ᠰᠢᠨᠵᠢᠯᠡᠬᠦ | ᠤᠬᠠᠭᠠᠨᠴᠢ ᠪᠠᠷ ᠬᠥᠭᠵᠢᠭᠦᠯᠬᠦ᠂ ᠠᠶᠦᠯᠭᠦᠢ ᠶᠢ ᠲᠡᠷᠢᠭᠦᠨ ᠳᠤ ᠲᠠᠯᠪᠢᠬᠤ᠂ ᠦᠢᠯᠡᠴᠢᠯᠡᠭᠡ ᠶᠢ ᠵᠢᠷᠤᠮᠵᠢᠭᠤᠯᠬᠤ᠂ ᠬᠠᠩᠭᠠᠯᠭ᠎ᠠ ᠶᠢ ᠪᠠᠲᠤᠯᠠᠬᠤ᠂ ᠡᠨᠧᠷᠭᠢ ᠠᠷᠪᠢᠯᠠᠵᠤ | ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠵᠠᠷᠴᠢᠮ ᠢ ᠵᠢᠷᠤᠮᠯᠠᠨ᠎ᠠ᠃ | ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠢᠲᠠᠮᠠᠬᠠᠢ ᠬᠡᠢ ᠶᠢᠨ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠵᠤ᠂ ᠰᠢᠲᠠᠮᠠᠬᠠᠢ ᠬᠡᠢ ᠶᠢᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ | ᠣᠨ ᠤ ᠲᠥᠯᠥᠪᠯᠡᠭᠡ ᠳᠤ ᠪᠠᠨ ᠣᠷᠣᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠮᠤᠷ ᠲᠦᠪᠰᠢᠨ ᠤ ᠲᠦᠭᠰᠢᠭᠦᠷᠢ ᠶᠢ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠲᠠᠮᠠᠬᠠᠢ ᠬᠡᠢ ᠶᠢᠨ ᠦᠢᠯᠡᠰ ᠤᠨ ᠬᠥᠭᠵᠢᠯᠲᠡ ᠪᠠ | ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠤᠬᠢᠴᠠᠭᠤᠯᠤᠨ᠎ᠠ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ | ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ᠂ ᠴᠠᠭ | ᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠤ ᠵᠠᠰᠠᠭ ᠵᠠᠬᠢᠷᠭᠠᠨ᠂ ᠠᠮᠢ ᠠᠬᠤᠢ ᠣᠷᠴᠢᠨ ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠪᠠᠶᠢᠭᠤᠯᠤᠮᠵᠢ ᠨᠤᠭᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢᠨ ᠠᠵᠢᠯ ᠲᠥᠷᠥᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠬᠢᠨᠠᠯᠲᠠ | ᠬᠠᠮᠢᠶᠠᠷᠤᠯᠲᠠ ᠶᠢᠨ ᠳᠦᠷᠢᠮ ᠪᠠ ᠰᠢᠲᠠᠮᠠᠬᠠᠢ ᠬᠡᠢ ᠶᠢᠨ ᠰᠠᠭᠤᠷᠢ ᠲᠦᠭᠦᠭᠡᠷᠦᠮᠵᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠰᠢᠲᠠᠮᠠᠬᠠᠢ ᠬᠡᠢ ᠶᠢᠨ | ᠡᠵᠡᠩᠨᠡᠭᠴᠢ ᠳᠤ ᠬᠢᠨᠠᠯᠲᠠ ᠪᠠᠶᠢᠴᠠᠭᠠᠯᠲᠠ ᠬᠢᠵᠦ᠂ ᠰᠢᠲᠠᠮᠠᠬᠠᠢ ᠬᠡᠢ ᠶᠢᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠰᠢᠲᠠᠮᠠᠬᠠᠢ ᠬᠡᠢ ᠶᠢᠨ ᠬᠡᠷᠡᠭᠯᠡᠭᠴᠢᠳ ᠲᠤ | ᠦᠢᠯᠡᠴᠢᠯᠡᠬᠦ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠤᠨ᠎ᠠ︔ ᠰᠢᠲᠠᠮᠠᠬᠠᠢ ᠬᠡᠢ ᠶᠢᠨ ᠡᠵᠡᠩᠨᠡᠭᠴᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ | ᠪᠠᠶᠢᠳᠠᠯ ᠳᠤ ᠦᠨᠡᠯᠡᠯᠲᠡ ᠬᠢᠨ᠎ᠡ᠃ | ᠳᠣᠯᠣᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠳᠤ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠠᠶᠦᠯᠭᠦᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠰᠢᠲᠠᠮᠠᠬᠠᠢ ᠬᠡᠢ ᠶᠢᠨ ᠬᠠᠩᠭᠠᠯᠭ᠎ᠠ ᠶᠢᠨ | ᠠᠶᠦᠯᠭᠦᠢ᠂ ᠰᠢᠲᠠᠮᠠᠬᠠᠢ ᠬᠡᠢ ᠶᠢᠨ ᠲᠦᠭᠦᠭᠡᠷᠦᠮᠵᠢ ᠶᠢᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠳᠤ ᠬᠠᠷᠢᠭᠤᠴᠠᠵᠤ᠂ ᠰᠢᠲᠠᠮᠠᠬᠠᠢ ᠬᠡᠢ ᠶᠢᠨ ᠡᠵᠡᠩᠨᠡᠯᠲᠡ ᠶᠢᠨ | ᠦᠢᠯᠡᠴᠢᠯᠡᠭᠡᠨ ᠤ ᠠᠵᠢᠯᠯᠠᠭ᠎ᠠ ᠳᠤᠮᠳᠠ ᠰᠢᠲᠠᠮᠠᠬᠠᠢ ᠬᠡᠢ ᠬᠡᠷᠡᠭᠯᠡᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠤᠬᠠᠭᠤᠯᠤᠨ ᠲᠦᠭᠡᠮᠡᠯᠵᠢᠭᠦᠯᠵᠦ᠂ ᠰᠢᠲᠠᠮᠠᠬᠠᠢ ᠬᠡᠢ | ᠬᠡᠷᠡᠭᠯᠡᠬᠦ ᠠᠮᠦᠷ ᠲᠦᠪᠰᠢᠨ ᠳᠤ ᠦᠢᠯᠡᠴᠢᠯᠡᠭᠡᠨ ᠤ ᠵᠢᠯᠣᠭᠤᠳᠤᠯᠭ᠎ᠠ ᠪᠠ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃ | ᠰᠢᠲᠠᠮᠠᠬᠠᠢ ᠬᠡᠢ ᠶᠢᠨ ᠬᠡᠷᠡᠭᠯᠡᠭᠴᠢ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠳᠤ ᠬᠠᠷᠢᠭᠤᠴᠠᠨ᠎ᠠ᠂ ᠰᠠᠭᠤᠭᠠᠯᠢ ᠠᠷᠠᠳ ᠪᠤᠰᠤ ᠬᠡᠷᠡᠭᠯᠡᠭᠴᠢ | ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠣᠰ ᠨᠢᠭᠡᠴᠢ ᠶᠢᠨ ᠢᠶᠠᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠤᠷᠤᠭᠤᠯᠤᠨ᠎ᠠ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠶᠢᠨ ᠠᠮᠤᠷ ᠲᠦᠪᠰᠢᠨ ᠤ | ᠮᠡᠳᠡᠯᠭᠡ ᠶᠢᠨ ᠤᠬᠠᠭᠤᠯᠭ᠎ᠠ ᠪᠠᠨ ᠴᠢᠩᠭᠠᠳᠬᠠᠬᠤ ᠶᠢᠨ ᠬᠠᠮᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠮᠡᠳᠡᠯᠭᠡ ᠶᠢ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ | ᠲᠦᠪᠰᠢᠨ ᠤ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠨᠡᠶᠢᠭᠡᠮ ᠨᠡᠶᠢᠲᠡ ᠶᠢᠨ ᠬᠢᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠦᠵᠡᠯ ᠤᠬᠠᠮᠰᠠᠷ ᠢ | ᠴᠢᠩᠭᠠᠷᠠᠭᠤᠯᠤᠨ᠂ ᠰᠢᠲᠠᠮᠠᠬᠠᠢ ᠬᠡᠢ ᠶᠢᠨ ᠠᠳᠡᠯ ᠢ ᠠᠷᠭᠠᠴᠠᠭᠠᠬᠤ ᠴᠢᠳᠠᠪᠦᠷᠢ ᠶᠢ ᠲᠠᠭᠡᠭᠰᠢᠯᠡᠭᠦᠯᠦᠨᠡ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠤᠳ ᠰᠢᠲᠠᠮᠠᠬᠠᠢ ᠬᠡᠢ ᠶᠢᠨ ᠠᠮᠤᠷ ᠲᠦᠪᠰᠢᠨ ᠤ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠦᠷᠨᠢᠭᠦᠯᠦᠨ᠎ᠡ᠃ | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠰᠢᠲᠠᠮᠠᠬᠠᠢ ᠬᠡᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠢ ᠵᠣᠷᠢᠭᠵᠢᠭᠤᠯᠤᠨ | ᠲᠡᠮᠵᠢᠵᠤ᠂ ᠠᠮᠦᠷ ᠲᠦᠪᠰᠢᠨ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠬᠤ᠂ ᠦᠷ᠎ᠡ ᠪᠦᠳᠦᠮᠵᠢ ᠥᠨᠳᠥᠷ᠂ ᠣᠶᠤᠨᠴᠢ ᠰᠢᠲᠠᠮᠠᠬᠠᠢ ᠬᠡᠢ ᠶᠢᠨ | ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠨ᠎ᠡ᠃ | ᠠᠷᠪᠠᠳᠤᠭᠠᠷ ᠵᠦᠢᠯ ᠰᠢᠲᠠᠮᠠᠬᠠᠢ ᠬᠡᠢ ᠶᠢᠨ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ | ᠪᠠᠶᠢᠭᠤᠯᠵᠤ᠂ ᠠᠵᠢᠯ ᠲᠥᠷᠥᠯ ᠤᠨ ᠠᠵᠢᠯᠯᠠᠭᠠᠨ ᠤ ᠪᠠᠷᠢᠮᠵᠢᠶ᠎ᠠ ᠪᠠ ᠦᠢᠯᠡᠴᠢᠯᠡᠭᠡᠨ ᠤ ᠵᠢᠷᠤᠮᠵᠢᠯ ᠢ ᠬᠠᠤᠯᠢ ᠶᠣᠰᠣᠭᠠᠷ ᠲᠣᠭᠲᠠᠭᠠᠵᠤ᠂ ᠰᠢᠲᠠᠮᠠᠬᠠᠢ ᠬᠡᠢ ᠶᠢᠨ | ᠡᠵᠡᠩᠨᠡᠭᠴᠢ ᠶᠢᠨ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠠᠬᠢᠭᠤᠯᠤᠨ᠂ ᠥᠪᠡᠷ ᠢ ᠪᠠᠨ ᠴᠢᠩᠭ᠎ᠠ ᠱᠠᠭᠠᠷᠳᠠᠵᠤ᠂ ᠦᠢᠯᠡᠴᠢᠯᠡᠭᠡᠨ ᠤ | ᠶᠠᠰᠤ ᠴᠢᠨᠠᠷ ᠪᠠ ᠮᠡᠷᠭᠡᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ | ᠬᠤᠶᠠᠳᠤᠭᠠᠷ ᠪᠦᠯᠦᠭ ᠲᠦᠯᠦᠪᠵᠢᠭᠦᠯᠭᠡ ᠪᠦᠲᠦᠭᠡᠨ ᠪᠠᠶᠢᠭᠤᠯᠤᠯᠳᠠ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠡᠨᠧᠷᠭᠢ ᠶᠢᠨ ᠲᠥᠯᠦᠪᠵᠢᠭᠦᠯᠭᠡ ᠵᠢᠴᠢ ᠳᠡᠭᠡᠷ᠎ᠡ ᠨᠢᠭᠡ ᠱᠠᠲᠤᠨ ᠤ | ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠤ ᠪᠠᠨ ᠰᠢᠲᠠᠮᠠᠬᠠᠢ | ᠬᠡᠢ ᠶᠢᠨ ᠬᠥᠭᠵᠢᠯᠲᠡ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠲᠠᠩᠰᠠᠯᠠᠭᠤᠯᠤᠨ᠎ᠠ᠃ | ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠵᠥᠪᠰᠢᠶᠡᠷᠡᠭᠦᠯᠦᠭᠰᠡᠨ ᠤ ᠳᠠᠷᠠᠭ᠎ᠠ ᠳᠤᠷ᠎ᠠ ᠪᠠᠷ ᠢᠶᠠᠨ ᠬᠤᠪᠢᠷᠠᠭᠤᠯᠬᠤ | ᠪᠤᠶᠤ ᠲᠣᠬᠢᠷᠠᠭᠤᠯᠵᠤ ᠪᠣᠯᠬᠤ ᠦᠭᠡᠢ᠂ ᠦᠨᠡᠨ ᠬᠦ ᠬᠤᠪᠢᠷᠠᠭᠤᠯᠬᠤ ᠪᠤᠶᠤ ᠲᠣᠬᠢᠷᠠᠭᠤᠯᠬᠤ ᠴᠢᠬᠤᠯᠠ ᠲᠠᠢ ᠪᠣᠯ ᠤᠤᠯ ᠤᠨ ᠵᠥᠪᠰᠢᠶᠡᠷᠡᠭᠰᠡᠨ ᠲᠠᠰ ᠳᠠᠷᠠᠭᠠᠯᠠᠯ | ᠶᠣᠰᠣᠭᠠᠷ ᠶᠠᠪᠤᠭᠳᠠᠭᠤᠯᠤᠨ᠎ᠠ᠃ | ᠠᠷᠪᠠᠨ ᠬᠤᠶᠠᠳᠤᠭᠠᠷ ᠵᠦᠢᠯ ᠬᠤᠳᠠ ᠶᠢᠨ ᠪᠦᠲᠦᠭᠡᠨ ᠪᠠᠶᠢᠭᠤᠯᠤᠯᠲᠠ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ | ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠲᠥᠯᠦᠪᠵᠢᠭᠦᠯᠭᠡ ᠶᠢᠨ ᠶᠣᠰᠣᠭᠠᠷ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ | ᠪᠠᠶᠢᠭᠤᠯᠬᠤ ᠪᠤᠶᠤ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠬᠦ ᠬᠡᠷᠡᠭᠲᠡᠢ᠃ | ᠤᠷᠢᠳᠴᠢᠯᠠᠨ ᠦᠯᠡᠳᠡᠭᠡᠭᠰᠡᠨ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠤᠯᠢ ᠳᠤ ᠲᠣᠭᠲᠠᠭᠠᠭᠰᠠᠨ ᠳᠡᠰ | ᠳᠠᠷᠠᠭᠠᠯᠠᠯ ᠢᠶᠠᠷ ᠵᠥᠪᠰᠢᠶᠡᠷᠡᠭᠦᠯᠦᠭᠰᠡᠨ ᠪᠣᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠭᠡᠳ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ | ᠦᠭᠡᠢ᠃ | ᠰᠢᠨ᠎ᠡ ᠬᠤᠲᠠ ᠶᠢᠨ ᠰᠢᠨ᠎ᠡ ᠲᠣᠭᠤᠷᠢᠭ ᠢ ᠨᠡᠭᠡᠭᠡᠨ ᠬᠥᠭᠵᠢᠭᠦᠯᠬᠦ᠂ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠤᠶᠤ ᠵᠠᠮ᠂ ᠬᠥᠭᠦᠷᠭᠡ ᠵᠡᠷᠭᠡ | ᠬᠤᠲᠠ ᠶᠢᠨ ᠶᠠᠪᠤᠳᠠᠯ ᠤᠨ ᠪᠠᠷᠢᠯᠭ᠎ᠠ ᠪᠠ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠳᠤ᠂ ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠲᠥᠯᠦᠪᠵᠢᠭᠦᠯᠭᠡ ᠶᠢᠨ ᠶᠣᠰᠣᠭᠠᠷ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ | ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠴᠢᠬᠤᠯᠠᠲᠠᠢ ᠪᠠᠶᠢᠪᠠᠯ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠭᠤᠣᠯ ᠴᠣᠭᠴᠠᠲᠤ ᠪᠠᠷᠢᠯᠭ᠎ᠠ | ᠯᠤᠭ᠎ᠠ ᠬᠠᠮᠲᠤ ᠳᠤ ᠨᠢ ᠵᠢᠷᠤᠭᠯᠠᠨ ᠲᠦᠰᠦᠪᠯᠡᠵᠦ᠂ ᠬᠠᠮᠲᠤ ᠳᠤ ᠨᠢ ᠪᠠᠷᠢᠯᠭ᠎ᠠ ᠪᠠᠷᠢᠵᠤ᠂ ᠬᠠᠮᠲᠤ ᠳᠤ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ | ᠠᠪᠤᠨ᠎ᠠ᠃ | ᠠᠷᠪᠠᠨ ᠭᠤᠷᠪᠠᠳᠤᠭᠠᠷ ᠵᠦᠢᠯ ᠰᠢᠲᠠᠮᠠᠬᠠᠢ ᠬᠡᠢ ᠶᠢᠨ ᠪᠠᠷᠢᠯᠭ᠎ᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠳᠤ ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠵᠦᠢᠯ ᠤᠨ ᠲᠥᠯᠦᠪᠵᠢᠭᠦᠯᠭᠡ ᠲᠤ ᠨᠡᠶᠢᠴᠡᠭᠦᠯᠬᠦ ᠬᠡᠷᠡᠭᠲᠡᠢ᠃ ᠰᠢᠲᠠᠮᠠᠬᠠᠢ ᠬᠡᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠰᠣᠩᠭᠤᠬᠤ ᠰᠠᠨᠠᠯ ᠤᠨ ᠪᠢᠴᠢᠭ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠤᠶᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠳᠤ ᠠᠳᠠᠯᠢ ᠱᠠᠲᠤᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠰᠠᠨᠠᠯ ᠢ ᠬᠤᠷᠢᠶᠠᠬᠤ᠂ ᠰᠢᠲᠠᠮᠠᠬᠠᠢ ᠬᠡᠢ ᠶᠢᠨ ᠢᠨᠵᠧᠨᠧᠷᠢᠩ ᠤᠨ ᠲᠥᠷᠥᠯ ᠵᠦᠢᠯ ᠳᠤ ᠬᠠᠤᠯᠢ ᠶᠣᠰᠣᠭᠠᠷ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠬᠢᠬᠦ | ᠪᠠ ᠠᠮᠤᠷ ᠲᠦᠪᠰᠢᠨ ᠤ ᠦᠨᠡᠯᠡᠯᠲᠡ ᠬᠢᠵᠦ᠂ ᠵᠣᠬᠢᠬᠤ ᠠᠮᠤᠷ ᠲᠦᠪᠰᠢᠨ ᠤ ᠲᠦᠭᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ | ᠠᠶᠤᠯᠭᠦᠢ ᠶᠢᠨ ᠲᠥᠬᠦᠭᠡᠷᠦᠮᠵᠢ ᠶᠢ ᠭᠤᠣᠯ ᠪᠠᠷᠢᠯᠭ᠎ᠠ ᠲᠠᠢ ᠪᠠᠨ ᠬᠠᠮᠲᠤ ᠳᠤ ᠨᠢ ᠵᠢᠷᠤᠵᠤ ᠲᠦᠰᠦᠪᠯᠡᠵᠦ᠂ ᠬᠠᠮᠲᠤ ᠳᠤ ᠨᠢ ᠪᠠᠷᠢᠵᠤ᠂ ᠬᠠᠮᠲᠤ ᠳᠤ ᠨᠢ | ᠦᠢᠯᠡᠳᠪᠦᠷᠢᠯᠡᠯ ᠪᠠ ᠬᠡᠷᠡᠭᠯᠡᠭᠡᠨ ᠳᠤ ᠤᠷᠤᠭᠤᠯᠤᠨ᠎ᠠ᠃ | ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠰᠢᠲᠠᠮᠠᠬᠠᠢ ᠬᠡᠢ ᠶᠢᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠶᠠᠮᠠᠷᠪᠠ ᠨᠢᠭᠡᠴᠢ ᠪᠠ ᠬᠤᠪᠢ | ᠬᠥᠮᠥᠨ ᠭᠡᠳ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠠᠷᠰᠢᠯᠠᠵᠤ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠰᠢᠲᠠᠮᠠᠬᠠᠢ ᠬᠡᠢ ᠶᠢᠨ ᠪᠠᠷᠢᠯᠭ᠎ᠠ ᠶᠢ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠪᠠ ᠬᠢᠨᠠᠨ | ᠬᠠᠮᠢᠶᠠᠷᠬᠤ ᠨᠢᠭᠡᠴᠢ ᠵᠣᠬᠢᠬᠤ ᠬᠢᠷᠢ ᠬᠡᠮ ᠲᠠᠢ ᠪᠠᠶᠢᠬᠤ ᠶᠢᠨ ᠬᠠᠮᠲᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠰᠢᠲᠠᠮᠠᠬᠠᠢ ᠬᠡᠢ ᠶᠢᠨ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ | ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠪᠠᠷᠢᠯᠭ᠎ᠠ ᠪᠠᠷᠢᠭᠤᠯᠬᠤ ᠨᠢᠭᠡᠴᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠤᠨ᠎ᠠ᠃ ᠰᠢᠯᠭᠠᠨ ᠬᠤᠷᠢᠶᠠᠵᠤ ᠠᠪᠤᠭᠰᠠᠨ ᠦᠭᠡᠢ ᠪᠤᠶᠤ ᠰᠢᠯᠭᠠᠨ ᠬᠤᠷᠢᠶᠠᠨ ᠠᠪᠬᠤ ᠳᠤ ᠬᠢᠷᠢ ᠲᠡᠩᠴᠡᠭᠰᠡᠨ ᠤᠶᠢᠭᠡᠢ ᠪᠠᠶᠢᠪᠠᠯ᠂ ᠬᠡᠷᠡᠭᠯᠡᠭᠦᠯᠬᠦ ᠪᠠᠷ | ᠲᠤᠰᠢᠶᠠᠵᠤ ᠪᠣᠯᠬᠤ ᠤᠶᠢᠭᠡᠢ᠃ | ᠪᠠᠷᠢᠯᠭ᠎ᠠ ᠪᠠᠷᠢᠭᠤᠯᠬᠤ ᠨᠢᠭᠡᠴᠢ ᠨᠦᠭᠦᠳ ᠰᠢᠲᠠᠮᠠᠬᠠᠢ ᠬᠡᠢ ᠶᠢᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ | ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭ᠎ᠠ ᠭᠠᠵᠠᠷ ᠤᠨ ᠢᠶᠠᠨ ᠰᠢᠲᠠᠮᠠᠬᠠᠢ | ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠵᠤ᠂ ᠶᠡᠷᠡᠨ ᠡᠳᠦᠷ ᠤᠨ ᠳᠣᠲᠣᠷ᠎ᠠ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠠᠩᠰᠠ | ᠡᠪᠬᠡᠮᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠷᠢᠯᠭ᠎ᠠ ᠶᠢᠨ ᠲᠥᠷᠥᠯ ᠵᠦᠢᠯ ᠤᠨ ᠪᠦᠷᠢᠨ ᠪᠦᠲᠦᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠨ᠎ᠠ᠃ | ᠠᠷᠪᠠᠨ ᠵᠢᠷᠭᠤᠳᠤᠭᠠᠷ ᠵᠦᠢᠯ ᠰᠢᠲᠠᠮᠠᠬᠠᠢ ᠬᠡᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠪᠣᠯᠣᠨ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠵᠢᠭᠦᠯᠵᠦ᠂ ᠦᠵᠡᠮᠵᠢ ᠶᠢᠨ ᠣᠷᠴᠢᠨ ᠲᠣᠭᠤᠷᠢᠨ ᠪᠣᠯᠣᠨ | ᠬᠡᠷᠡᠭᠯᠡᠭᠴᠢ ᠳᠤ ᠳᠦᠭᠦᠮ ᠦᠵᠡᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠰᠢᠲᠠᠮᠠᠬᠠᠢ ᠬᠡᠢ ᠬᠡᠷᠡᠭᠯᠡᠬᠦ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ | ᠪᠦᠲᠦᠭᠡᠨ ᠪᠠᠶᠢᠭᠤᠯᠬᠤ ᠨᠢᠭᠡᠴᠢ ᠨᠢ ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠦᠨᠳᠦᠰᠦᠯᠡᠨ ᠰᠢᠲᠠᠮᠠᠬᠠᠢ ᠬᠡᠢ ᠬᠠᠩᠭᠠᠬᠤ | ᠠᠷᠭ᠎ᠠ ᠮᠠᠶ᠋ᠢᠭ ᠢ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠲᠠᠮᠠᠬᠠᠢ ᠬᠡᠢ ᠶᠢᠨ ᠲᠦᠭᠦᠭᠡᠷᠦᠮᠵᠢ ᠶᠢ | ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠭᠡᠷ ᠳᠣᠲᠣᠷᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠵᠢᠷᠤᠭᠯᠠᠨ ᠲᠥᠯᠥᠪᠯᠡᠵᠦ | ᠤᠭᠰᠠᠷᠠᠨ᠎ᠠ᠃ | ᠠᠷᠪᠠᠨ ᠳᠣᠯᠣᠳᠤᠭᠠᠷ ᠵᠦᠢᠯ ᠲᠠᠮᠵᠢᠭᠤᠯᠬᠤ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠪᠦᠷᠬᠦᠴᠡ ᠶᠢᠨ ᠬᠡᠪᠴᠢᠶᠡᠨ ᠳᠣᠲᠣᠷ᠎ᠠ᠂ ᠳᠠᠮᠵᠢᠭᠤᠯᠬᠤ | ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ ᠳᠠᠮᠵᠢᠭᠤᠯᠬᠤ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ | ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠳᠤ ᠳᠠᠮᠵᠢᠭᠤᠯᠬᠤ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ | ᠬᠠᠩᠭᠠᠬᠤ ᠠᠷᠭ᠎ᠠ ᠶᠢ ᠬᠡᠷᠡᠭᠯᠡᠨ᠎ᠡ᠃ ᠳᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠦᠭᠡᠢ ᠭᠠᠵᠠᠷ ᠣᠷᠣᠨ ᠳᠤ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢ | ᠰᠢᠨ᠎ᠡ ᠪᠠᠷ ᠪᠠᠶᠢᠭᠤᠯᠬᠤ ᠳᠤ ᠳᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠬᠠᠩᠭᠠᠬᠤ ᠲᠥᠪᠯᠡᠷᠡᠩᠭᠦᠢ ᠲᠣᠨᠣᠭᠯᠠᠯ ᠢ ᠤᠭᠰᠠᠷᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠢᠲᠠᠮᠠᠬᠠᠢ ᠬᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠ ᠨᠥᠭᠡᠴᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠲᠥᠯᠦᠪᠵᠢᠭᠦᠯᠭᠡ ᠶᠢ ᠦᠨᠳᠦᠰᠦᠯᠡᠨ ᠰᠢᠲᠠᠮᠠᠬᠠᠢ ᠬᠡᠢ ᠶᠢᠨ ᠪᠠᠴᠢᠮ ᠪᠠᠶᠢᠳᠠᠯ ᠢ ᠠᠷᠭᠠᠴᠠᠭᠠᠬᠤ᠂ ᠬᠡᠢ ᠶᠢᠨ ᠢᠷᠡᠯᠲᠡ ᠶᠢ ᠨᠥᠭᠡᠴᠡᠯᠡᠬᠦ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠵᠦ᠂ ᠰᠢᠲᠠᠮᠠᠬᠠᠢ ᠬᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠ ᠨᠥᠭᠡᠴᠡᠯᠡᠬᠦ ᠲᠦᠭᠦᠭᠡᠷᠦᠮᠵᠢ ᠶᠢ | ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠵᠤ᠂ ᠰᠢᠲᠠᠮᠠᠬᠠᠢ ᠬᠡᠢ ᠶᠢᠨ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠠᠶᠢᠷᠠᠭᠤᠯᠤᠨ | ᠵᠣᠬᠢᠶᠠᠵᠤ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠲᠠᠮᠠᠬᠠᠢ ᠬᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ | ᠲᠡᠭᠡᠭᠰᠢᠯᠡᠭᠦᠯᠦᠨ᠎ᠡ᠃ | ᠰᠢᠲᠠᠮᠠᠬᠠᠢ ᠬᠡᠢ ᠶᠢᠨ ᠬᠠᠩᠭᠠᠯᠭ᠎ᠠ ᠬᠦᠨᠳᠦ ᠨᠣᠴᠢᠲᠠᠢ ᠲᠤᠲᠠᠭᠳᠠᠵᠤ᠂ ᠬᠠᠩᠭᠠᠯᠭ᠎ᠠ ᠲᠠᠰᠤᠯᠳᠠᠭᠰᠠᠨ ᠵᠡᠷᠭᠡ ᠭᠡᠨᠡᠳᠲᠡ ᠶᠢᠨ ᠬᠡᠷᠡᠭ ᠭᠠᠷᠪᠠᠯ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠴᠠᠭ ᠲᠤᠬᠠᠢ ᠳᠤ ᠨᠢ ᠨᠥᠭᠡᠴᠡ ᠬᠡᠢ ᠶᠢ ᠬᠡᠷᠡᠭᠯᠡᠬᠦ᠂ ᠪᠠᠴᠢᠮ ᠲᠣᠬᠢᠷᠠᠭᠤᠯᠬᠤ | ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠬᠡᠢ᠂ ᠲᠥᠪᠯᠡᠷᠡᠭᠦᠯᠦᠨ ᠢᠯᠴᠢ | ᠬᠠᠩᠭᠠᠬᠤ ᠳᠤ ᠬᠡᠷᠡᠭᠯᠡᠬᠦ ᠬᠡᠢ ᠪᠣᠯᠣᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠷᠠᠳ ᠤᠨ ᠠᠮᠢᠳᠤᠷᠠᠯ ᠳᠤ | ᠬᠡᠷᠡᠭᠯᠡᠬᠦ ᠬᠡᠢ ᠶᠢ ᠤᠷᠢᠳ ᠢᠶᠠᠷ ᠪᠠᠳᠤᠯᠠᠨ᠎ᠠ᠃ ᠰᠢᠲᠠᠮᠠᠬᠠᠢ ᠬᠡᠢ ᠶᠢᠨ ᠡᠵᠡᠩᠨᠡᠭᠴᠢ ᠬᠠᠮᠵᠢᠯᠴᠠᠨ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠡᠭᠦᠷᠭᠡ ᠶᠢ | ᠡᠭᠦᠷᠭᠡᠯᠡᠨ᠎ᠡ᠃ | ᠭᠤᠷᠪᠠᠳᠤᠭᠠᠷ ᠪᠦᠯᠦᠭ ᠡᠵᠡᠩᠨᠡᠯᠲᠡ ᠦᠢᠯᠡᠴᠢᠯᠡᠭᠡ | ᠠᠷᠪᠠ ᠶᠢᠰᠦᠳᠦᠭᠡᠷ ᠵᠦᠢᠯ ᠰᠢᠲᠠᠮᠠᠬᠠᠢ ᠬᠡᠢ ᠶᠢᠨ ᠡᠵᠡᠩᠨᠡᠯᠲᠡ ᠳᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭᠠᠨ ᠤ ᠣᠷᠣᠨ ᠤ ᠳᠣᠲᠣᠷ᠎ᠠ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ ᠪᠠ ᠬᠤᠪᠢ ᠬᠥᠮᠥᠨ ᠰᠢᠲᠠᠮᠠᠬᠠᠢ ᠬᠡᠢ ᠶᠢᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠬᠤ ᠶᠢᠨ ᠬᠠᠮᠲᠤ᠂ ᠵᠥᠪᠰᠢᠶᠡᠷᠡᠭᠰᠡᠨ ᠡᠵᠡᠩᠨᠡᠯᠲᠡ ᠶᠢᠨ ᠬᠡᠪᠴᠢᠶ᠎ᠡ᠂ ᠲᠥᠷᠥᠯ ᠢᠯᠭᠠᠯ᠂ | ᠬᠤᠭᠤᠴᠠᠭ᠎ᠠ ᠬᠢᠵᠠᠭᠠᠷ ᠪᠠ ᠬᠡᠪᠴᠢᠶ᠎ᠡ ᠵᠡᠷᠭᠡ ᠶᠣᠰᠣᠭᠠᠷ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠢᠯᠯᠠᠭ᠎ᠠ ᠬᠢᠬᠦ ᠬᠡᠷᠡᠭᠲᠡᠢ᠃ | ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠯᠲᠡ ᠬᠢᠬᠦ ᠳᠤ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠲᠠᠭᠠᠵᠤ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠣᠯᠭᠤᠨ᠎ᠠ᠃ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠯᠲᠡ ᠬᠢᠬᠦ ᠳᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠤᠯᠤᠨ᠎ᠠ᠃ | ᠬᠤᠷᠢᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠡᠯ᠎ᠡ ᠵᠦᠢᠯ ᠤᠨ ᠠᠶᠤᠯᠭᠦᠢ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ | ᠬᠠᠮᠲᠤ ᠳᠣᠣᠷ᠎ᠠ ᠵᠢᠭᠰᠠᠭᠠᠭᠰᠠᠨ ᠲᠣᠭᠲᠠᠭᠠᠯ ᠢ ᠵᠢᠷᠤᠮᠯᠠᠬᠤ ᠬᠡᠷᠡᠭᠲᠡᠢ᠄ | ︵ᠨᠢᠭᠡ︶ ᠡᠵᠡᠩᠨᠡᠯᠲᠡ ᠶᠢᠨ ᠲᠠᠯᠠᠪᠤᠷ ᠭᠠᠵᠠᠷ ᠪᠠ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠠᠵᠢᠯᠯᠠᠭᠤᠯᠬᠤ᠂ ᠬᠠᠮᠠᠭᠠᠯᠠᠬᠤ ᠪᠠ ᠵᠠᠪᠳᠤᠨ ᠵᠠᠰᠠᠬᠤ ᠲᠤᠬᠠᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ᠂ ᠲᠠᠯᠠᠪᠤᠷ ᠦᠷᠳᠡᠭᠡ ᠶᠢᠨ ᠳᠣᠲᠣᠷ᠎ᠠ ᠠᠶᠤᠯᠭᠦᠢ ᠶᠢᠨ ᠬᠢᠨᠠᠨ | ᠡᠵᠡᠮᠳᠡᠬᠦ ᠮᠡᠳᠡᠭᠡ ᠵᠠᠩᠭᠢ ᠶᠢᠨ ᠰᠢᠰᠲ᠋ᠧᠮ ᠢ ᠤᠭᠰᠠᠷᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠦᠯᠵᠢᠶ᠎ᠡ ᠪᠠᠷ ᠬᠤᠯᠪᠣᠯᠳᠤᠵᠤ᠂ | ᠰᠢᠰᠲ᠋ᠧᠮ ᠤᠨ ᠬᠡᠪ ᠤᠨ ᠠᠵᠢᠯᠯᠠᠭᠠᠨ ᠢ ᠪᠠᠲᠤᠯᠠᠨ᠎ᠠ︔ | ︵ᠬᠤᠶᠠᠷ︶ ᠬᠡᠢ ᠬᠠᠩᠭᠠᠬᠤ ᠠᠵᠤ ᠠᠬᠤᠶᠢᠯᠠᠯ ᠯᠤᠭ᠎ᠠ ᠤᠷᠳᠤ ᠬᠤᠭᠤᠴᠠᠭᠠᠨ ᠤ ᠪᠠ ᠣᠨ ᠤ ᠬᠠᠩᠭᠠᠬᠤ ᠭᠡᠷ᠎ᠡ ᠲᠣᠭᠲᠠᠵᠤ᠂ ᠬᠡᠢ ᠬᠠᠩᠭᠠᠬᠤ | ᠪᠠᠲᠤᠯᠠᠭ᠎ᠠ ᠶᠢᠨ ᠲᠥᠰᠥᠯ ᠢ ᠲᠣᠳᠣᠷᠬᠠᠶᠢᠯᠠᠨ᠎ᠠ︔ | ︵ᠭᠤᠷᠪᠠ︶ ᠰᠢᠲᠠᠮᠠᠬᠠᠢ ᠬᠡᠢ ᠶᠢᠨ ᠲᠦᠭᠦᠭᠡᠷᠦᠮᠵᠢ ᠶᠢ ᠬᠠᠮᠠᠭᠠᠯᠠᠬᠤ᠂ ᠪᠠᠶᠢᠴᠠᠭᠠᠨ ᠵᠠᠰᠠᠬᠤ ᠪᠠ ᠰᠢᠯᠭᠠᠨ ᠪᠠᠶᠢᠴᠠᠭᠠᠵᠤ᠂ ᠬᠡᠪ ᠤᠨ ᠡᠵᠡᠩᠨᠡᠯᠲᠡ ᠶᠢ | ᠪᠠᠲᠤᠯᠠᠨ᠂ ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ ᠪᠠᠲᠤᠯᠠᠵᠤ᠂ ᠰᠢᠲᠠᠮᠠᠬᠠᠢ ᠬᠡᠢ ᠶᠢᠨ ᠲᠦᠭᠦᠭᠡᠷᠦᠮᠵᠢ ᠳᠤ ᠠᠮᠤᠷ ᠲᠦᠪᠰᠢᠨ ᠤ ᠦᠨᠡᠯᠡᠨ ᠵᠢᠱᠢᠯᠲᠡ ᠬᠢᠨ᠎ᠡ | ︔ | ︵ᠳᠥᠷᠪᠡ︶ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠳᠦᠷᠢᠮ ᠢ ᠪᠠᠶᠢᠭᠤᠯᠤᠨ᠎ᠠ︔ | ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠦᠢᠯᠡᠳᠪᠦᠷᠢᠯᠡᠯ ᠡᠵᠡᠩᠨᠡᠯᠲᠡ᠂ ᠠᠶᠦᠯᠭᠦᠢ ᠦᠢᠯᠡᠳᠪᠦᠷᠢᠯᠡᠯ ᠪᠠ ᠬᠡᠷᠡᠭᠯᠡᠭᠴᠢ ᠶᠢᠨ ᠦᠢᠯᠡᠴᠢᠯᠡᠭᠡ ᠵᠡᠷᠭᠡ ᠪᠠᠶᠢᠳᠠᠯ ᠢᠶᠠᠨ ᠮᠡᠳᠡᠭᠦᠯᠦᠨ᠎ᠡ︔ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠡᠵᠡᠩᠨᠡᠭᠴᠢ ᠬᠡᠢ ᠶᠢᠨ ᠯᠣᠩᠬᠤᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ︔ ᠳᠦᠭᠦᠷᠭᠡᠨ ᠤᠭᠰᠠᠷᠠᠬᠤ ᠠᠵᠢᠯ ᠬᠢᠬᠦ ᠳᠤ ᠦᠯᠡᠳᠡᠭᠳᠡᠯ ᠰᠢᠩᠭᠡᠨ ᠢ ᠬᠤᠷᠢᠶᠠᠨ ᠠᠪᠴᠤ ᠰᠢᠢᠳᠪᠦᠷᠢᠯᠡᠬᠦ ᠠᠷᠭ᠎ᠠ ᠬᠡᠮᠵᠢᠶ᠎ᠡ ᠲᠠᠢ ᠪᠠᠶᠢᠬᠤ | ᠬᠡᠷᠡᠭᠲᠡᠢ︔ | ᠬᠤᠷᠢᠨ ᠨᠢᠭᠡᠳᠦᠭᠡᠷ ᠵᠦᠢᠯ ᠰᠢᠲᠠᠮᠠᠬᠠᠢ ᠬᠡᠢ ᠡᠵᠡᠩᠨᠡᠭᠴᠢ ᠬᠡᠷᠡᠭᠯᠡᠭᠴᠢᠳ ᠲᠤ ᠦᠢᠯᠡᠴᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠬᠦ | ᠠᠵᠢᠯᠯᠠᠭ᠎ᠠ ᠪᠠᠨ ᠵᠢᠷᠤᠮᠵᠢᠭᠤᠯᠬᠤ ᠶᠢᠨ ᠬᠠᠮᠲᠤ ᠳᠣᠣᠷ᠎ᠠ ᠵᠢᠭᠰᠠᠭᠠᠭᠰᠠᠨ ᠲᠣᠭᠲᠠᠭᠠᠯ ᠢ ᠵᠢᠷᠤᠮᠯᠠᠨ᠎ᠠ᠄ | ︵ᠨᠢᠭᠡ︶ ᠬᠡᠷᠡᠭᠯᠡᠭᠴᠢᠳ ᠲᠠᠢ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠲᠣᠭᠲᠠᠭᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ | ᠲᠣᠳᠣᠷᠬᠠᠶᠢᠯᠠᠨ᠎ᠠ︔ | ︵ᠬᠤᠶᠠᠷ︶ ᠬᠡᠷᠡᠭᠯᠡᠭᠴᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠴᠢ ᠶᠢᠨ ᠦᠢᠯᠡᠴᠢᠯᠡᠭᠡᠨ ᠤ | ᠲᠠᠩᠰᠠ ᠡᠪᠬᠡᠮᠡᠯ ᠢ ᠲᠡᠭᠦᠯᠳᠡᠷᠵᠢᠭᠦᠯᠦᠨ᠂ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠨ᠎ᠠ︔ | ︵ᠭᠤᠷᠪᠠ︶ ᠬᠠᠩᠭᠠᠯᠭ᠎ᠠ ᠶᠢᠨ ᠬᠡᠪᠴᠢᠶᠡᠨ ᠳᠣᠲᠣᠷᠠᠬᠢ ᠰᠢᠲᠠᠮᠠᠬᠠᠢ ᠬᠡᠢ ᠶᠢᠨ ᠬᠡᠷᠡᠭᠯᠡᠭᠴᠢᠳ ᠲᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ | ᠬᠠᠩᠭᠠᠨ᠎ᠠ︔ | ︵ᠳᠥᠷᠪᠡ︶ ᠰᠢᠲᠠᠮᠠᠬᠠᠢ ᠬᠡᠢ ᠡᠵᠡᠩᠨᠡᠬᠦ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ᠂ ᠥᠪᠡᠷᠲᠡᠭᠡᠨ ᠵᠠᠰᠠᠬᠤ ᠣᠷᠣᠨ ᠤ ᠦᠨ᠎ᠡ | ᠬᠠᠩᠰᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠲᠤ ᠨᠡᠶᠢᠴᠡᠭᠰᠡᠨ ᠪᠠᠶᠢᠬᠤ ᠬᠡᠷᠡᠭᠲᠡᠢ︔ | ︵ᠲᠠᠪᠤ︶ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠲᠠᠯᠠᠪᠤᠷ ᠲᠤ ᠲᠤᠬᠠᠶᠢᠯᠠᠭᠰᠠᠨ ᠠᠵᠢᠯ ᠤᠨ ᠴᠤᠪᠤᠷᠠᠯ᠂ ᠦᠢᠯᠡᠴᠢᠯᠡᠭᠡᠨ ᠤ ᠲᠥᠷᠥᠯ | ᠵᠦᠢᠯ᠂ ᠦᠢᠯᠡᠴᠢᠯᠡᠭᠡᠨ ᠤ ᠠᠮᠠᠯᠠᠯᠲᠠ᠂ ᠠᠵᠢᠯ ᠤᠨ ᠪᠠᠷᠢᠮᠵᠢᠶ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠠᠭᠤᠯᠭ᠎ᠠ ᠶᠢ ᠵᠠᠷᠯᠠᠨ ᠨᠡᠶᠢᠲᠡᠯᠡᠵᠦ᠂ | ᠦᠢᠯᠡᠴᠢᠯᠡᠭᠡ ᠶᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠵᠠᠭᠠᠯᠳᠤᠯᠭ᠎ᠠ ᠶᠢᠨ ᠤᠳᠠᠰᠤ ᠶᠢ ᠨᠡᠶᠢᠭᠡᠮ ᠨᠡᠶᠢᠲᠡ ᠳᠤ ᠨᠡᠶᠢᠲᠡᠯᠡᠨ᠎ᠡ︔ | ︵ᠵᠢᠷᠭᠤᠭ᠎ᠠ︶ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠬᠤ ᠶᠢᠨ ᠬᠠᠮᠲᠤ ᠰᠢᠲᠠᠮᠠᠬᠠᠢ ᠬᠡᠢ ᠶᠢᠨ ᠬᠡᠷᠡᠭᠯᠡᠭᠴᠢ ᠳᠤ ᠪᠠᠷᠢᠮᠲᠠ ᠭᠠᠷᠭᠠᠵᠤ | ᠦᠭᠭᠦᠨ᠎ᠡ᠂ ᠬᠡᠷᠡᠭᠯᠡᠭᠴᠢ ᠶᠢᠨ ᠨᠠᠶᠢᠳᠠᠯᠭ᠎ᠠ ᠶᠢ ᠬᠦᠯᠢᠶᠡᠭᠰᠡᠨ ᠦᠭᠡᠢ ᠪᠠᠷ ᠥᠪᠡᠰᠦᠪᠡᠨ ᠦᠢᠯᠡᠴᠢᠯᠡᠭᠡ ᠬᠠᠩᠭᠠᠬᠤ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠬᠢᠵᠦ | ᠪᠣᠯᠬᠤ ᠦᠭᠡᠢ︔ | ︵ᠳᠣᠯᠤᠭ᠎ᠠ︶ ᠰᠢᠲᠠᠮᠠᠬᠠᠢ ᠬᠡᠢ ᠬᠡᠷᠡᠭᠯᠡᠬᠦ ᠡᠷᠦᠬᠡ ᠶᠢᠨ ᠬᠡᠢ ᠬᠡᠷᠡᠭᠯᠡᠬᠦ ᠠᠶᠦᠯᠭᠦᠢ ᠶᠢᠨ ᠪᠠᠶᠢᠴᠠᠭᠠᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠰᠦᠢᠳᠬᠡᠯ ᠬᠤᠷᠢᠶᠠᠬᠤ ᠦᠭᠡᠢ ᠪᠠᠷ ᠬᠡᠷᠡᠭᠯᠡᠭᠴᠢ ᠶᠢᠨ ᠬᠡᠢ ᠬᠡᠷᠡᠭᠯᠡᠬᠦ ᠲᠠᠯᠠᠪᠤᠷ ᠭᠠᠵᠠᠷ᠂ ᠰᠢᠲᠠᠮᠠᠬᠠᠢ ᠬᠡᠢ ᠶᠢᠨ ᠲᠦᠭᠦᠭᠡᠷᠦᠮᠵᠢ᠂ | ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠪᠣᠯᠣᠨ ᠬᠡᠢ ᠬᠡᠷᠡᠭᠯᠡᠬᠦ ᠠᠶᠦᠯᠭᠦᠢ ᠶᠢᠨ ᠪᠠᠶᠢᠴᠠᠭᠠᠯᠲᠠ ᠬᠢᠵᠦ᠂ ᠲᠡᠮᠳᠡᠭᠯᠡᠯ ᠬᠢᠬᠦ ᠶᠢᠨ ᠬᠠᠮᠲᠤ | ᠪᠠᠶᠢᠴᠠᠭᠠᠯᠲᠠ ᠶᠢᠨ ᠪᠦᠷᠢᠨ ᠪᠦᠲᠦᠨ ᠲᠠᠩᠰᠠ ᠡᠪᠬᠡᠮᠡᠯ ᠪᠠᠶᠢᠭᠤᠯᠵᠤ᠂ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠠᠴᠠ ᠰᠠᠭᠤᠭᠠᠯᠢ | ᠠᠷᠠᠳ ᠤᠨ ᠪᠤᠰᠤ ᠬᠡᠷᠡᠭᠯᠡᠭᠴᠢ ᠳᠤ ᠠᠶᠦᠯᠭᠦᠢ ᠶᠢᠨ ᠪᠠᠶᠢᠴᠠᠭᠠᠯᠲᠠ ᠬᠢᠬᠦ ᠳᠤ ᠪᠠᠨ ᠵᠢᠷᠭᠤᠭᠠᠨ ᠰᠠᠷ᠎ᠠ ᠳᠤ ᠠᠳᠠᠭ ᠲᠤ ᠪᠠᠨ ᠨᠢᠭᠡ ᠤᠳᠠᠭ᠎ᠠ ᠪᠠᠶᠢᠴᠠᠭᠠᠯᠲᠠ ᠬᠢᠬᠦ | ᠬᠡᠷᠡᠭᠲᠡᠢ᠂ ᠰᠠᠭᠤᠭᠠᠯᠢ ᠠᠷᠠᠳ ᠤᠨ ᠬᠡᠷᠡᠭᠯᠡᠭᠴᠢ ᠳᠤ ᠠᠶᠦᠯᠭᠦᠢ ᠶᠢᠨ ᠪᠠᠶᠢᠴᠠᠭᠠᠯᠲᠠ ᠬᠢᠬᠦ ᠳᠤ ᠪᠠᠨ ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠪᠠᠶᠢᠴᠠᠭᠠᠯᠲᠠ ᠬᠢᠬᠦ | ᠬᠡᠷᠡᠭᠲᠡᠢ︔ | ︵ᠨᠠᠢᠮᠠ︶ ᠬᠡᠷᠡᠭᠯᠡᠭᠴᠢᠳ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠰᠢᠲᠠᠮᠠᠬᠠᠢ ᠬᠡᠢ ᠶᠢᠨ ᠪᠠᠷᠢᠯᠭ᠎ᠠ ᠳᠤ ᠵᠢᠭᠠᠨ ᠲᠣᠭᠲᠠᠭᠠᠭᠰᠠᠨ ᠵᠢᠷᠤᠭᠯᠠᠨ | ᠲᠥᠯᠥᠪᠯᠡᠬᠦ ᠨᠢᠭᠡᠴᠢ ᠪᠤᠶᠤ ᠪᠠᠷᠢᠯᠭ᠎ᠠ ᠪᠠᠷᠢᠬᠤ ᠨᠢᠭᠡᠴᠢ ᠶᠢ ᠬᠢᠵᠠᠭᠠᠷᠯᠠᠨ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠵᠦ ᠬᠢᠵᠠᠭᠠᠷᠯᠠᠨ ᠲᠣᠭᠲᠠᠭᠠᠵᠤ ᠪᠣᠯᠬᠤ | ᠦᠭᠡᠢ᠂ ᠰᠢᠲᠠᠮᠠᠬᠠᠢ ᠬᠡᠢ ᠬᠡᠷᠡᠭᠯᠡᠬᠦ ᠡᠷᠦᠬᠡ ᠠᠴᠠ ᠲᠤᠰ ᠨᠢᠭᠡᠴᠢ ᠪᠤᠶᠤ ᠵᠢᠭᠠᠨ ᠲᠣᠭᠲᠠᠭᠠᠭᠰᠠᠨ ᠤᠭᠰᠠᠷᠠᠬᠤ ᠨᠢᠭᠡᠴᠢ ᠳᠤ ᠨᠠᠶᠢᠳᠠᠵᠤ ᠰᠢᠲᠠᠮᠠᠬᠠᠢ ᠬᠡᠢ ᠶᠢᠨ | ᠲᠥᠬᠦᠭᠡᠷᠦᠮᠵᠢ ᠤᠭᠰᠠᠷᠠᠭᠤᠯᠬᠤ ᠶᠢ ᠬᠢᠵᠠᠭᠠᠷᠯᠠᠨ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠵᠦ ᠬᠢᠵᠠᠭᠠᠷᠯᠠᠨ ᠲᠣᠭᠲᠠᠭᠠᠵᠤ ᠪᠣᠯᠬᠤ ᠦᠭᠡᠢ᠂ ᠰᠢᠲᠠᠮᠠᠬᠠᠢ | ᠬᠡᠢ ᠬᠡᠷᠡᠭᠯᠡᠬᠦ ᠡᠷᠦᠬᠡ ᠠᠴᠠ ᠲᠤᠰ ᠨᠢᠭᠡᠴᠢ ᠪᠤᠶᠤ ᠵᠢᠭᠠᠨ ᠲᠣᠭᠲᠠᠭᠠᠭᠰᠠᠨ ᠤᠭᠰᠠᠷᠠᠬᠤ ᠨᠢᠭᠡᠴᠢ ᠳᠤ ᠨᠠᠶᠢᠳᠠᠵᠤ ᠪᠠᠶᠢᠭᠠᠳ ᠰᠢᠲᠠᠮᠠᠬᠠᠢ ᠬᠡᠢ ᠶᠢᠨ ᠲᠥᠬᠦᠭᠡᠷᠦᠮᠵᠢ | ᠤᠭᠰᠠᠷᠠᠭᠤᠯᠬᠤ ᠶᠢ ᠬᠢᠵᠠᠭᠠᠷᠯᠠᠨ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠵᠦ ᠬᠢᠵᠠᠭᠠᠷᠯᠠᠨ ᠲᠣᠭᠲᠠᠭᠠᠵᠤ ᠪᠣᠯᠬᠤ ᠦᠭᠡᠢ᠃ | ᠬᠤᠷᠢᠨ ᠬᠤᠶᠠᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠶᠠᠰᠤ ᠴᠢᠨᠠᠷ ᠢ ᠰᠢᠯᠭᠠᠨ ᠪᠠᠶᠢᠴᠠᠭᠠᠬᠤ ᠳᠦᠷᠢᠮ ᠲᠣᠭᠲᠠᠭᠠᠵᠤ᠂ ᠡᠵᠡᠩᠨᠡᠵᠦ ᠪᠠᠶᠢᠭ᠎ᠠ | ᠰᠢᠲᠠᠮᠠᠬᠠᠢ ᠬᠡᠢ ᠶᠢᠨ ᠢᠯᠴᠢ ᠶᠢᠨ ᠬᠡᠮᠵᠢᠭᠳᠡᠯ᠂ ᠨᠠᠶᠢᠷᠠᠯᠭ᠎ᠠ᠂ ᠦᠨᠦᠷ᠂ ᠳᠠᠷᠤᠯᠲᠠ ᠵᠡᠷᠭᠡ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠦᠯᠬᠦ ᠶᠢ | ᠪᠠᠳᠤᠯᠠᠨ᠎ᠠ᠃ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠥᠷᠲᠡᠭᠡ ᠴᠡᠭ ᠨᠢ ᠰᠢᠲᠠᠮᠠᠬᠠᠢ ᠬᠡᠢ ᠶᠢᠨ ᠬᠡᠷᠡᠭᠯᠡᠭᠴᠢᠳ ᠲᠤ ᠳᠦᠭᠦᠷᠭᠡᠨ ᠰᠠᠪᠠᠯᠠᠬᠤ | ᠬᠡᠮᠵᠢᠶ᠎ᠡ ᠶᠢ ᠲᠠᠬᠢᠨ ᠬᠢᠨᠠᠵᠦ ᠵᠢᠩᠯᠡᠬᠦ ᠪᠠᠭᠠᠵᠢ ᠬᠡᠷᠡᠭᠰᠡᠯ ᠬᠠᠩᠭᠠᠵᠤ᠂ ᠰᠢᠲᠠᠮᠠᠬᠠᠢ ᠬᠡᠢ ᠶᠢᠨ ᠯᠣᠩᠬᠤᠨ ᠤ ᠳᠦᠭᠦᠷᠭᠡᠨ ᠰᠠᠪᠠᠯᠠᠬᠤ ᠬᠡᠮᠵᠢᠶ᠎ᠡ ᠨᠢ ᠵᠢᠩᠯᠡᠬᠦ ᠬᠦᠨᠳᠦ ᠶᠢᠨ | ᠬᠡᠮᠵᠢᠶ᠎ᠡ ᠵᠢᠴᠢ ᠤᠯᠤᠰ ᠠᠴᠠ ᠲᠣᠭᠲᠠᠭᠠᠭᠰᠠᠨ ᠳᠦᠭᠦᠷᠭᠡᠨ ᠠᠴᠢᠶᠠᠯᠠᠬᠤ ᠬᠡᠪᠴᠢᠶ᠎ᠡ ᠯᠦᠭᠡ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠨᠢ ᠠᠵᠢᠯᠴᠢᠳ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠰᠢᠲᠠᠮᠠᠬᠠᠢ ᠬᠡᠢ ᠶᠢᠨ | ᠠᠶᠤᠯᠭᠦᠢ ᠶᠢᠨ ᠬᠠᠮᠢᠶᠠᠷᠤᠯᠲᠠ᠂ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠢ ᠤᠭᠰᠠᠷᠠᠬᠤ ᠪᠠ ᠰᠡᠯᠪᠢᠨ ᠵᠠᠰᠠᠬᠤ᠂ ᠯᠣᠩᠬᠤᠨ ᠳᠤ ᠰᠠᠪᠠᠯᠠᠭᠰᠠᠨ | ᠰᠢᠲᠠᠮᠠᠬᠠᠢ ᠬᠡᠢ ᠶᠢ ᠲᠣᠬᠢᠷᠠᠭᠤᠯᠤᠨ ᠬᠦᠷᠭᠡᠬᠦ᠂ ᠠᠶᠤᠯ ᠠᠴᠠ ᠠᠪᠤᠷᠠᠵᠤ ᠵᠠᠪᠳᠤᠨ ᠵᠠᠰᠠᠬᠤ ᠠᠵᠢᠯᠲᠠᠨ ᠵᠣᠬᠢᠴᠠᠩᠭᠤᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ | ᠬᠡᠷᠡᠭᠲᠡᠢ᠃ | ᠰᠢᠲᠠᠮᠠᠬᠠᠢ ᠬᠡᠢ ᠶᠢᠨ ᠠᠵᠢᠯ ᠲᠥᠷᠥᠯ ᠤᠨ ᠣᠨᠴᠠ ᠲᠣᠭᠲᠠᠭᠠᠭᠰᠠᠨ ᠠᠵᠢᠯ ᠤᠨ ᠪᠠᠶᠢᠷᠢ ᠶᠢ ᠡᠷᠭᠢᠯᠡᠬᠦ ᠳᠤ ᠠᠵᠢᠯ ᠮᠡᠷᠭᠡᠵᠢᠯ ᠤᠨ ᠬᠢᠷᠢ ᠬᠡᠮ ᠤᠨ | ᠱᠠᠭᠠᠷᠳᠠᠯᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠠᠵᠢᠯᠲᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠬᠢᠷᠠᠭᠰᠠᠨ ᠠᠵᠢᠯ ᠮᠡᠷᠭᠡᠵᠢᠯ ᠤᠨ ᠬᠢᠷᠢ | ᠬᠡᠮ ᠢ ᠣᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠰᠢᠲᠠᠮᠠᠬᠠᠢ ᠬᠡᠢ ᠡᠵᠡᠩᠨᠡᠭᠴᠢ ᠶᠢᠨ ᠰᠣᠩᠭᠤᠨ ᠬᠡᠷᠡᠭᠯᠡᠭᠰᠡᠨ ᠰᠢᠲᠠᠮᠠᠬᠠᠢ ᠬᠡᠢ ᠬᠠᠳᠠᠭᠠᠯᠠᠬᠤ ᠰᠠᠪᠠ᠂ ᠬᠡᠢ ᠶᠢᠨ ᠯᠣᠩᠬᠤ | ᠪᠣᠯᠣᠨ ᠳᠠᠷᠤᠯᠲᠠ ᠲᠣᠬᠢᠷᠠᠭᠤᠯᠤᠭᠴᠢ ᠵᠡᠷᠭᠡ ᠰᠢᠲᠠᠮᠠᠬᠠᠢ ᠬᠡᠢ ᠶᠢᠨ ᠲᠥᠬᠦᠭᠡᠷᠦᠮᠵᠢ ᠨᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠬᠦ ᠶᠢᠨ ᠬᠠᠮᠲᠤ ᠤᠯᠤᠰ | ᠂ ᠥᠪᠡᠷᠲᠡᠭᠡᠨ ᠵᠠᠰᠠᠭ ᠣᠷᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠬᠤ᠂ ᠰᠢᠨᠡᠳᠬᠡᠬᠦ ᠪᠠ ᠰᠢᠯᠭᠠᠨ ᠲᠣᠭᠲᠠᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ ᠶᠢᠨ ᠬᠡᠪ ᠤᠨ ᠬᠠᠩᠭᠠᠯᠭ᠎ᠠ ᠶᠢ ᠪᠠᠳᠤᠯᠠᠨ᠎ᠠ᠂ ᠳᠤᠷ᠎ᠠ ᠪᠠᠷ ᠢᠶᠠᠨ ᠰᠢᠲᠠᠮᠠᠬᠠᠢ | ᠬᠡᠢ ᠬᠠᠩᠭᠠᠬᠤ ᠪᠠ ᠵᠣᠭᠰᠣᠭᠠᠵᠤ᠂ ᠰᠢᠲᠠᠮᠠᠬᠠᠢ ᠬᠡᠢ ᠶᠢᠨ ᠲᠦᠷᠦᠯ ᠢ ᠰᠣᠯᠢᠵᠤ ᠪᠣᠯᠬᠤ ᠦᠭᠡᠢ᠃ ᠰᠢᠲᠠᠮᠠᠬᠠᠢ ᠬᠡᠢ ᠬᠠᠩᠭᠠᠬᠤ ᠶᠢ ᠦᠨᠡᠨ ᠬᠦ ᠵᠣᠭᠰᠤᠭᠠᠬᠤ᠂ | ᠰᠢᠲᠠᠮᠠᠬᠠᠢ ᠬᠡᠢ ᠶᠢᠨ ᠲᠥᠷᠥᠯ ᠵᠦᠢᠯ ᠢ ᠰᠣᠯᠢᠬᠤ ᠴᠢᠬᠤᠯᠠ ᠲᠠᠢ ᠪᠣᠯ᠂ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ ᠰᠢᠲᠠᠮᠠᠬᠠᠢ ᠬᠡᠢ ᠬᠡᠷᠡᠭᠯᠡᠬᠦ ᠡᠷᠦᠬᠡ ᠶᠢᠨ ᠰᠢᠲᠠᠮᠠᠬᠠᠢ ᠬᠡᠢ ᠬᠠᠩᠭᠠᠬᠤ ᠶᠠᠪᠤᠳᠠᠯ ᠳᠤ ᠲᠣᠬᠢᠲᠠᠢ ᠲᠣᠬᠢᠷᠠᠭᠤᠯᠤᠯᠲᠠ ᠬᠢᠬᠦ ᠬᠡᠷᠡᠭᠲᠡᠢ᠃ | ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠪᠠᠷᠢᠯᠭ᠎ᠠ ᠪᠠᠷᠢᠬᠤ᠂ ᠪᠠᠶᠢᠴᠠᠭᠠᠨ ᠵᠠᠰᠠᠬᠤ ᠵᠡᠷᠭᠡ ᠰᠢᠯᠲᠠᠭᠠᠨ ᠠᠴᠠ ᠪᠣᠯᠵᠤ ᠬᠡᠢ ᠬᠠᠩᠭᠠᠬᠤ | ᠬᠡᠮᠵᠢᠶ᠎ᠡ ᠪᠠᠨ ᠲᠦᠷ ᠴᠠᠭ ᠲᠣᠬᠢᠷᠠᠭᠤᠯᠬᠤ ᠪᠤᠶᠤ ᠬᠡᠢ ᠬᠠᠩᠭᠠᠬᠤ ᠪᠠᠨ ᠲᠦᠷ ᠵᠣᠭᠰᠤᠭᠠᠬᠤ ᠴᠢᠬᠤᠯᠠᠲᠠᠢ ᠪᠠᠶᠢᠪᠠᠯ᠂ ᠠᠵᠢᠯᠯᠠᠬᠤ ᠴᠠᠭ ᠪᠠ ᠨᠥᠯᠥᠭᠡᠯᠡᠬᠦ ᠣᠷᠣᠨ | ᠪᠦᠰᠡ ᠪᠠᠨ ᠳᠥᠴᠢᠨ ᠨᠠᠢᠮᠠᠨ ᠴᠠᠭ ᠤᠷᠢᠳᠴᠢᠯᠠᠨ ᠵᠠᠷᠯᠠᠨ ᠨᠡᠶᠢᠲᠡᠯᠡᠬᠦ ᠪᠤᠶᠤ ᠰᠢᠲᠠᠮᠠᠬᠠᠢ ᠬᠡᠢ ᠶᠢᠨ ᠬᠡᠷᠡᠭᠯᠡᠭᠴᠢᠳ ᠲᠤ ᠪᠢᠴᠢᠭ ᠢᠶᠠᠷ ᠮᠡᠳᠡᠭᠳᠡᠬᠦ ᠬᠡᠷᠡᠭᠲᠡᠢ︔ | ᠭᠡᠨᠡᠳᠲᠡ ᠶᠢᠨ ᠬᠡᠷᠡᠭ ᠠᠴᠠ ᠪᠣᠯᠵᠤ ᠬᠡᠢ ᠬᠠᠩᠭᠠᠬᠤ ᠶᠢ ᠨᠥᠯᠥᠭᠡᠯᠡᠬᠦ ᠳᠤ ᠬᠦᠷᠪᠡᠯ᠂ ᠪᠠᠴᠢᠮ ᠠᠷᠭ᠎ᠠ ᠬᠡᠮᠵᠢᠶ᠎ᠡ ᠠᠪᠴᠤ᠂ ᠰᠢᠲᠠᠮᠠᠬᠠᠢ ᠬᠡᠢ | ᠬᠡᠷᠡᠭᠯᠡᠭᠴᠢᠳ ᠲᠤ ᠴᠠᠭ ᠲᠤᠬᠠᠢ ᠳᠤ ᠮᠥᠨ ᠮᠡᠳᠡᠭᠳᠡᠬᠦ ᠶᠢᠨ ᠬᠠᠮᠲᠤ ᠲᠣᠭᠲᠠᠭᠠᠯ ᠶᠣᠰᠣᠭᠠᠷ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠢ᠃ ᠬᠡᠢ ᠬᠠᠩᠭᠠᠬᠤ ᠪᠠᠨ ᠵᠣᠭᠰᠣᠭᠰᠠᠨ ᠰᠢᠯᠲᠠᠭᠠᠨ ᠢ ᠠᠷᠢᠯᠭᠠᠭᠰᠠᠨ ᠤ ᠳᠠᠷᠠᠭ᠎ᠠ᠂ ᠳᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠡᠵᠡᠩᠨᠡᠭᠴᠢ | ᠬᠡᠢ ᠬᠠᠩᠭᠠᠬᠤ ᠪᠠᠨ ᠠᠯᠢ ᠲᠦᠷᠭᠡᠨ ᠢᠶᠠᠷ ᠰᠡᠷᠭᠦᠭᠡᠨ᠎ᠡ᠃ ᠰᠢᠲᠠᠮᠠᠬᠠᠢ ᠬᠡᠢ ᠶᠢᠨ ᠬᠠᠩᠭᠠᠯᠭ᠎ᠠ ᠶᠢ ᠰᠡᠷᠭᠦᠭᠡᠬᠦ ᠠᠴᠠ ᠡᠮᠦᠨ᠎ᠡ ᠰᠢᠲᠠᠮᠠᠬᠠᠢ ᠬᠡᠢ ᠶᠢᠨ ᠬᠡᠷᠡᠭᠯᠡᠭᠴᠢ ᠳᠤ | ᠴᠠᠭ ᠲᠤᠬᠠᠢ ᠳᠤ ᠨᠢ ᠮᠡᠳᠡᠭᠳᠡᠨ᠎ᠡ᠂ ᠭᠡᠬᠦ ᠳᠡᠭᠡᠨ 22 ᠴᠠᠭ ᠠᠴᠠ ᠳᠠᠷᠠᠭ᠎ᠠ ᠡᠳᠦᠷ ᠤᠨ 6 ᠴᠠᠭ ᠤᠨ ᠬᠤᠭᠤᠷᠣᠨᠳᠤ ᠰᠠᠭᠤᠭᠠᠯᠢ ᠠᠷᠠᠳ ᠤᠨ ᠬᠡᠷᠡᠭᠯᠡᠭᠴᠢ ᠳᠤ | ᠰᠢᠲᠠᠮᠠᠬᠠᠢ ᠬᠡᠢ ᠶᠢᠨ ᠬᠠᠩᠭᠠᠯᠭ᠎ᠠ ᠶᠢ ᠰᠡᠷᠭᠦᠭᠡᠵᠦ ᠪᠣᠯᠬᠤ ᠦᠭᠡᠢ᠃ | ᠰᠢᠲᠠᠮᠠᠬᠠᠢ ᠬᠡᠢ ᠡᠵᠡᠩᠨᠡᠭᠴᠢ ᠠᠵᠢᠯ ᠢᠶᠠᠨ ᠵᠣᠭᠰᠤᠭᠠᠬᠤ ᠪᠤᠶᠤ ᠠᠮᠤᠰᠬᠢᠬᠦ ᠳᠤ ᠬᠦᠷᠪᠡᠯ᠂ ᠲᠡᠭᠦᠨ ᠤ ᠰᠢᠲᠠᠮᠠᠬᠠᠢ ᠬᠡᠢ ᠬᠠᠩᠭᠠᠬᠤ ᠬᠡᠪᠴᠢᠶᠡᠨ ᠳᠣᠲᠣᠷᠠᠬᠢ | ᠰᠢᠲᠠᠮᠠᠬᠠᠢ ᠬᠡᠢ ᠬᠡᠷᠡᠭᠯᠡᠭᠴᠢᠳ ᠤᠨ ᠬᠡᠪ ᠤᠨ ᠬᠡᠷᠡᠭᠯᠡᠭᠡᠨ ᠤ ᠬᠡᠢ ᠶᠢ ᠤᠷᠢᠳ ᠢᠶᠠᠷ ᠲᠣᠬᠢᠲᠠᠢ ᠲᠣᠬᠢᠷᠠᠭᠤᠯᠬᠤ ᠬᠡᠷᠡᠭᠲᠡᠢ ᠪᠥᠭᠡᠳ ᠶᠡᠷᠡᠨ ᠠᠵᠢᠯᠯᠠᠬᠤ ᠡᠳᠦᠷ ᠠᠴᠠ | ᠡᠮᠦᠨ᠎ᠡ ᠪᠠᠶᠢᠭ᠎ᠠ ᠭᠠᠵᠠᠷ ᠤᠨ ᠢᠶᠠᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ | ᠠᠵᠢᠯ ᠢᠶᠠᠨ ᠵᠤᠭᠰᠤᠭᠠᠬᠤ ᠪᠤᠶᠤ ᠠᠮᠦᠰᠬᠢᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠲᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠡᠵᠡᠩᠨᠡᠭᠴᠢ ᠲᠦᠭᠡᠮᠡᠯ ᠦᠢᠯᠡᠴᠢᠯᠡᠭᠡᠨ ᠤ ᠡᠭᠦᠷᠭᠡ ᠪᠠᠨ ᠭᠦᠢᠴᠡᠳᠬᠡᠬᠦ | ᠬᠡᠷᠡᠭᠲᠡᠢ᠂ ᠭᠤᠶᠤᠴᠢᠯᠠᠭᠰᠠᠨ ᠪᠥᠭᠡᠳ ᠬᠡᠷᠡᠭᠯᠡᠬᠦ ᠨᠥᠬᠦᠴᠡᠯ ᠳᠤ ᠨᠡᠶᠢᠴᠡᠭᠰᠡᠨ ᠰᠢᠲᠠᠮᠠᠬᠠᠢ ᠬᠡᠢ ᠬᠡᠷᠡᠭᠯᠡᠭᠴᠢ ᠳᠤ ᠰᠢᠲᠠᠮᠠᠬᠠᠢ ᠬᠡᠢ ᠬᠠᠩᠭᠠᠬᠤ ᠶᠢ ᠲᠡᠪᠴᠢᠵᠦ ᠪᠣᠯᠬᠤ | ᠦᠭᠡᠢ᠃ | ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠬᠠᠩᠭᠠᠬᠤ ᠬᠡᠪᠴᠢᠶᠡᠨ ᠳᠣᠲᠣᠷᠠᠬᠢ ᠬᠤᠲᠠ ᠶᠢᠨ ᠶᠠᠪᠤᠳᠠᠯ ᠤᠨ | ᠰᠢᠲᠠᠮᠠᠬᠠᠢ ᠬᠡᠢ ᠶᠢᠨ ᠲᠦᠭᠦᠭᠡᠷᠦᠮᠵᠢ᠂ ᠪᠠᠷᠢᠯᠭ᠎ᠠ ᠶᠢᠨ ᠣᠷᠣᠨ ᠬᠤᠪᠢᠶᠠᠷᠢᠯᠠᠯ ᠤᠨ ᠳᠣᠲᠣᠷᠠᠬᠢ ᠰᠢᠲᠠᠮᠠᠬᠠᠢ ᠬᠡᠢ ᠶᠢᠨ ᠲᠦᠭᠦᠭᠡᠷᠦᠮᠵᠢ ᠶᠢᠨ ᠠᠵᠢᠯᠯᠠᠭᠤᠯᠬᠤ᠂ | ᠬᠠᠮᠠᠭᠠᠯᠠᠬᠤ᠂ ᠵᠠᠪᠳᠤᠨ ᠵᠠᠰᠠᠬᠤ ᠪᠠ ᠰᠢᠨᠡᠳᠬᠡᠬᠦ ᠬᠠᠷᠢᠭᠤᠴᠠᠯᠭ᠎ᠠ ᠶᠢ ᠡᠭᠦᠷᠭᠡᠯᠡᠨ᠎ᠡ︔ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠡᠷᠦᠬᠡ ᠶᠢᠨ ᠳᠣᠲᠣᠷᠠᠬᠢ ᠰᠢᠲᠠᠮᠠᠬᠠᠢ | ᠬᠡᠢ ᠶᠢᠨ ᠲᠦᠭᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠬᠠᠮᠠᠭᠠᠯᠠᠯᠲᠠ᠂ ᠰᠢᠨᠡᠴᠢᠯᠡᠯᠳᠡ ᠳᠤ ᠬᠠᠷᠢᠭᠤᠴᠠᠬᠤ ᠶᠢᠨ ᠬᠠᠮᠲᠤ᠂ ᠰᠠᠭᠤᠭᠠᠯᠢ ᠠᠷᠠᠳ ᠤᠨ | ᠬᠡᠷᠡᠭᠯᠡᠭᠴᠢ ᠶᠢᠨ ᠵᠣᠬᠢᠬᠤ ᠵᠠᠷᠤᠳᠠᠯ ︵ᠰᠢᠲᠠᠮᠠᠬᠠᠢ ᠬᠡᠢ ᠶᠢᠨ ᠰᠢᠲᠠᠭᠠᠬᠤ ᠪᠠᠭᠠᠵᠢ ᠬᠡᠷᠡᠭᠰᠡᠯ᠂ ᠵᠠᠯᠭᠠᠬᠤ ᠵᠥᠭᠡᠯᠡᠨ ᠬᠤᠭᠤᠯᠠᠢ ᠪᠠᠭᠲᠠᠬᠤ ᠦᠭᠡᠢ︶ ᠢ ᠡᠭᠦᠷᠭᠡᠯᠡᠵᠦ᠂ | ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠶᠢᠨ ᠵᠣᠬᠢᠬᠤ ᠵᠠᠷᠤᠳᠠᠯ ᠢ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠶᠢᠨ ᠪᠣᠯᠵᠤᠭ᠎ᠠ ᠶᠣᠰᠣᠭᠠᠷ ᠡᠭᠦᠷᠭᠡᠯᠡᠨ᠎ᠡ᠃ | ᠬᠤᠷᠢᠨ ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠦᠨᠡᠨ ᠨᠡᠷ᠎ᠡ ᠪᠠᠷ ᠢᠶᠠᠨ | ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ᠎ᠡ᠃ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠦᠨᠳᠦᠰᠦᠨ ᠮᠡᠳᠡᠭᠡ ᠵᠠᠩᠭᠢ ᠵᠢᠴᠢ ᠬᠡᠷᠡᠭᠯᠡᠬᠦ | ᠬᠡᠢ ᠶᠢᠨ ᠯᠣᠩᠬᠤᠨ ᠤ ᠲᠤᠭ᠎ᠠ ᠬᠡᠮᠵᠢᠶ᠎ᠡ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠦᠶᠡᠯᠡᠯ ᠪᠠ ᠬᠡᠷᠡᠭᠯᠡᠭᠡᠨ ᠠᠴᠠ ᠭᠠᠷᠭᠠᠬᠤ ᠬᠤᠭᠤᠴᠠᠭ᠎ᠠ | ᠵᠡᠷᠭᠡ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠨ᠎ᠡ᠃ | ᠰᠢᠲᠠᠮᠠᠬᠠᠢ ᠬᠡᠢ ᠶᠢᠨ ᠬᠡᠷᠡᠭᠯᠡᠭᠴᠢ ᠬᠡᠢ ᠶᠢᠨ ᠯᠤᠩᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠦᠶᠡᠯᠡᠯ ᠲᠠᠢ ᠪᠠᠶᠢᠵᠤ᠂ | ᠬᠡᠷᠡᠭᠯᠡᠭᠡᠨ ᠠᠴᠠ ᠭᠠᠷᠭᠠᠬᠤ ᠬᠤᠭᠤᠴᠠᠭ᠎ᠠ ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠰᠢᠲᠠᠮᠠᠬᠠᠢ ᠬᠡᠢ ᠶᠢᠨ ᠯᠤᠩᠬᠤ ᠪᠠᠨ ᠰᠢᠲᠠᠮᠠᠬᠠᠢ ᠬᠡᠢ ᠶᠢᠨ | ᠡᠵᠡᠩᠨᠡᠭᠴᠢ ᠳᠤ ᠬᠦᠷᠭᠡᠨ ᠥᠭᠴᠦ ᠰᠢᠢᠳᠪᠦᠷᠢᠯᠡᠭᠦᠯᠬᠦ ᠬᠡᠷᠡᠭᠲᠡᠢ᠃ ᠬᠦᠷᠭᠡᠵᠦ ᠥᠭᠭᠦᠭᠰᠡᠨ ᠦᠭᠡᠢ ᠪᠠᠶᠢᠪᠠᠯ᠂ ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ | ᠬᠡᠷᠡᠭᠯᠡᠭᠴᠢᠳ ᠲᠤ ᠮᠡᠳᠡᠭᠳᠡᠨ᠎ᠡ᠃ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠬᠡᠷᠡᠭᠯᠡᠭᠴᠢᠳ ᠲᠤ ᠰᠢᠲᠠᠮᠠᠬᠠᠢ ᠬᠡᠢ ᠶᠢᠨ ᠯᠣᠩᠬᠤ ︵ᠨᠡᠭᠡᠯᠡᠭᠡᠢ᠂ ᠳᠠᠷᠤᠯᠲᠠ | ᠪᠠᠭᠤᠷᠠᠭᠤᠯᠬᠤ ᠨᠡᠭᠡᠯᠡᠭᠡᠢ ᠪᠠᠭᠲᠠᠨ᠎ᠠ︶ ᠬᠠᠩᠭᠠᠬᠤ᠂ ᠲᠣᠬᠢᠷᠠᠭᠤᠯᠤᠨ ᠬᠦᠷᠭᠡᠬᠦ᠂ ᠤᠭᠰᠠᠷᠠᠬᠤ ᠶᠢ ᠬᠠᠷᠢᠭᠤᠴᠠᠬᠤ ᠶᠢᠨ ᠬᠠᠮᠲᠤ ᠬᠠᠮᠠᠭᠠᠯᠠᠬᠤ᠂ ᠰᠢᠨᠡᠳᠬᠡᠬᠦ ᠪᠠ | ᠠᠶᠤᠯᠭᠦᠢ ᠪᠠᠷ ᠬᠡᠢ ᠬᠡᠷᠡᠭᠯᠡᠬᠦ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠲᠠᠮᠠᠬᠠᠢ ᠬᠡᠢ ᠬᠡᠷᠡᠭᠯᠡᠭᠴᠢᠳ ᠤᠨ ᠬᠡᠢ ᠬᠡᠷᠡᠭᠯᠡᠬᠦ ᠲᠠᠯᠠᠪᠤᠷ᠂ ᠰᠢᠲᠠᠮᠠᠬᠠᠢ | ᠬᠡᠢ ᠶᠢᠨ ᠲᠥᠬᠦᠭᠡᠷᠦᠮᠵᠢ ᠪᠠ ᠰᠢᠲᠠᠮᠠᠬᠠᠢ ᠬᠡᠢ ᠰᠢᠲᠠᠭᠠᠬᠤ ᠪᠠᠭᠠᠵᠢ ᠬᠡᠷᠡᠭᠰᠡᠯ ᠳᠤ ᠠᠶᠤᠯᠭᠦᠢ ᠶᠢᠨ ᠪᠠᠶᠢᠴᠠᠭᠠᠯᠲᠠ ᠬᠢᠬᠦ ᠬᠡᠷᠡᠭᠲᠡᠢ᠃ ᠰᠢᠲᠠᠮᠠᠬᠠᠢ ᠬᠡᠢ ᠶᠢᠨ | ᠡᠵᠡᠩᠨᠡᠭᠴᠢ ᠲᠤᠰᠬᠠᠢ ᠲᠡᠭᠡᠭᠡᠪᠦᠷᠢ ᠶᠢᠨ ᠨᠢᠭᠡᠴᠢ ᠳᠤ ᠨᠠᠶᠢᠳᠠᠵᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠲᠣᠬᠢᠷᠠᠭᠤᠯᠤᠨ ᠬᠦᠷᠭᠡᠭᠦᠯᠬᠦ ᠳᠤ ᠭᠦᠷᠪᠡᠯ᠂ | ᠲᠣᠬᠢᠷᠠᠭᠤᠯᠤᠨ ᠬᠦᠷᠭᠡᠬᠦ ᠠᠵᠢᠯᠲᠠᠨ ᠪᠠ ᠲᠡᠷᠭᠡ ᠬᠥᠰᠬᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠢᠲᠠᠮᠠᠬᠠᠢ ᠬᠡᠢ ᠶᠢᠨ ᠡᠵᠡᠩᠨᠡᠭᠴᠢ ᠪᠠ ᠲᠤᠰᠬᠠᠢ | ᠲᠡᠭᠡᠭᠡᠪᠦᠷᠢ ᠶᠢᠨ ᠨᠢᠭᠡᠴᠢ ᠬᠤᠶᠠᠷ ᠲᠠᠯ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠬᠡᠷᠡᠭᠯᠡᠭᠴᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠭᠦᠯᠵᠦ᠂ ᠰᠢᠲᠠᠮᠠᠬᠠᠢ ᠬᠡᠢ ᠬᠡᠷᠡᠭᠯᠡᠭᠴᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠲᠠᠮᠠᠬᠠᠢ ᠬᠡᠢ ᠬᠡᠷᠡᠭᠯᠡᠭᠴᠢ ᠶᠢᠨ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠦᠯᠦᠨ᠎ᠡ᠃ | ᠬᠤᠷᠢᠨ ᠨᠠᠢᠮᠠᠳᠤᠭᠠᠷ ᠵᠦᠢᠯ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠭᠴᠢ ᠬᠡᠢ ᠶᠢᠨ ᠯᠣᠩᠬᠤᠨ ᠳᠤ ᠳᠦᠭᠦᠷᠭᠡᠨ ᠰᠠᠪᠠᠯᠠᠬᠤ᠂ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠯᠲᠡ ᠶᠢᠨ ᠶᠠᠪᠤᠴᠠ ᠳᠤ ᠳᠣᠣᠷ᠎ᠠ ᠵᠢᠭᠰᠠᠭᠠᠭᠰᠠᠨ ᠠᠶᠤᠯᠭᠦᠢ ᠶᠢᠨ ᠲᠣᠭᠲᠠᠭᠠᠯ ᠢ ᠵᠢᠷᠤᠮᠯᠠᠨ᠎ᠠ᠄ | ︵ᠨᠢᠭᠡ︶ ᠤᠯᠤᠰ ᠤᠨ ᠪᠠᠷᠢᠮᠵᠢᠶ᠎ᠠ ᠪᠠ ᠲᠣᠭᠲᠠᠭᠠᠯ ᠶᠣᠰᠣᠭᠠᠷ ᠰᠢᠲᠠᠮᠠᠬᠠᠢ ᠬᠡᠢ ᠶᠢᠨ ᠯᠣᠩᠬᠤ ᠶᠢ ᠰᠢᠯᠭᠠᠨ ᠪᠠᠶᠢᠴᠠᠭᠠᠬᠤ ᠬᠡᠷᠡᠭᠲᠡᠢ᠂ ᠬᠤᠭᠤᠴᠠᠭ᠎ᠠ ᠨᠢ | ᠥᠩᠭᠡᠷᠡᠭᠡᠳ ᠰᠢᠯᠭᠠᠨ ᠪᠠᠶᠢᠴᠠᠭᠠᠭᠰᠠᠨ ᠦᠭᠡᠢ ᠬᠡᠢ ᠶᠢᠨ ᠯᠣᠩᠬᠤ᠂ ᠬᠢᠷᠢ ᠲᠡᠩᠴᠡᠬᠦ ᠦᠭᠡᠢ ᠬᠡᠢ ᠶᠢᠨ ᠯᠣᠩᠬᠤ ᠪᠠ ᠬᠠᠶᠠᠭᠳᠠᠮᠠᠯ ᠬᠡᠢ ᠶᠢᠨ ᠯᠣᠩᠬᠤᠨ ᠳᠤ | ᠰᠢᠲᠠᠮᠠᠬᠠᠢ ᠬᠡᠢ ᠳᠦᠭᠦᠷᠭᠡᠨ ᠰᠠᠪᠠᠯᠠᠵᠤ ᠪᠣᠯᠬᠤ ᠦᠭᠡᠢ︔ | ︵ᠬᠤᠶᠠᠷ︶ ᠤᠯᠤᠰ ᠤᠨ ᠪᠠᠷᠢᠮᠵᠢᠶ᠎ᠠ ᠪᠠ ᠲᠣᠭᠲᠠᠭᠠᠯ ᠶᠣᠰᠣᠭᠠᠷ ᠰᠢᠲᠠᠮᠠᠬᠠᠢ ᠬᠡᠢ ᠳᠦᠭᠦᠷᠭᠡᠵᠦ᠂ ᠦᠯᠡᠳᠡᠭᠳᠡᠯ ᠰᠢᠩᠭᠡᠨ ᠢ ᠨᠢ ᠰᠣᠷᠣᠭᠤᠯᠵᠤ ᠠᠪᠬᠤ︔ | ︵ᠭᠤᠷᠪᠠ︶ ᠥᠷᠲᠡᠭᠡ ᠠᠴᠠ ᠭᠠᠷᠬᠤ ᠰᠢᠲᠠᠮᠠᠬᠠᠢ ᠬᠡᠢ ᠶᠢᠨ ᠯᠤᠩᠬᠤᠨ ᠳᠤ ᠳᠠᠬᠢᠨ ᠪᠠᠶᠢᠴᠠᠭᠠᠯᠲᠠ ᠬᠢᠵᠦ᠂ ᠳᠠᠬᠢᠨ ᠪᠠᠶᠢᠴᠠᠭᠠᠭᠠᠳ ᠬᠢᠷᠢ ᠲᠡᠩᠴᠡᠭᠰᠡᠨ | ᠪᠠᠶᠢᠪᠠᠯ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠵᠢᠴᠢ ᠤᠯᠤᠰ ᠤᠨ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠰᠡᠷᠡᠮᠵᠢ ᠶᠢᠨ ᠱᠣᠰᠢᠭ᠎ᠠ᠂ ᠳᠦᠭᠦᠷᠭᠡᠨ | ᠤᠭᠰᠠᠷᠠᠬᠤ ᠱᠣᠰᠢᠭ᠎ᠠ ᠶᠢ ᠨᠠᠭᠠᠬᠤ ᠶᠢᠨ ᠬᠠᠮᠲᠤ ᠠᠮᠤᠷ ᠲᠦᠪᠰᠢᠨ ᠢᠶᠠᠷ ᠬᠡᠷᠡᠭᠯᠡᠬᠦ ᠲᠣᠳᠣᠷᠬᠠᠶᠢᠯᠠᠯᠲᠠ ᠣᠯᠭᠤᠨ᠎ᠠ᠃ ᠰᠡᠷᠡᠮᠵᠢ ᠶᠢᠨ ᠱᠣᠰᠢᠭ᠎ᠠ ᠪᠠᠶᠢᠬᠤ ᠦᠭᠡᠢ ᠪᠠ | ᠳᠦᠭᠦᠷᠭᠡᠨ ᠤᠭᠰᠠᠷᠠᠬᠤ ᠱᠣᠰᠢᠭ᠎ᠠ ᠪᠠᠶᠢᠬᠤ ᠦᠭᠡᠢ ᠪᠤᠶᠤ ᠱᠣᠰᠢᠭ᠎ᠠ ᠨᠢ ᠲᠣᠳᠣᠷᠬᠠᠢ ᠦᠭᠡᠢ᠂ ᠵᠢᠷᠤᠮᠵᠢᠯ ᠦᠭᠡᠢ ᠬᠡᠢ ᠶᠢᠨ ᠯᠤᠩᠬᠤ ᠶᠢ ᠥᠷᠲᠡᠭᠡ ᠠᠴᠠ | ᠭᠠᠷᠭᠠᠵᠤ ᠪᠣᠯᠬᠤ ᠦᠭᠡᠢ︔ | ︵ᠳᠥᠷᠪᠡ︶ ᠬᠡᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠰᠢᠲᠠᠮᠠᠬᠠᠢ ᠬᠡᠢ ᠶᠢᠨ ᠯᠤᠩᠬᠤ ᠶᠢ ᠪᠡᠯᠡᠳᠬᠡᠵᠦ᠂ ᠳᠦᠭᠦᠷᠭᠡᠵᠦ ᠰᠠᠪᠠᠯᠠᠭᠰᠠᠨ | ᠬᠡᠢ ᠶᠢᠨ ᠯᠤᠩᠬᠤ ᠶᠢᠨ ᠡᠵᠡᠩᠨᠡᠯᠲᠡ᠂ ᠲᠡᠭᠡᠭᠡᠪᠦᠷᠢ᠂ ᠬᠡᠷᠡᠭᠯᠡᠯᠲᠡ ᠶᠢᠨ ᠪᠥᠬᠦ ᠶᠠᠪᠤᠴᠠ ᠶᠢ ᠮᠥᠷᠳᠡᠵᠦ ᠪᠣᠯᠬᠤ ᠶᠢ ᠪᠠᠲᠤᠯᠠᠵᠤ᠂ ᠬᠡᠷᠡᠭᠯᠡᠬᠦ ᠬᠤᠭᠤᠴᠠᠭ᠎ᠠ ᠠᠴᠠ | ᠬᠡᠲᠦᠷᠡᠭᠰᠡᠨ ᠬᠡᠢ ᠶᠢᠨ ᠯᠤᠩᠬᠤ ᠶᠢ ᠡᠭᠡᠭᠦᠯᠦᠨ ᠬᠤᠷᠢᠶᠠᠬᠤ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠂ ᠥᠪᠡᠷ ᠤᠨ ᠪᠤᠰᠤ ᠬᠡᠢ ᠶᠢᠨ | ᠯᠤᠩᠬᠤ ᠳᠤ ᠳᠤᠷ᠎ᠠ ᠪᠠᠷ ᠢᠶᠠᠨ ᠰᠢᠲᠠᠮᠠᠬᠠᠢ ᠬᠡᠢ ᠳᠦᠭᠦᠷᠭᠡᠵᠦ ᠪᠣᠯᠬᠤ ᠦᠭᠡᠢ︔ | ︵ᠲᠠᠪᠤ︶ ᠤᠯᠤᠰ ᠤᠨ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠭᠰᠡᠨ ᠰᠢᠲᠠᠮᠠᠬᠠᠢ ᠬᠡᠢ ᠶᠢ ᠳᠦᠭᠦᠷᠭᠡᠨ ᠤᠭᠰᠠᠷᠠᠬᠤ ᠳᠤ ᠪᠠᠨ ᠠᠷᠠᠳ ᠤᠨ ᠬᠡᠷᠡᠭᠯᠡᠭᠡᠨ ᠤ | ᠰᠢᠩᠭᠡᠨᠵᠢᠮᠡᠯ ᠴᠢᠯᠠᠭᠤᠨ ᠲᠤᠰᠤᠨ ᠤ ᠬᠡᠢ ᠳᠤ ᠬᠤᠶᠠᠷ ᠮᠧᠲ᠋ᠢᠯᠲᠦ ᠡᠲ᠋ᠧᠷ ᠬᠤᠯᠢᠬᠤ ᠪᠤᠶᠤ ᠪᠤᠰᠤᠳ ᠠᠶᠤᠯᠲᠠᠢ ᠬᠢᠮᠢ ᠶᠢᠨ ᠵᠦᠢᠯ ᠢ ᠳᠤᠷ᠎ᠠ ᠪᠠᠷ ᠢᠶᠠᠨ ᠨᠡᠮᠡᠵᠦ | ᠪᠣᠯᠬᠤ ᠦᠭᠡᠢ︔ | ︵ᠵᠢᠷᠭᠤᠭ᠎ᠠ︶ ᠰᠢᠲᠠᠮᠠᠬᠠᠢ ᠬᠡᠢ ᠶᠢᠨ ᠬᠤᠪᠢᠯᠲᠤ ᠲᠡᠷᠭᠡ ᠠᠴᠠ ᠰᠢᠲᠠᠮᠠᠬᠠᠢ ᠬᠡᠢ ᠶᠢᠨ ᠯᠣᠩᠬᠤᠨ ᠳᠤ ᠰᠢᠲᠠᠮᠠᠬᠠᠢ ᠬᠡᠢ ᠶᠢ ᠰᠢᠭᠤᠳ ᠳᠦᠭᠦᠷᠭᠡᠨ ᠰᠠᠪᠠᠯᠠᠬᠤ᠂ | ᠪᠤᠰᠤᠳ ᠰᠢᠲᠠᠮᠠᠬᠠᠢ ᠬᠡᠢ ᠶᠢᠨ ᠬᠤᠪᠢᠯᠲᠤ ᠲᠡᠷᠭᠡᠨ ᠳᠤ ᠬᠡᠢ ᠪᠤᠴᠠᠭᠠᠬᠤ ᠪᠤᠶᠤ ᠰᠢᠲᠠᠮᠠᠬᠠᠢ ᠬᠡᠢ ᠶᠢᠨ ᠯᠣᠩᠬᠤ ᠶᠢ ᠬᠡᠷᠡᠭᠯᠡᠨ ᠬᠠᠷᠢᠯᠴᠠᠨ ᠰᠢᠲᠠᠮᠠᠬᠠᠢ ᠬᠡᠢ ᠶᠢ ᠭᠡᠳᠡᠷᠭᠦ | ᠴᠢᠳᠬᠤᠵᠤ ᠪᠣᠯᠬᠤ ᠦᠭᠡᠢ︔ | ︵ᠲᠤᠯᠤᠭ᠎ᠠ︶ ᠵᠥᠪᠰᠢᠶᠡᠷᠡᠯ ᠦᠭᠡᠢ ᠳᠦᠭᠦᠷᠭᠡᠨ ᠰᠠᠪᠠᠯᠠᠬᠤ ᠨᠢᠭᠡᠴᠢ ᠶᠢᠨ ᠳᠦᠭᠦᠷᠭᠡᠨ ᠰᠠᠪᠠᠯᠠᠭᠰᠠᠨ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠪᠤᠶᠤ | ᠳᠦᠭᠦᠷᠭᠡᠨ ᠰᠠᠪᠠᠯᠠᠬᠤ ᠨᠢᠭᠡᠴᠢ ᠶᠢᠨ ᠥᠪᠡᠷ ᠤᠨ ᠢᠶᠠᠨ ᠰᠢᠲᠠᠮᠠᠬᠠᠢ ᠬᠡᠢ ᠶᠢᠨ ᠯᠣᠩᠬᠤᠨ ᠳᠤ ᠳᠤᠷ᠎ᠠ ᠪᠠᠷ ᠢᠶᠠᠨ ᠳᠦᠭᠦᠷᠭᠡᠨ ᠰᠠᠪᠠᠯᠠᠭᠰᠠᠨ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠶᠢ ᠪᠣᠷᠣᠯᠠᠭᠤᠯᠵᠤ ᠪᠣᠯᠬᠤ ᠦᠭᠡᠢ︔ | ︵ᠨᠠᠢᠮᠠ︶ ᠪᠤᠰᠤᠳ ᠠᠵᠤ ᠠᠬᠤᠶᠢᠯᠠᠯ ᠤᠨ ᠨᠡᠷᠡᠶᠢᠳᠦᠯ ᠪᠤᠶᠤ ᠲᠡᠮᠳᠡᠭ ᠢ ᠬᠠᠭᠤᠷᠮᠠᠭᠯᠠᠨ ᠬᠡᠷᠡᠭᠯᠡᠵᠦ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ | ᠡᠵᠡᠩᠨᠡᠯᠲᠡ᠂ ᠦᠢᠯᠡᠴᠢᠯᠡᠭᠡᠨ ᠤ ᠠᠵᠢᠯᠯᠠᠭ᠎ᠠ ᠬᠢᠵᠦ ᠪᠣᠯᠬᠤ ᠦᠭᠡᠢ︔ | ︵ᠶᠢᠰᠦ︶ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠨᠢᠭᠡᠴᠢ ᠪᠤᠶᠤ ᠬᠤᠪᠢ ᠬᠥᠮᠥᠨ ᠡᠵᠡᠩᠨᠡᠯᠲᠡ ᠳᠤ ᠬᠡᠷᠡᠭᠯᠡᠬᠦ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠬᠠᠩᠭᠠᠵᠤ ᠪᠣᠯᠬᠤ ᠦᠭᠡᠢ︔ | ︵ᠠᠷᠪᠠ︶ ᠭᠠᠵᠠᠷ ᠳᠣᠣᠷᠠᠬᠢ ᠥᠷᠥᠭᠡ᠂ ᠬᠠᠭᠠᠰ ᠭᠠᠵᠠᠷ ᠳᠣᠣᠷᠠᠬᠢ ᠥᠷᠥᠭᠡ ᠪᠤᠶᠤ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠳᠤ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠬᠠᠩᠭᠠᠵᠤ ᠪᠣᠯᠬᠤ ᠦᠭᠡᠢ᠂ ᠴᠠᠬᠢᠯᠭᠠᠨ ᠱᠠᠲᠤ ᠪᠠᠷ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠲᠡᠭᠡᠭᠡᠪᠦᠷᠢᠯᠡᠵᠦ ᠪᠣᠯᠬᠤ ᠦᠭᠡᠢ | ︔ | ︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠪᠤᠰᠤᠳ ᠲᠣᠭᠲᠠᠭᠠᠯ ᠤᠳ᠃ | ᠬᠤᠷᠢ ᠶᠢᠰᠦᠳᠦᠭᠡᠷ ᠵᠦᠢᠯ ᠰᠢᠲᠠᠮᠠᠬᠠᠢ ᠬᠡᠢ ᠡᠵᠡᠩᠨᠡᠭᠴᠢ ᠰᠠᠭᠤᠭᠠᠯᠢ ᠠᠷᠠᠳ ᠤᠨ ᠪᠤᠰᠤ ᠰᠢᠲᠠᠮᠠᠬᠠᠢ ᠬᠡᠢ ᠶᠢᠨ ᠳᠠᠩᠰᠠ ᠪᠠᠶᠢᠭᠤᠯᠬᠤ ᠭᠤᠶᠤᠴᠢᠯᠠᠯ ᠢ | ᠭᠥᠯᠢᠶᠡᠨ ᠠᠪᠴᠤ ᠰᠢᠢᠳᠪᠦᠷᠢᠯᠡᠬᠦ ᠳᠤ᠂ ᠰᠢᠲᠠᠮᠠᠬᠠᠢ ᠬᠡᠢ ᠬᠡᠷᠡᠭᠯᠡᠬᠦ ᠣᠷᠴᠢᠨ ᠲᠣᠭᠤᠷᠢᠨ ᠳᠤ ᠨᠢ ᠠᠮᠤᠷ ᠲᠦᠪᠰᠢᠨ ᠤ ᠪᠠᠶᠢᠴᠠᠭᠠᠯᠲᠠ ᠬᠢᠬᠦ ᠬᠡᠷᠡᠭᠲᠡᠢ᠃ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠢᠲᠠᠮᠠᠬᠠᠢ ᠬᠡᠢ ᠡᠵᠡᠩᠨᠡᠭᠴᠢ ᠲᠡᠭᠦᠨ ᠲᠠᠢ ᠰᠢᠲᠠᠮᠠᠬᠠᠢ ᠬᠡᠢ ᠬᠠᠩᠭᠠᠨ ᠬᠡᠷᠡᠭᠯᠡᠬᠦ ᠭᠡᠷ᠎ᠡ ᠲᠣᠭᠲᠠᠭᠠᠵᠤ ᠪᠣᠯᠬᠤ | ᠦᠭᠡᠢ᠂ ᠰᠢᠲᠠᠮᠠᠬᠠᠢ ᠬᠡᠢ ᠬᠠᠩᠭᠠᠵᠤ ᠪᠣᠯᠬᠤ ᠦᠭᠡᠢ᠄ | ︵ᠨᠢᠭᠡ︶ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠭᠠᠵᠠᠷ ᠢᠶᠠᠨ ᠬᠠᠤᠯᠢ ᠶᠢ ᠵᠥᠷᠢᠴᠡᠨ ᠪᠠᠶᠢᠭᠤᠯᠤᠭᠰᠠᠨ︔ | ︵ᠬᠤᠶᠠᠷ︶ ᠬᠡᠢ ᠬᠡᠷᠡᠭᠯᠡᠬᠦ ᠲᠠᠯᠠᠪᠤᠷ᠂ ᠰᠢᠲᠠᠮᠠᠬᠠᠢ ᠬᠡᠢ ᠶᠢᠨ ᠲᠥᠬᠦᠭᠡᠷᠦᠮᠵᠢ ᠪᠤᠶᠤ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠨᠢ | ᠠᠶᠤᠯᠭᠦᠢ ᠪᠠᠷ ᠬᠡᠢ ᠬᠡᠷᠡᠭᠯᠡᠬᠦ ᠨᠥᠬᠦᠴᠡᠯ ᠳᠤ ᠦᠯᠦ ᠨᠡᠶᠢᠴᠡᠭᠰᠡᠨ︔ | ︵ᠭᠤᠷᠪᠠ︶ ᠬᠡᠢ ᠬᠡᠷᠡᠭᠯᠡᠬᠦ ᠲᠠᠯᠠᠪᠤᠷ ᠲᠤ ᠰᠢᠲᠠᠮᠠᠬᠠᠢ ᠬᠡᠢ ᠯᠡᠪᠡᠷᠡᠬᠦ ᠶᠢ ᠰᠡᠷᠡᠮᠵᠢᠯᠡᠭᠦᠯᠬᠦ ᠲᠣᠨᠣᠭᠯᠠᠯ ᠦᠯᠦ ᠤᠭᠰᠠᠷᠠᠭᠰᠠᠨ︔ | ︵ᠲᠤᠶᠢᠷᠪᠡ︶ ᠠᠶᠤᠯᠭᠦᠢ ᠶᠢᠨ ᠪᠠᠶᠢᠴᠠᠭᠠᠯᠲᠠ ᠬᠢᠬᠦ ᠶᠢ ᠲᠡᠪᠴᠢᠭᠰᠡᠨ᠃ | ᠳᠥᠷᠪᠡᠳᠦᠭᠡᠷ ᠪᠦᠯᠦᠭ ᠬᠡᠷᠡᠭᠯᠡᠯᠳᠡ ᠬᠠᠮᠢᠶᠠᠷᠤᠯᠲᠠ | ᠭᠤᠴᠢᠳᠤᠭᠠᠷ ᠵᠦᠢᠯ ᠰᠢᠲᠠᠮᠠᠬᠠᠢ ᠬᠡᠢ ᠶᠢᠨ ᠬᠡᠷᠡᠭᠯᠡᠭᠴᠢ ᠰᠢᠲᠠᠮᠠᠬᠠᠢ ᠬᠡᠢ ᠪᠣᠯᠣᠨ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠥᠪᠡᠷ ᠢᠶᠠᠨ | ᠬᠠᠭᠠᠭᠳᠠᠬᠤ ᠨᠡᠭᠡᠯᠡᠭᠡᠢ᠂ ᠰᠢᠲᠠᠮᠠᠬᠠᠢ ᠬᠡᠢ ᠶᠢᠨ ᠲᠦᠩᠰᠡ ᠶᠢᠨ ᠳᠠᠷᠤᠯᠲᠠ ᠶᠢ ᠪᠠᠭᠤᠷᠠᠭᠤᠯᠬᠤ ᠨᠡᠭᠡᠯᠡᠭᠡᠢ ᠵᠡᠷᠭᠡ ᠲᠥᠬᠦᠭᠡᠷᠦᠮᠵᠢ ᠶᠢ ᠵᠥᠪ ᠬᠡᠷᠡᠭᠯᠡᠬᠦ ᠬᠡᠷᠡᠭᠲᠡᠢ︔ | ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠷᠢᠮᠵᠢᠶ᠎ᠠ᠂ ᠵᠢᠷᠤᠮᠵᠢᠯ ᠳᠤ ᠨᠡᠶᠢᠴᠡᠭᠰᠡᠨ ᠰᠢᠲᠠᠮᠠᠬᠠᠢ ᠬᠡᠢ ᠶᠢᠨ ᠯᠣᠩᠬᠤ᠂ ᠰᠢᠲᠠᠮᠠᠬᠠᠢ ᠬᠡᠢ ᠶᠢᠨ | ᠰᠢᠲᠠᠭᠠᠭᠴᠢ ᠪᠠᠭᠠᠵᠢ ᠬᠡᠷᠡᠭᠰᠡᠯ ᠵᠢᠴᠢ ᠵᠠᠯᠭᠠᠬᠤ ᠬᠤᠭᠤᠯᠠᠢ᠂ ᠰᠢᠲᠠᠮᠠᠬᠠᠢ ᠬᠡᠢ ᠶᠢᠨ ᠭᠤᠭᠤᠵᠢᠯᠲᠠ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠤᠭᠰᠠᠷᠠᠬᠤ | ᠪᠠ ᠬᠡᠷᠡᠭᠯᠡᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠰᠣᠯᠢᠬᠤ ᠬᠡᠷᠡᠭᠲᠡᠢ᠃ | ᠭᠡᠷ ᠪᠠᠶᠢᠰᠢᠩ ᠲᠦᠷᠢᠶᠡᠰᠦᠯᠡᠭᠦᠯᠦᠭᠴᠢ ᠭᠡᠷ ᠪᠠᠶᠢᠰᠢᠩ ᠢᠶᠠᠨ ᠲᠦᠷᠢᠶᠡᠰᠦᠯᠡᠭᠦᠯᠬᠦ ᠳᠤ ᠪᠠᠨ ᠲᠤᠰᠢᠶᠠᠨ ᠥᠭᠭᠦᠭᠰᠡᠨ ᠭᠡᠷ ᠪᠠᠶᠢᠰᠢᠩ ᠤᠨ ᠲᠤᠰ ᠳᠦᠷᠢᠮ ᠤᠨ | ᠨᠢᠭᠡᠳᠦᠭᠡᠷ ᠵᠦᠢᠯ ᠤᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠰᠢᠲᠠᠮᠠᠬᠠᠢ ᠬᠡᠢ ᠶᠢᠨ ᠲᠥᠬᠦᠭᠡᠷᠦᠮᠵᠢ ᠪᠠ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ | ᠬᠡᠷᠡᠭᠰᠡᠯ ᠢ ᠬᠠᠮᠠᠭᠠᠯᠠᠬᠤ᠂ ᠰᠡᠯᠪᠢᠨ ᠵᠠᠰᠠᠬᠤ ᠪᠠ ᠰᠢᠨᠡᠳᠬᠡᠨ ᠥᠭᠡᠷᠡᠴᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠂ ᠲᠦᠷᠢᠶᠡᠰᠦᠯᠡᠭᠴᠢ ᠡᠳᠦᠷ ᠲᠤᠳᠤᠮ ᠤᠨ | ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠰᠢᠲᠠᠮᠠᠬᠠᠢ ᠬᠡᠢ ᠶᠢᠨ ᠡᠵᠡᠩᠨᠡᠭᠴᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠵᠦ᠂ | ᠰᠢᠲᠠᠮᠠᠬᠠᠢ ᠬᠡᠢ ᠶᠢᠨ ᠪᠡᠯᠡᠳᠬᠡᠮᠵᠢ ᠶᠢᠨ ᠠᠵᠢᠯᠯᠠᠭᠠᠨ᠂ ᠬᠠᠮᠠᠭᠠᠯᠠᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠲᠤᠰᠬᠠᠢ ᠮᠡᠷᠭᠡᠵᠢᠯ ᠤᠨ | ᠪᠣᠯᠪᠠᠰᠤᠷᠠᠯ ᠬᠢᠵᠦ᠂ ᠬᠤᠯᠪᠣᠭᠳᠠᠯ ᠪᠦᠬᠦᠢ ᠬᠥᠮᠥᠰ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠵᠣᠬᠢᠴᠠᠩᠭᠤᠢ ᠮᠡᠳᠡᠯᠭᠡ ᠶᠢ ᠡᠵᠡᠮᠰᠢᠬᠦ ᠶᠢ ᠦᠨᠡᠨ ᠬᠦ ᠪᠠᠲᠤᠯᠠᠬᠤ | ᠬᠡᠷᠡᠭᠲᠡᠢ᠃ | ᠭᠤᠴᠢᠨ ᠨᠢᠭᠡᠳᠦᠭᠡᠷ ᠵᠦᠢᠯ ᠰᠢᠲᠠᠮᠠᠬᠠᠢ ᠬᠡᠢ ᠬᠡᠷᠡᠭᠯᠡᠭᠴᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠨᠡᠶᠢᠲᠡ ᠶᠢᠨ ᠬᠡᠷᠡᠭᠯᠡᠭᠡᠨ ᠤ ᠰᠢᠲᠠᠮᠠᠬᠠᠢ ᠬᠡᠢ ᠶᠢᠨ ᠨᠡᠭᠡᠯᠡᠭᠡᠢ ᠶᠢ ᠳᠤᠷ᠎ᠠ ᠪᠠᠷ ᠢᠶᠠᠨ ᠠᠵᠢᠯᠯᠠᠭᠤᠯᠬᠤ︔ | ︵ᠬᠤᠶᠠᠷ︶ ᠰᠢᠲᠠᠮᠠᠬᠠᠢ ᠬᠡᠢ ᠶᠢᠨ ᠬᠤᠭᠤᠯᠠᠢ ᠪᠠᠷ ᠬᠦᠨᠳᠦ ᠶᠢ ᠲᠤᠯᠬᠤ ᠵᠢᠶᠠᠰᠠ ᠪᠤᠶᠤ ᠭᠠᠵᠠᠷᠳᠠᠭᠤᠯᠭᠠ ᠶᠢᠨ ᠰᠢᠵᠢᠮ ᠪᠣᠯᠭᠠᠬᠤ︔ | ︵ᠭᠤᠷᠪᠠ︶ ᠤᠯᠤᠰ ᠤᠨ ᠪᠠᠷᠢᠮᠵᠢᠶ᠎ᠠ ᠪᠠ ᠬᠡᠢ ᠶᠢᠨ ᠢᠷᠡᠯᠲᠡ ᠶᠢᠨ ᠱᠠᠭᠠᠷᠳᠠᠯᠭ᠎ᠠ ᠳᠤ ᠦᠯᠦ ᠨᠡᠶᠢᠴᠡᠬᠦ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ | ᠬᠡᠷᠡᠭᠰᠡᠯ ᠢ ᠤᠭᠰᠠᠷᠠᠬᠤ᠂ ᠬᠡᠷᠡᠭᠯᠡᠬᠦ ᠪᠠ ᠵᠥᠭᠡᠯᠡᠨ ᠬᠤᠭᠤᠯᠠᠢ ᠶᠢ ᠵᠠᠯᠭᠠᠬᠤ︔ | ︵ᠳᠥᠷᠪᠡ︶ ᠭᠡᠷ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠪᠣᠯᠣᠨ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠢ ᠳᠤᠷ᠎ᠠ ᠪᠠᠷ ᠢᠶᠠᠨ | ᠤᠭᠰᠠᠷᠠᠬᠤ᠂ ᠥᠭᠡᠷᠡᠴᠢᠯᠡᠨ ᠤᠭᠰᠠᠷᠠᠬᠤ᠂ ᠨᠤᠷᠠᠭᠠᠬᠤ ᠪᠠ ᠡᠪᠳᠡᠬᠦ︔ | ︵ᠲᠠᠪᠤ︶ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠵᠠᠰᠠᠯ ᠴᠢᠮᠡᠭᠯᠡᠯ ᠤᠨ ᠠᠵᠢᠯᠯᠠᠭ᠎ᠠ ᠬᠢᠬᠦ︔ | ︵ᠵᠢᠷᠭᠤᠭ᠎ᠠ︶ ᠠᠶᠤᠯᠭᠦᠢ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠲᠠᠯᠠᠪᠤᠷ ᠲᠤ ᠰᠢᠲᠠᠮᠠᠬᠠᠢ ᠬᠡᠢ ᠶᠢ ᠬᠡᠷᠡᠭᠯᠡᠬᠦ ᠪᠠ ᠬᠠᠳᠠᠭᠠᠯᠠᠬᠤ︔ | ︵ᠲᠤᠯᠤᠭ᠎ᠠ︶ ᠰᠢᠲᠠᠮᠠᠬᠠᠢ ᠬᠡᠢ ᠳᠠᠮᠵᠢᠭᠤᠯᠬᠤ ᠪᠠ ᠲᠦᠭᠡᠭᠡᠬᠦ ᠬᠤᠭᠤᠯᠠᠢ ᠳᠡᠭᠡᠷ᠎ᠡ ᠰᠢᠲᠠᠮᠠᠬᠠᠢ ᠬᠡᠢ ᠰᠢᠲᠠᠭᠠᠬᠤ ᠪᠠᠭᠠᠵᠢ ᠬᠡᠷᠡᠭᠰᠡᠯ ᠢ ᠰᠢᠭᠤᠳ ᠤᠭᠰᠠᠷᠠᠬᠤ | ᠪᠤᠶᠤ ᠪᠤᠰᠤᠳ ᠠᠷᠭ᠎ᠠ ᠬᠡᠯᠪᠡᠷᠢ ᠪᠠᠷ ᠰᠢᠲᠠᠮᠠᠬᠠᠢ ᠬᠡᠢ ᠶᠢ ᠬᠤᠯᠠᠭᠠᠶᠢᠯᠠᠨ ᠬᠡᠷᠡᠭᠯᠡᠬᠦ︔ | ︵ᠨᠠᠢᠮᠠ︶ ᠰᠢᠲᠠᠮᠠᠬᠠᠢ ᠬᠡᠢ ᠶᠢᠨ ᠬᠡᠷᠡᠭᠴᠡᠭᠡ ᠶᠢ ᠬᠤᠪᠢᠷᠠᠭᠤᠯᠬᠤ ᠪᠤᠶᠤ ᠰᠢᠲᠠᠮᠠᠬᠠᠢ ᠬᠡᠢ ᠶᠢ ᠰᠢᠯᠵᠢᠭᠦᠯᠦᠨ ᠬᠠᠩᠭᠠᠬᠤ︔ | ︵ᠶᠢᠰᠦ︶ ᠰᠢᠲᠠᠮᠠᠬᠠᠢ ᠬᠡᠢ ᠶᠢᠨ ᠲᠥᠬᠦᠭᠡᠷᠦᠮᠵᠢ ᠲᠠᠢ ᠭᠡᠷ ᠪᠠᠶᠢᠰᠢᠩ ᠳᠤ ᠵᠤᠤᠬᠠᠨ ᠭᠠᠯ ᠲᠠᠯᠪᠢᠬᠤ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ | ᠬᠠᠳᠠᠭᠠᠯᠠᠬᠤ︔ | ︵ᠠᠷᠪᠠ︶ ᠰᠢᠲᠠᠮᠠᠬᠠᠢ ᠬᠡᠢ ᠶᠢᠨ ᠯᠣᠩᠬᠤ ᠶᠢ ᠵᠠᠳᠠᠯᠬᠤ᠂ ᠥᠭᠡᠷᠡᠴᠢᠯᠡᠨ ᠤᠭᠰᠠᠷᠠᠬᠤ᠂ ᠬᠠᠯᠠᠭᠠᠬᠤ᠂ ᠰᠠᠪᠠᠭ᠋ᠤ᠂ ᠪᠠᠯᠪᠠᠴᠢᠬᠤ᠂ ᠡᠰᠡᠬᠦᠯ᠎ᠡ ᠰᠢᠲᠠᠮᠠᠬᠠᠢ | ᠬᠡᠢ ᠶᠢᠨ ᠯᠣᠩᠬᠤ ᠶᠢ ᠲᠣᠩᠭᠤᠷᠤᠭᠤᠯᠬᠤ ᠪᠠ ᠬᠡᠪᠲᠡᠭᠦᠯᠵᠦ ᠬᠡᠷᠡᠭᠯᠡᠬᠦ︔ | ︵ᠠᠷᠪᠠᠨ ᠨᠢᠭᠡ︶ ᠭᠠᠵᠠᠷ ᠳᠣᠣᠷᠠᠬᠢ ᠭᠡᠷ᠂ ᠬᠠᠭᠠᠰ ᠭᠠᠵᠠᠷ ᠳᠣᠣᠷᠠᠬᠢ ᠭᠡᠷ ᠪᠠ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠳᠣᠲᠣᠷ᠎ᠠ | ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠲᠥᠬᠦᠭᠡᠷᠦᠮᠵᠢ ᠪᠠ ᠬᠡᠢ ᠶᠢᠨ ᠯᠣᠩᠬᠤ ᠲᠠᠯᠪᠢᠵᠤ᠂ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠬᠡᠷᠡᠭᠯᠡᠬᠦ︔ | | ︵ᠠᠷᠪᠠᠨ ᠬᠤᠶᠠᠷ︶ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠰᠢᠯᠵᠢᠭᠦᠯᠬᠦ᠂ ᠦᠯᠡᠳᠡᠭᠳᠡᠯ ᠰᠢᠩᠭᠡᠨ ᠢ ᠴᠢᠳᠬᠤᠬᠤ︔ | ︵ᠠᠷᠪᠠᠨ ᠭᠤᠷᠪᠠ︶ ᠰᠢᠲᠠᠮᠠᠬᠠᠢ ᠬᠡᠢ ᠶᠢᠨ ᠲᠦᠩᠰᠡ ᠶᠢ ᠰᠢᠯᠭᠠᠨ ᠪᠠᠶᠢᠴᠠᠭᠠᠬᠤ ᠲᠡᠮᠳᠡᠭ᠂ ᠢᠯᠭᠠᠨ ᠲᠠᠨᠢᠬᠤ ᠲᠡᠮᠳᠡᠭ ᠢ ᠥᠪᠡᠰᠦᠪᠡᠨ ᠪᠠᠯᠠᠯᠤᠨ ᠵᠠᠰᠠᠵᠤ᠂ | ᠯᠣᠩᠬᠤᠨ ᠤ ᠨᠡᠭᠡᠯᠡᠭᠡᠢ᠂ ᠳᠠᠭᠠᠯᠲᠠ ᠲᠣᠨᠤᠭ ᠢ ᠵᠠᠳᠠᠯᠵᠤ ᠵᠠᠰᠠᠬᠤ︔ | ︵ᠠᠷᠪᠠᠨ ᠳᠥᠷᠪᠡ︶ ᠬᠤᠭᠤᠴᠠᠭ᠎ᠠ ᠨᠢ ᠬᠡᠲᠦᠷᠡᠲᠡᠯ᠎ᠡ ᠰᠢᠯᠭᠠᠨ ᠪᠠᠶᠢᠴᠠᠭᠠᠭᠰᠠᠨ ᠦᠭᠡᠢ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠤᠶᠤ | ᠬᠠᠶᠠᠭᠳᠠᠮᠠᠯ ᠬᠡᠢ ᠶᠢᠨ ᠯᠣᠩᠬᠤ ᠶᠢ ᠬᠡᠷᠡᠭᠯᠡᠬᠦ︔ | ︵ᠠᠷᠪᠠᠨ ᠲᠠᠪᠤ︶ ᠬᠠᠤᠯᠢ ᠪᠤᠰᠤ ᠪᠠᠷ ᠳᠦᠭᠦᠷᠭᠡᠨ ᠰᠠᠪᠠᠯᠠᠭᠰᠠᠨ᠂ ᠬᠠᠤᠯᠢ ᠪᠤᠰᠤ ᠪᠠᠷ ᠡᠵᠡᠩᠨᠡᠭᠰᠡᠨ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ | ᠬᠤᠳᠠᠯᠳᠤᠨ ᠠᠪᠬᠤ ᠪᠠ ᠬᠡᠷᠡᠭᠯᠡᠬᠦ︔ | ︵ᠠᠷᠪᠠᠨ ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃ | ᠭᠤᠴᠢᠨ ᠬᠤᠶᠠᠳᠤᠭᠠᠷ ᠵᠦᠢᠯ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠬᠡᠷᠡᠭᠯᠡᠭᠴᠢ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠤᠨ | ᠬᠡᠮᠵᠢᠯᠲᠡ ᠶᠢᠨ ᠲᠤᠭ᠎ᠠ ᠪᠠᠷᠢᠮᠲᠠ ᠶᠢ ᠦᠨᠳᠦᠰᠦᠯᠡᠨ ᠰᠢᠲᠠᠮᠠᠬᠠᠢ ᠬᠡᠢ ᠶᠢ ᠬᠡᠷᠡᠭᠯᠡᠬᠦ ᠰᠦᠢᠳᠬᠡᠯ ᠢᠶᠠᠨ ᠴᠠᠭ ᠲᠤᠬᠠᠢ ᠳᠤ ᠨᠢ ᠲᠤᠰᠢᠶᠠᠬᠤ ᠬᠡᠷᠡᠭᠲᠡᠢ᠂ | ᠤᠳᠠᠭᠠᠰᠢᠷᠠᠭᠤᠯᠤᠨ ᠥᠷᠢᠲᠦᠬᠦ ᠪᠤᠶᠤ ᠲᠤᠰᠢᠶᠠᠬᠤ ᠶᠢ ᠲᠡᠪᠴᠢᠵᠦ ᠪᠣᠯᠬᠤ ᠦᠭᠡᠢ᠃ ᠨᠡᠷ᠎ᠡ ᠶᠢ ᠨᠢ ᠰᠣᠯᠢᠬᠤ᠂ ᠡᠷᠤᠭᠡ ᠰᠢᠯᠵᠢᠭᠦᠯᠬᠦ᠂ ᠲᠠᠩᠰᠠ ᠶᠢ ᠨᠢ ᠬᠠᠰᠤᠬᠤ | ᠴᠢᠬᠤᠯᠠᠲᠠᠢ ᠪᠠᠶᠢᠪᠠᠯ᠂ ᠰᠢᠲᠠᠮᠠᠬᠠᠢ ᠬᠡᠢ ᠶᠢᠨ ᠡᠵᠡᠩᠨᠡᠭᠴᠢ ᠳᠤ ᠬᠤᠪᠢᠷᠠᠭᠤᠯᠬᠤ ᠪᠤᠶᠤ ᠲᠠᠩᠰᠠ ᠶᠢ ᠨᠢ ᠬᠠᠰᠤᠬᠤ ᠭᠠᠷ ᠭᠦᠢᠴᠡᠳᠬᠡᠯ ᠬᠢᠵᠦ᠂ ᠰᠢᠲᠠᠮᠠᠬᠠᠢ ᠬᠡᠢ ᠶᠢᠨ | ᠵᠠᠷᠤᠳᠠᠯ ᠢ ᠲᠠᠰᠤᠯᠤᠨ ᠪᠤᠳᠤᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠰᠢᠲᠠᠮᠠᠬᠠᠢ ᠬᠡᠢ ᠬᠡᠷᠡᠭᠯᠡᠭᠴᠢ ᠰᠢᠲᠠᠮᠠᠬᠠᠢ ᠬᠡᠢ ᠶᠢᠨ ᠡᠵᠡᠩᠨᠡᠯᠲᠡ ᠦᠢᠯᠡᠴᠢᠯᠡᠭᠡ ᠶᠢᠨ ᠰᠦᠢᠳᠬᠡᠯ ᠤᠨ ᠲᠤᠬᠠᠢ ᠰᠢᠲᠠᠮᠠᠬᠠᠢ | ᠬᠡᠢ ᠡᠵᠡᠩᠨᠡᠭᠴᠢ ᠠᠴᠠ ᠪᠠᠶᠢᠴᠠᠭᠠᠨ ᠯᠠᠪᠯᠠᠬᠤ ᠡᠷᠬᠡ ᠲᠠᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠵᠣᠬᠢᠶᠠᠨ ᠪᠠᠶᠢᠭᠤᠯᠤᠯᠲᠠ ᠳᠤ ᠵᠠᠭᠠᠯᠳᠤᠵᠤ ᠪᠣᠯᠣᠨ᠎ᠠ᠃ | ᠰᠢᠲᠠᠮᠠᠬᠠᠢ ᠬᠡᠢ ᠡᠵᠡᠩᠨᠡᠭᠴᠢ ᠪᠠᠶᠢᠴᠠᠭᠠᠨ ᠯᠠᠪᠯᠠᠯᠲᠠ ᠶᠢ ᠣᠯᠣᠭᠰᠠᠨ ᠡᠳᠦᠷ ᠠᠴᠠ ᠡᠬᠢᠯᠡᠨ ᠭᠤᠷᠪᠠᠨ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ︔ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠵᠣᠬᠢᠶᠠᠨ ᠪᠠᠶᠢᠭᠤᠯᠤᠯᠲᠠ ᠵᠠᠭᠠᠯᠳᠤᠯᠭ᠎ᠠ ᠶᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ | ᠰᠢᠢᠳᠪᠦᠷᠢᠯᠡᠬᠦ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠢ ᠰᠢᠲᠠᠮᠠᠬᠠᠢ ᠬᠡᠢ ᠶᠢᠨ ᠦᠢᠯᠡᠴᠢᠯᠡᠭᠡᠨ ᠤ ᠰᠦᠢᠳᠬᠡᠯ ᠢ | ᠰᠢᠲᠠᠮᠠᠬᠠᠢ ᠬᠡᠢ ᠶᠢᠨ ᠬᠡᠷᠡᠭᠯᠡᠭᠴᠢ ᠲᠤᠰᠢᠶᠠᠬᠤ ᠦᠭᠡᠢ ᠪᠠᠶᠢᠬᠤ ᠡᠷᠬᠡ ᠲᠠᠢ᠃ | ᠭᠤᠴᠢᠨ ᠳᠥᠷᠪᠡᠳᠦᠭᠡᠷ ᠵᠦᠢᠯ ᠲᠠᠮᠵᠢᠭᠤᠯᠬᠤ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠬᠡᠷᠡᠭᠯᠡᠬᠦ ᠬᠡᠢ ᠶᠢᠨ ᠬᠡᠮᠵᠢᠶ᠎ᠡ ᠶᠢ ᠬᠠᠤᠯᠢ ᠪᠠᠷ | ᠲᠣᠭᠲᠠᠭᠠᠭᠰᠠᠨ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠳᠤ | ᠢᠯᠡᠷᠡᠭᠰᠡᠨ ᠲᠡᠮᠳᠡᠭᠯᠡᠯ ᠢᠶᠠᠷ ᠪᠠᠷᠢᠮᠵᠢᠶ᠎ᠠ ᠪᠣᠯᠭᠠᠬᠤ ᠬᠡᠷᠡᠭᠲᠡᠢ᠃ | ᠬᠡᠢ ᠬᠠᠩᠭᠠᠬᠤ᠂ ᠬᠡᠢ ᠬᠡᠷᠡᠭᠯᠡᠬᠦ ᠠᠯᠢ ᠨᠢᠭᠡ ᠲᠠᠯ᠎ᠠ ᠨᠢ ᠴᠦ ᠭᠡᠳ ᠰᠢᠲᠠᠮᠠᠬᠠᠢ ᠬᠡᠢ ᠶᠢ ᠬᠡᠮᠵᠢᠬᠦ ᠲᠣᠨᠣᠭᠯᠠᠯ ᠤᠨ ᠣᠨᠣᠪᠴᠢ ᠶᠢᠨ ᠬᠡᠮᠵᠢᠶ᠎ᠡ ᠳᠤ ᠣᠨᠳᠣᠣ | ᠰᠠᠨᠠᠯ ᠲᠠᠢ ᠪᠠᠶᠢᠪᠠᠯ᠂ ᠬᠠᠤᠯᠢ ᠪᠠᠷ ᠲᠣᠭᠲᠠᠭᠠᠭᠰᠠᠨ ᠰᠢᠯᠭᠠᠨ ᠲᠣᠭᠲᠠᠭᠠᠬᠤ ᠪᠠᠶᠢᠭᠤᠯᠤᠮᠵᠢ ᠪᠠᠷ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ᠂ ᠨᠦᠭᠦᠭᠡ | ᠲᠠᠯ᠎ᠠ ᠨᠢ ᠬᠠᠮᠵᠢᠯᠴᠠᠬᠤ ᠬᠡᠷᠡᠭᠲᠡᠢ᠃ | ᠰᠢᠯᠭᠠᠨ ᠲᠣᠭᠲᠠᠭᠠᠭᠰᠠᠨ ᠠᠯᠳᠠᠪᠤᠷᠢ ᠨᠢ ᠬᠠᠤᠯᠢ ᠪᠠᠷ ᠲᠣᠭᠲᠠᠭᠠᠭᠰᠠᠨ ᠬᠡᠪᠴᠢᠶᠡᠨ ᠳᠤ ᠪᠠᠶᠢᠪᠠᠯ᠂ ᠰᠢᠯᠭᠠᠨ ᠲᠣᠭᠲᠠᠭᠠᠭᠰᠠᠨ ᠵᠠᠷᠤᠳᠠᠯ ᠢ ᠣᠨᠳᠣᠣ ᠰᠠᠨᠠᠯ | ᠳᠤᠷᠠᠳᠤᠭᠰᠠᠨ ᠲᠠᠯ᠎ᠠ ᠠᠴᠠ ᠭᠠᠷᠭᠠᠨ᠎ᠠ᠃ | ᠰᠢᠯᠭᠠᠨ ᠲᠣᠭᠲᠠᠭᠠᠭᠰᠠᠨ ᠠᠯᠳᠠᠪᠤᠷᠢ ᠨᠢ ᠬᠠᠤᠯᠢ ᠪᠠᠷ ᠲᠣᠭᠲᠠᠭᠠᠭᠰᠠᠨ ᠬᠡᠪᠴᠢᠶᠡᠨ ᠠᠴᠠ ᠬᠡᠲᠦᠷᠡᠭᠰᠡᠨ ᠪᠠᠶᠢᠪᠠᠯ᠂ ᠰᠢᠯᠭᠠᠨ ᠲᠣᠭᠲᠠᠭᠠᠭᠰᠠᠨ ᠵᠠᠷᠤᠳᠠᠯ ᠢ | ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠣᠭᠯᠠᠯ ᠬᠠᠩᠭᠠᠭᠰᠠᠨ ᠲᠠᠯ᠎ᠠ ᠠᠴᠠ ᠭᠠᠷᠭᠠᠨ᠎ᠠ᠃ ᠰᠠᠭᠤᠭᠠᠯᠢ ᠠᠷᠠᠳ ᠤᠨ ᠬᠡᠷᠡᠭᠯᠡᠬᠦ ᠰᠢᠲᠠᠮᠠᠬᠠᠢ ᠬᠡᠢ ᠶᠢᠨ ᠬᠡᠮᠵᠢᠯᠲᠡ ᠶᠢᠨ | ᠲᠣᠨᠤᠭ ᠲᠥᠬᠦᠭᠡᠷᠦᠮᠵᠢ ᠶᠢ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠠᠴᠠ ᠬᠠᠷᠢᠭᠤᠴᠠᠨ ᠰᠣᠯᠢᠵᠤ᠂ ᠰᠠᠭᠤᠭᠠᠯᠢ ᠠᠷᠠᠳ ᠤᠨ ᠪᠤᠰᠤ | ᠬᠡᠷᠡᠭᠯᠡᠬᠦ ᠰᠢᠲᠠᠮᠠᠬᠠᠢ ᠬᠡᠢ ᠶᠢᠨ ᠬᠡᠮᠵᠢᠯᠲᠡ ᠶᠢᠨ ᠲᠣᠨᠤᠭ ᠲᠥᠬᠦᠭᠡᠷᠦᠮᠵᠢ ᠶᠢ ᠬᠤᠶᠠᠷ ᠲᠠᠯ᠎ᠠ ᠶᠢᠨ ᠰᠢᠲᠠᠮᠠᠬᠠᠢ ᠬᠡᠢ ᠬᠠᠩᠭᠠᠨ ᠬᠡᠷᠡᠭᠯᠡᠬᠦ ᠭᠡᠷ᠎ᠡ ᠶᠢᠨ ᠪᠣᠯᠵᠣᠯ ᠶᠣᠰᠣᠭᠠᠷ | ᠰᠣᠯᠢᠬᠤ ᠬᠡᠷᠡᠭᠲᠡᠢ᠃ ᠠᠯᠳᠠᠰᠢ ᠠᠴᠠ ᠬᠡᠲᠦᠷᠡᠭᠰᠡᠨ ᠠᠴᠠ ᠪᠤᠢ ᠪᠣᠯᠤᠭᠰᠠᠨ ᠰᠢᠲᠠᠮᠠᠬᠠᠢ ᠬᠡᠢ ᠶᠢᠨ ᠵᠠᠷᠤᠳᠠᠯ ᠢ ᠬᠡᠮᠵᠢᠯᠲᠡ ᠶᠢᠨ ᠠᠯᠳᠠᠰᠢ ᠶᠢᠨ ᠬᠤᠷᠠᠮᠳᠤᠯ | ᠬᠡᠮᠵᠢᠶ᠎ᠡ ᠪᠠᠷ ᠪᠤᠳᠤᠵᠤ᠂ ᠠᠰᠢᠭ ᠣᠯᠣᠭᠰᠠᠨ ᠲᠠᠯ᠎ᠠ ᠨᠢ ᠬᠤᠬᠢᠷᠠᠭᠰᠠᠨ ᠲᠠᠯ᠎ᠠ ᠳᠤ ᠨᠥᠬᠦᠪᠦᠷᠢ ᠥᠭᠴᠦ᠂ ᠨᠡᠶᠢᠯᠡᠪᠦᠷᠢ ᠴᠠᠭ ᠢ ᠰᠢᠯᠭᠠᠨ ᠲᠣᠭᠲᠠᠭᠠᠭᠰᠠᠨ | ᠡᠳᠦᠷ ᠠᠴᠠ ᠨᠢᠭᠡ ᠵᠢᠯ ᠤᠨ ᠡᠮᠦᠨ᠎ᠡ ᠪᠤᠳᠤᠨ᠎ᠠ᠃ ᠤᠭᠰᠠᠷᠠᠭᠤᠯᠤᠨ ᠬᠡᠷᠡᠭᠯᠡᠭᠡᠳ ᠨᠢᠭᠡ ᠵᠢᠯ ᠬᠦᠷᠬᠦ ᠦᠭᠡᠢ ᠪᠠᠶᠢᠪᠠᠯ᠂ ᠪᠣᠳᠠᠲᠠᠢ ᠬᠡᠷᠡᠭᠯᠡᠭᠰᠡᠨ ᠴᠠᠭ ᠢᠶᠠᠷ ᠪᠤᠳᠤᠨ᠎ᠠ᠃ | ᠰᠢᠲᠠᠮᠠᠬᠠᠢ ᠬᠡᠢ ᠶᠢᠨ ᠬᠡᠮᠵᠢᠯᠲᠡ ᠶᠢᠨ ᠲᠥᠬᠦᠭᠡᠷᠦᠮᠵᠢ ᠶᠢ ᠵᠣᠷᠢᠭᠤᠳᠠ ᠡᠪᠳᠡᠭᠰᠡᠨ ᠪᠠᠶᠢᠪᠠᠯ ᠡᠭᠦᠨ ᠳᠤ ᠪᠠᠭᠲᠠᠬᠤ ᠦᠭᠡᠢ᠃ | ᠰᠢᠯᠭᠠᠨ ᠲᠣᠭᠲᠠᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ | ᠪᠣᠯᠣᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠭᠠᠯᠳᠤᠯᠭ᠎ᠠ ᠶᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ | ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠰᠢᠢᠳᠪᠦᠷᠢᠯᠡᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠢ ᠤᠭᠰᠠᠷᠠᠬᠤ᠂ ᠰᠡᠯᠪᠢᠨ ᠵᠠᠰᠠᠬᠤ ᠪᠠ ᠬᠡᠷᠡᠭᠯᠡᠬᠦ ᠮᠠᠲ᠋ᠧᠷᠢᠶᠠᠯ᠂ | ᠰᠡᠯᠪᠢᠭ ᠲᠤᠨᠤᠭ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠤᠭᠰᠠᠷᠠᠬᠤ᠂ ᠰᠡᠯᠪᠢᠨ ᠵᠠᠰᠠᠬᠤ ᠠᠵᠢᠯᠲᠠᠨ ᠰᠢᠲᠠᠮᠠᠬᠠᠢ | ᠬᠡᠢ ᠶᠢᠨ ᠬᠡᠮᠵᠢᠯᠲᠡ ᠶᠢᠨ ᠲᠣᠨᠣᠭᠯᠠᠯ ᠪᠠ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ᠃ | ᠲᠠᠪᠤᠳᠤᠭᠠᠷ ᠪᠦᠯᠦᠭ ᠠᠮᠤᠷ ᠲᠦᠪᠰᠢᠨ ᠤ ᠪᠠᠲᠤᠯᠠᠭ᠎ᠠ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠢᠲᠠᠮᠠᠬᠠᠢ ᠬᠡᠢ ᠶᠢᠨ | ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠠᠮᠢ ᠠᠬᠤᠢ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ | ᠤᠷᠢᠳᠴᠢᠯᠠᠨ ᠰᠡᠷᠡᠮᠵᠢᠯᠡᠭᠦᠯᠵᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠲᠣᠭᠲᠠᠭᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠷᠢᠭᠤᠴᠠᠨ᠂ ᠰᠢᠲᠠᠮᠠᠬᠠᠢ ᠬᠡᠢ ᠶᠢᠨ ᠠᠳᠡᠯ ᠢ ᠪᠦᠷᠢᠳᠬᠡᠨ ᠵᠠᠳᠠᠯᠬᠤ ᠳᠦᠷᠢᠮ ᠢ ᠪᠠᠶᠢᠭᠤᠯᠵᠤ᠂ | ᠠᠳᠡᠯ ᠢ ᠰᠢᠢᠳᠪᠦᠷᠢᠯᠡᠭᠰᠡᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠎ᠡ᠃ | ᠰᠢᠲᠠᠮᠠᠬᠠᠢ ᠬᠡᠢ ᠡᠵᠡᠩᠨᠡᠭᠴᠢ ᠲᠣᠰ ᠨᠢᠭᠡᠴᠢ ᠶᠢᠨ ᠢᠶᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠥᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠲᠠᠨ ᠪᠠ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠂ | ᠪᠠᠭᠠᠵᠢ ᠬᠡᠷᠡᠭᠰᠡᠯ ᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠬᠢᠨ᠎ᠡ᠃ | ᠭᠤᠴᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠲᠠᠮᠠᠬᠠᠢ | ᠬᠡᠢ ᠶᠢᠨ ᠡᠵᠡᠩᠨᠡᠭᠴᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠬᠠᠤᠯᠢ ᠶᠣᠰᠣᠭᠠᠷ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠪᠡᠯ ᠴᠠᠭ | ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ | ᠰᠢᠲᠠᠮᠠᠬᠠᠢ ᠬᠡᠢ ᠶᠢᠨ ᠠᠳᠡᠯ ᠭᠠᠷᠤᠭᠰᠠᠨ ᠦᠶ᠎ᠡ ᠳᠤ᠂ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠯ ᠢ ᠦᠨᠳᠦᠰᠦᠯᠡᠨ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠳᠠᠷᠤᠢ ᠲᠦᠷᠭᠡᠨ ᠵᠣᠬᠢᠶᠠᠨ | ᠪᠠᠶᠢᠭᠤᠯᠤᠨ ᠠᠶᠤᠯ ᠠᠴᠠ ᠠᠪᠤᠷᠠᠵᠦ᠂ ᠵᠠᠪᠳᠤᠨ ᠵᠠᠰᠠᠬᠤ ᠬᠡᠷᠡᠭᠲᠡᠢ᠃ | ᠠᠶᠤᠯ ᠠᠴᠠ ᠠᠪᠤᠷᠠᠬᠤ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠵᠠᠪᠳᠤᠨ ᠵᠠᠰᠠᠬᠤ ᠦᠶ᠎ᠡ ᠳᠤ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ | ᠢᠳᠡᠪᠬᠢᠲᠡᠢ ᠬᠠᠮᠵᠢᠯᠴᠠᠬᠤ ᠬᠡᠷᠡᠭᠲᠡᠢ᠂ ᠰᠠᠭᠠᠳ ᠪᠤᠯᠬᠤ ᠪᠤᠶᠤ ᠬᠠᠷᠰᠢᠯᠠᠵᠤ ᠪᠣᠯᠬᠤ ᠦᠭᠡᠢ᠃ | ᠰᠢᠲᠠᠮᠠᠬᠠᠢ ᠬᠡᠢ ᠶᠢᠨ ᠠᠳᠡᠯ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠡᠳ᠋ ᠬᠥᠷᠥᠩᠭᠡ ᠬᠤᠬᠢᠷᠠᠭᠰᠠᠨ ᠪᠠᠶᠢᠪᠠᠯ᠂ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠭᠤᠴᠢᠨ ᠨᠠᠢᠮᠠᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠡ᠊ᠨᠳᠡᠯ ᠠᠴᠠ ᠠᠪᠤᠷᠠᠨ ᠵᠠᠰᠠᠬᠤ ᠡᠩᠨᠡᠭᠡ ᠪᠠᠶᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ | ᠵᠢᠴᠢ ᠵᠠᠪᠳᠤᠨ ᠵᠠᠰᠠᠬᠤ ᠲᠣᠨᠣᠭᠯᠠᠯ᠂ ᠬᠠᠮᠠᠭᠠᠯᠠᠯᠲᠠ ᠶᠢᠨ ᠬᠡᠷᠡᠭᠰᠡᠯ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠲᠡᠷᠭᠡ ᠬᠥᠰᠬᠡ᠂ ᠮᠡᠳᠡᠭᠡ ᠬᠤᠯᠪᠣᠭ᠎ᠠ ᠵᠡᠷᠭᠡ | ᠲᠥᠬᠦᠭᠡᠷᠦᠮᠵᠢ ᠪᠠ ᠡᠳ᠋ ᠪᠣᠳᠠᠰ ᠢ ᠲᠣᠬᠢᠷᠠᠭᠤᠯᠬᠤ ᠬᠡᠷᠡᠭᠲᠡᠢ᠃ ᠰᠢᠲᠠᠮᠠᠬᠠᠢ ᠬᠡᠢ ᠶᠢᠨ ᠡᠵᠡᠩᠨᠡᠭᠴᠢ ᠠᠶᠤᠯ ᠠᠴᠠ ᠠᠪᠤᠷᠠᠵᠤ ᠵᠠᠪᠳᠤᠨ ᠵᠠᠰᠠᠬᠤ ᠤᠲᠠᠰᠤ ᠪᠠᠨ | ᠨᠡᠶᠢᠭᠡᠮ ᠨᠡᠶᠢᠲᠡ ᠳᠤ ᠨᠡᠶᠢᠲᠡᠯᠡᠵᠦ᠂ ᠲᠤᠰᠬᠠᠢ ᠠᠵᠢᠯ ᠤᠨ ᠪᠠᠶᠢᠷᠢ ᠭᠠᠷᠭᠠᠵᠤ ᠬᠤᠷᠢᠨ ᠳᠥᠷᠪᠡᠨ ᠴᠠᠭ ᠢᠶᠠᠷ ᠵᠢᠵᠢᠭᠦᠷᠯᠡᠬᠦ ᠬᠡᠷᠡᠭᠲᠡᠢ᠃ | ᠭᠤᠴᠢ ᠶᠢᠰᠦᠳᠦᠭᠡᠷ ᠵᠦᠢᠯ ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ | ᠂ ᠠᠮᠤᠷ ᠲᠦᠪᠰᠢᠨ ᠤ ᠬᠠᠮᠢᠶᠠᠷᠤᠯᠲᠠ ᠶᠢᠨ ᠰᠦᠯᠵᠢᠶ᠎ᠡ᠂ ᠰᠢᠲᠠᠮᠠᠬᠠᠢ ᠬᠡᠢ ᠶᠢᠨ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ | ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠠᠵᠢᠯᠴᠢᠨ ᠳᠤ ᠠᠮᠤᠷ ᠲᠦᠪᠰᠢᠨ ᠤ | ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠬᠢᠵᠦ᠂ ᠰᠢᠲᠠᠮᠠᠬᠠᠢ ᠬᠡᠢ ᠶᠢᠨ ᠲᠥᠬᠦᠭᠡᠷᠦᠮᠵᠢ ᠳᠤ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ᠂ ᠲᠣᠭᠲᠠᠮᠠᠯ | ᠬᠤᠭᠤᠴᠠᠭ᠎ᠠ ᠲᠠᠢ ᠪᠠᠶᠢᠴᠠᠭᠠᠯᠲᠠ ᠪᠠ ᠪᠠᠶᠢᠩᠭᠤ ᠶᠢᠨ ᠴᠢᠨᠠᠷᠲᠠᠢ ᠬᠠᠮᠠᠭᠠᠯᠠᠯᠲᠠ ᠠᠷᠠᠴᠢᠯᠠᠯᠲᠠ ᠬᠢᠬᠦ ᠬᠡᠷᠡᠭᠲᠡᠢ᠃ | ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ ᠬᠡᠷᠡᠭᠯᠡᠭᠴᠢ ᠶᠢᠨ ᠠᠮᠤᠷ ᠲᠦᠪᠰᠢᠨ ᠢᠶᠠᠷ ᠬᠡᠢ ᠬᠡᠷᠡᠭᠯᠡᠬᠦ ᠶᠢ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ | ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠪᠡᠯ᠂ ᠰᠢᠲᠠᠮᠠᠬᠠᠢ ᠬᠡᠢ ᠬᠡᠷᠡᠭᠯᠡᠭᠴᠢ ᠳᠤ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ ᠪᠠᠷ ᠪᠢᠴᠢᠭ ᠢᠶᠠᠷ | ᠮᠡᠳᠡᠭᠳᠡᠨ᠎ᠡ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠴᠤ ᠮᠡᠳᠡᠬᠦ᠂ ᠡᠰᠡᠬᠦᠯ᠎ᠡ ᠵᠦᠢ ᠶᠣᠰᠣᠨ ᠤ | ᠤᠴᠢᠷ ᠰᠢᠯᠲᠠᠭᠠᠨ ᠦᠭᠡᠢ ᠪᠠᠷ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠣᠷᠣᠵᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠲᠡᠪᠴᠢᠭᠰᠡᠨ ᠪᠠᠶᠢᠪᠠᠯ᠂ | ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ ᠬᠠᠩᠭᠠᠬᠤ ᠪᠠ ᠬᠡᠷᠡᠭᠯᠡᠬᠦ ᠭᠡᠷ᠎ᠡ ᠶᠢᠨ ᠪᠣᠯᠵᠣᠯ ᠶᠣᠰᠣᠭᠠᠷ ᠰᠢᠲᠠᠮᠠᠬᠠᠢ ᠬᠡᠢ ᠬᠠᠩᠭᠠᠬᠤ ᠶᠢ ᠨᠢ ᠲᠦᠷ ᠵᠤᠭᠰᠤᠭᠠᠨ᠎ᠠ᠃ | ᠠᠮᠤᠷ ᠲᠦᠪᠰᠢᠨ ᠤ ᠳᠠᠯᠳᠠ ᠬᠡᠮ ᠢ ᠠᠷᠢᠯᠭᠠᠭᠰᠠᠨ ᠤ ᠳᠠᠷᠠᠭ᠎ᠠ᠂ ᠰᠢᠲᠠᠮᠠᠬᠠᠢ ᠬᠡᠢ ᠶᠢᠨ ᠡᠵᠡᠩᠨᠡᠭᠴᠢ ᠬᠤᠷᠢᠨ ᠳᠥᠷᠪᠡᠨ ᠴᠠᠭ ᠤᠨ ᠳᠣᠲᠣᠷ᠎ᠠ ᠬᠡᠪ ᠤᠨ ᠰᠢᠲᠠᠮᠠᠬᠠᠢ | ᠬᠡᠢ ᠶᠢᠨ ᠬᠠᠩᠭᠠᠯᠭ᠎ᠠ ᠶᠢ ᠰᠡᠷᠭᠦᠭᠡᠨ᠎ᠡ᠃ | ᠳᠥᠴᠢᠳᠦᠭᠡᠷ ᠵᠦᠢᠯ ᠰᠢᠲᠠᠮᠠᠬᠠᠢ ᠬᠡᠢ ᠡᠵᠡᠩᠨᠡᠭᠴᠢ ᠰᠢᠲᠠᠮᠠᠬᠠᠢ ᠬᠡᠢ ᠶᠢᠨ ᠦᠷᠳᠡᠭᠡ᠂ ᠬᠠᠳᠠᠭᠠᠯᠠᠵᠤ ᠲᠦᠭᠡᠭᠡᠬᠦ ᠦᠷᠳᠡᠭᠡ᠂ ᠬᠡᠢ ᠨᠡᠮᠡᠬᠦ ᠦᠷᠳᠡᠭᠡ᠂ | ᠣᠷᠣᠨ ᠪᠦᠰᠡ ᠶᠢᠨ ᠴᠢᠨᠠᠷᠲᠠᠢ ᠳᠠᠷᠤᠯᠲᠠ ᠲᠣᠬᠢᠷᠠᠭᠤᠯᠬᠤ ᠦᠷᠳᠡᠭᠡ᠂ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠦᠷᠳᠡᠭᠡ᠂ ᠬᠤᠳᠠ ᠶᠢᠨ ᠶᠠᠪᠤᠳᠠᠯ ᠤᠨ ᠰᠢᠲᠠᠮᠠᠬᠠᠢ | ᠬᠡᠢ ᠶᠢᠨ ᠬᠤᠭᠤᠯᠠᠢ ᠵᠡᠷᠭᠡ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠨᠤᠷᠠᠭᠠᠬᠤ᠂ ᠥᠭᠡᠷᠡᠴᠢᠯᠡᠨ ᠨᠡᠭᠦᠯᠭᠡᠬᠦ ᠳᠤ ᠬᠦᠷᠪᠡᠯ᠂ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠢ᠃ | ᠰᠢᠲᠠᠮᠠᠬᠠᠢ ᠬᠡᠢ ᠶᠢᠨ ᠡᠵᠡᠩᠨᠡᠭᠴᠢ ᠰᠢᠲᠠᠮᠠᠬᠠᠢ ᠬᠡᠢ ᠶᠢᠨ ᠲᠦᠭᠦᠭᠡᠷᠦᠮᠵᠢ ᠶᠢ ᠥᠭᠡᠷᠡᠴᠢᠯᠡᠬᠦ ᠳᠤ᠂ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ | ᠄ | ︵ᠨᠢᠭᠡ︶ ᠰᠢᠲᠠᠮᠠᠬᠠᠢ ᠬᠡᠢ ᠶᠢᠨ ᠲᠦᠭᠦᠭᠡᠷᠦᠮᠵᠢ ᠶᠢ ᠥᠭᠡᠷᠡᠴᠢᠯᠡᠬᠦ ᠭᠤᠶᠤᠴᠢᠯᠠᠯ ᠤᠨ ᠮᠡᠳᠡᠭᠦᠯᠦᠯᠲᠡ ᠬᠠᠩᠭᠠᠨ᠎ᠠ︔ | ︵ᠬᠤᠶᠠᠷ︶ ᠥᠭᠡᠷᠡᠴᠢᠯᠡᠭᠰᠡᠨ ᠤ ᠳᠠᠷᠠᠭᠠᠬᠢ ᠰᠢᠲᠠᠮᠠᠬᠠᠢ ᠬᠡᠢ ᠶᠢᠨ ᠲᠥᠬᠦᠭᠡᠷᠦᠮᠵᠢ ᠨᠢ ᠰᠢᠲᠠᠮᠠᠬᠠᠢ ᠬᠡᠢ ᠶᠢᠨ ᠬᠥᠭᠵᠢᠯᠲᠡ ᠶᠢᠨ ᠲᠤᠰᠬᠠᠢ ᠲᠥᠯᠦᠪᠵᠢᠭᠦᠯᠭᠡ᠂ | ᠬᠤᠯᠪᠣᠭᠳᠠᠯ ᠪᠦᠬᠦᠢ ᠠᠮᠤᠷ ᠲᠦᠪᠰᠢᠨ ᠤ ᠲᠣᠭᠲᠠᠭᠠᠯ ᠳᠤ ᠨᠡᠶᠢᠴᠡᠭᠰᠡᠨ ᠪᠠᠶᠢᠬᠤ︔ | ︵ᠭᠤᠷᠪᠠ︶ ᠠᠶᠤᠯᠭᠦᠢ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠵᠢᠷᠤᠭ ᠲᠦᠰᠦᠯ ᠪᠠ ᠬᠡᠷᠡᠭᠵᠢᠭᠦᠯᠬᠦ ᠲᠥᠰᠥᠯ ᠲᠠᠢ ᠪᠠᠶᠢᠬᠤ︔ | ︵ᠳᠥᠷᠪᠡ︶ ᠰᠢᠲᠠᠮᠠᠬᠠᠢ ᠬᠡᠢ ᠬᠡᠷᠡᠭᠯᠡᠬᠦ ᠡᠷᠦᠬᠡ ᠶᠢᠨ ᠠᠮᠤᠷ ᠲᠦᠪᠰᠢᠨ᠂ ᠬᠡᠪ ᠤᠨ ᠪᠠᠶᠢᠳᠠᠯ ᠢᠶᠠᠷ ᠬᠡᠢ ᠬᠡᠷᠡᠭᠯᠡᠬᠦ ᠶᠢ ᠦᠯᠦ ᠨᠥᠯᠥᠭᠡᠯᠡᠬᠦ ᠪᠠᠲᠤᠯᠠᠪᠤᠷᠢ ᠶᠢᠨ | ᠠᠷᠭ᠎ᠠ ᠬᠡᠮᠵᠢᠶ᠎ᠡ ᠲᠠᠢ ᠪᠠᠶᠢᠬᠤ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃ | ᠡᠮᠦᠨᠡᠬᠢ ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢᠨ ᠲᠦᠭᠦᠭᠡᠷᠦᠮᠵᠢ ᠶᠢ ᠬᠤᠪᠢᠷᠠᠭᠤᠯᠬᠤ ᠭᠤᠶᠤᠴᠢᠯᠠᠯ ᠢ ᠭᠥᠯᠢᠶᠡᠨ | ᠠᠪᠤᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠳᠣᠲᠣᠷ᠎ᠠ ᠵᠦᠪᠰᠢᠶᠡᠷᠡᠯ ᠤᠯᠭᠤᠨ᠎ᠠ᠃ | ᠳᠥᠴᠢᠨ ᠨᠢᠭᠡᠳᠦᠭᠡᠷ ᠵᠦᠢᠯ ᠭᠡᠷ ᠳᠣᠲᠣᠷᠠᠬᠢ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠤᠭᠰᠠᠷᠠᠬᠤ᠂ ᠥᠭᠡᠷᠡᠴᠢᠯᠡᠨ ᠤᠭᠰᠠᠷᠠᠬᠤ᠂ ᠨᠤᠷᠠᠭᠠᠬᠤ ᠳᠤ | ᠤᠯᠤᠰ ᠤᠨ ᠬᠤᠯᠪᠣᠭᠳᠠᠯ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠠᠵᠢᠯᠯᠠᠬᠤ ᠬᠡᠷᠡᠭᠲᠡᠢ᠃ ᠬᠤᠭᠤᠯᠠᠢ ᠪᠠᠷ ᠳᠠᠮᠵᠢᠭᠤᠯᠬᠤ | ᠰᠢᠲᠠᠮᠠᠬᠠᠢ ᠬᠡᠢ ᠶᠢᠨ ᠬᠡᠷᠡᠭᠯᠡᠭᠴᠢ ᠡᠷᠦᠬᠡ ᠶᠢᠨ ᠳᠣᠲᠣᠷᠠᠬᠢ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠨᠡᠮᠡᠵᠦ ᠪᠠᠶᠢᠭᠤᠯᠬᠤ᠂ | ᠰᠢᠯᠵᠢᠭᠦᠯᠬᠦ᠂ ᠥᠭᠡᠷᠡᠴᠢᠯᠡᠨ ᠤᠭᠰᠠᠷᠠᠬᠤ᠂ ᠨᠤᠷᠠᠭᠠᠬᠤ ᠴᠢᠬᠤᠯᠠᠲᠠᠢ ᠪᠠᠶᠢᠪᠠᠯ᠂ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠡᠵᠡᠩᠨᠡᠭᠴᠢ ᠶᠢᠨ | ᠵᠥᠪᠰᠢᠶᠡᠷᠡᠯ ᠢ ᠣᠯᠬᠤ ᠶᠢᠨ ᠬᠠᠮᠲᠤ ᠲᠣᠬᠢᠷᠠᠭᠰᠠᠨ ᠠᠮᠤᠷ ᠲᠦᠪᠰᠢᠨ ᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠤᠳ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠵᠦᠢᠯᠡᠰ ᠤᠨ ᠭᠤᠶᠤᠴᠢᠯᠠᠯ ᠢ ᠬᠢᠨᠠᠨ | ᠬᠠᠷᠭᠤᠭᠤᠯᠬᠤ ᠳᠤ ᠪᠠᠨ᠂ ᠪᠦᠲᠦᠭᠡᠨ ᠪᠠᠶᠢᠭᠤᠯᠬᠤ ᠨᠢᠭᠡᠴᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠳᠤ ᠬᠤᠯᠪᠣᠭᠳᠠᠭᠰᠠᠨ ᠰᠢᠲᠠᠮᠠᠬᠠᠢ ᠬᠡᠢ ᠶᠢᠨ | ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠪᠴᠢᠶ᠎ᠡ ᠶᠢ ᠮᠡᠳᠡᠭᠳᠡᠬᠦ ᠬᠡᠷᠡᠭᠲᠡᠢ᠃ | ᠪᠠᠷᠢᠯᠭ᠎ᠠ ᠪᠠᠷᠢᠬᠤ ᠳᠤ ᠰᠢᠲᠠᠮᠠᠬᠠᠢ ᠬᠡᠢ ᠶᠢᠨ ᠲᠦᠭᠦᠭᠡᠷᠦᠮᠵᠢ ᠶᠢ ᠦᠨᠡᠨ ᠬᠦ ᠥᠭᠡᠷᠡᠴᠢᠯᠡᠬᠦ ᠴᠢᠬᠤᠯᠠ ᠲᠠᠢ ᠪᠣᠯ᠂ ᠤᠯᠤᠰ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠨᠥᠬᠦᠴᠡᠯ ᠳᠤ ᠨᠡᠶᠢᠴᠡᠭᠦᠯᠵᠦ᠂ ᠪᠠᠷᠢᠯᠭ᠎ᠠ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠶᠢᠨ ᠬᠠᠮᠲᠤ ᠰᠢᠲᠠᠮᠠᠬᠠᠢ ᠬᠡᠢ ᠶᠢᠨ | ᠡᠵᠡᠩᠨᠡᠭᠴᠢ ᠲᠠᠢ ᠬᠠᠮᠲᠤᠷᠠᠨ ᠵᠣᠬᠢᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠳᠥᠴᠢᠨ ᠭᠤᠷᠪᠠᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠢ ᠠᠵᠢᠯ ᠡᠬᠢᠯᠡᠭᠦᠯᠬᠦ ᠠᠴᠠ ᠪᠠᠨ ᠡᠮᠦᠨ᠎ᠡ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠠᠵᠢᠯ ᠤᠨ ᠬᠡᠪᠴᠢᠶᠡᠨ ᠲᠤᠳᠤᠷᠠᠬᠢ ᠭᠠᠵᠠᠷ ᠳᠣᠣᠷᠠᠬᠢ ᠰᠢᠲᠠᠮᠠᠬᠠᠢ ᠬᠡᠢ ᠶᠢᠨ ᠬᠤᠭᠤᠯᠠᠢ ᠱᠤᠭᠤᠮ ᠤᠨ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠨ | ᠲᠣᠳᠣᠷᠬᠠᠶᠢᠯᠠᠬᠤ ᠬᠡᠷᠡᠭᠲᠡᠢ︔ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ | ᠨᠢᠭᠡᠴᠢ ᠨᠦᠭᠦᠳ ᠬᠠᠮᠢᠶ᠎ᠠ ᠪᠦᠬᠦᠢ ᠮᠠᠲ᠋ᠧᠷᠢᠶᠠᠯ ᠢ ᠴᠠᠭ ᠲᠤᠬᠠᠢ ᠳᠤ ᠨᠢ ᠬᠠᠩᠭᠠᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠪᠴᠢᠶᠡᠨ ᠳᠤ ᠭᠠᠵᠠᠷ ᠳᠣᠣᠷᠠᠬᠢ ᠳᠠᠮᠵᠢᠭᠤᠯᠬᠤ ᠬᠤᠭᠤᠯᠠᠢ ᠶᠢᠨ | ᠰᠢᠲᠠᠮᠠᠬᠠᠢ ᠬᠡᠢ ᠶᠢᠨ ᠲᠥᠬᠦᠭᠡᠷᠦᠮᠵᠢ ᠲᠠᠢ ᠪᠠᠶᠢᠪᠠᠯ᠂ ᠪᠠᠷᠢᠯᠭ᠎ᠠ ᠪᠠᠷᠢᠬᠤ ᠨᠢᠭᠡᠴᠢ ᠨᠢ ᠠᠶᠤᠯᠭᠦᠢ ᠶᠢᠨ ᠬᠠᠮᠠᠭᠠᠯᠠᠯᠲᠠ ᠶᠢᠨ ᠲᠥᠰᠥᠯ ᠳᠤ ᠲᠣᠭᠲᠠᠭᠠᠭᠰᠠᠨ | ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠪᠠ | ᠪᠠᠷᠢᠯᠭ᠎ᠠ ᠶᠢᠨ ᠠᠶᠤᠯᠭᠦᠢ ᠶᠢᠨ ᠠᠷᠭ᠎ᠠ ᠬᠡᠮᠵᠢᠶ᠎ᠡ ᠳᠤ ᠣᠷᠣᠭᠤᠯᠬᠤ ᠶᠢᠨ ᠬᠠᠮᠲᠤ ᠠᠶᠤᠯᠭᠦᠢ ᠶᠢᠨ ᠬᠠᠮᠠᠭᠠᠯᠠᠯᠲᠠ ᠶᠢᠨ ᠲᠥᠰᠥᠯ ᠤᠨ ᠶᠣᠰᠣᠭᠠᠷ ᠪᠠᠷᠢᠯᠭ᠎ᠠ ᠪᠠᠷᠢᠬᠤ | ᠬᠡᠷᠡᠭᠲᠡᠢ︔ ᠬᠢᠨᠠᠨ ᠬᠠᠮᠢᠶᠠᠷᠬᠤ ᠨᠢᠭᠡᠴᠢ ᠨᠢ ᠲᠤᠰᠬᠠᠢ ᠬᠥᠮᠥᠨ ᠲᠣᠬᠢᠷᠠᠭᠤᠯᠤᠨ ᠲᠤᠬᠠᠢ ᠶᠢᠨ ᠭᠠᠵᠠᠷ ᠲᠤ ᠨᠢ ᠬᠢᠨᠠᠨ ᠬᠠᠮᠢᠶᠠᠷᠤᠭᠤᠯᠬᠤ ᠬᠡᠷᠡᠭᠲᠡᠢ᠂ ᠪᠠᠷᠢᠯᠭ᠎ᠠ ᠶᠢᠨ | ᠠᠵᠢᠯ ᠳᠤ ᠠᠶᠤᠯᠭᠦᠢ ᠶᠢᠨ ᠡ᠊ᠨᠳᠡᠯ ᠤᠨ ᠲᠡᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠪᠠᠷᠢᠯᠭ᠎ᠠ ᠶᠢᠨ ᠨᠢᠭᠡᠴᠢ ᠶᠢ ᠴᠡᠭᠴᠡᠯᠡᠨ ᠰᠠᠶᠢᠵᠢᠷᠠᠭᠤᠯᠬᠤ ᠪᠤᠶᠤ | ᠪᠠᠷᠢᠯᠭ᠎ᠠ ᠶᠢᠨ ᠠᠵᠢᠯ ᠢᠶᠠᠨ ᠲᠦᠷ ᠵᠣᠭᠰᠤᠭᠠᠬᠤ ᠪᠠᠷ ᠱᠠᠭᠠᠷᠳᠠᠬᠤ ᠬᠡᠷᠡᠭᠲᠡᠢ︔ ᠰᠢᠲᠠᠮᠠᠬᠠᠢ ᠬᠡᠢ ᠡᠵᠡᠩᠨᠡᠭᠴᠢ ᠠᠮᠤᠷ ᠲᠦᠪᠰᠢᠨ ᠤ ᠬᠠᠮᠠᠭᠠᠯᠠᠯᠲᠠ ᠶᠢᠨ ᠲᠥᠰᠥᠯ ᠳᠤ | ᠪᠣᠯᠵᠣᠨ ᠲᠣᠭᠲᠠᠭᠰᠠᠨ ᠶᠣᠰᠣᠭᠠᠷ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠨᠢ ᠵᠢᠭᠠᠨ | ᠵᠢᠯᠤᠭᠤᠳᠤᠨ᠎ᠠ᠃ | ᠳᠥᠴᠢᠨ ᠲᠠᠪᠤᠳᠤᠭᠠᠷ ᠵᠦᠢᠯ ᠰᠢᠲᠠᠮᠠᠬᠠᠢ ᠬᠡᠢ ᠡᠵᠡᠩᠨᠡᠭᠴᠢ ᠭᠠᠵᠠᠷ ᠳᠣᠣᠷᠠᠬᠢ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ | ᠠᠮᠤᠷ ᠲᠦᠪᠰᠢᠨ ᠤ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠪᠠᠷᠢᠯᠭ᠎ᠠ ᠶᠢᠨ ᠠᠵᠢᠯ ᠬᠢᠵᠦ ᠪᠠᠶᠢᠭ᠎ᠠ ᠨᠢᠭᠡᠴᠢ ᠪᠠ ᠬᠤᠪᠢ ᠬᠥᠮᠥᠨ ᠠᠮᠤᠷ ᠲᠦᠪᠰᠢᠨ ᠤ | ᠬᠠᠮᠠᠭᠠᠯᠠᠯᠲᠠ ᠶᠢᠨ ᠲᠥᠰᠥᠯ ᠲᠣᠭᠲᠠᠭᠠᠭᠰᠠᠨ ᠦᠭᠡᠢ᠂ ᠠᠮᠤᠷ ᠲᠦᠪᠰᠢᠨ ᠤ ᠳᠠᠯᠳᠠ ᠭᠡᠮ ᠲᠠᠢ ᠪᠠᠶᠢᠬᠤ ᠶᠢ ᠣᠯᠵᠤ ᠮᠡᠳᠡᠪᠡᠯ᠂ ᠪᠠᠷᠢᠯᠭ᠎ᠠ ᠶᠢᠨ ᠠᠵᠢᠯ ᠢ ᠲᠦᠷ | ᠵᠣᠭᠰᠤᠭᠠᠬᠤ ᠪᠠᠷ ᠪᠠᠷᠢᠯᠭ᠎ᠠ ᠶᠢᠨ ᠠᠵᠢᠯ ᠤᠨ ᠨᠢᠭᠡᠴᠢ ᠳᠤ ᠱᠠᠭᠠᠷᠳᠠᠬᠤ ᠶᠢᠨ ᠬᠠᠮᠲᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ᠎ᠡ | ᠃ | ᠳᠥᠴᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠰᠢᠲᠠᠮᠠᠬᠠᠢ ᠬᠡᠢ ᠶᠢᠨ ᠡ᠊ᠨᠳᠡᠯ ᠤᠨ ᠠᠮᠤᠷ ᠲᠦᠪᠰᠢᠨ ᠤ ᠳᠠᠯᠳᠠ ᠭᠡᠮ ᠪᠤᠶᠤ | ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠵᠡᠷᠭᠡ ᠪᠠᠶᠢᠳᠠᠯ ᠢ ᠣᠯᠵᠤ ᠮᠡᠳᠡᠪᠡᠯ᠂ ᠰᠢᠲᠠᠮᠠᠬᠠᠢ ᠬᠡᠢ | ᠡᠵᠡᠩᠨᠡᠭᠴᠢ ᠪᠤᠶᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠭᠠᠯ ᠢ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ | ᠪᠠᠶᠢᠭᠤᠯᠤᠮᠵᠢ ᠳᠤ ᠲᠡᠷᠡ ᠳᠠᠷᠤᠢ ᠳᠤ ᠨᠢ ᠮᠡᠳᠡᠭᠦᠯᠦᠨ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠤᠮᠵᠢ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ | ᠲᠡᠷᠡ ᠳᠠᠷᠤᠢ ᠳᠤ ᠨᠢ ᠰᠢᠢᠳᠪᠦᠷᠢᠯᠡᠬᠦ ᠬᠡᠷᠡᠭᠲᠡᠢ᠃ | ᠰᠢᠲᠠᠮᠠᠬᠠᠢ ᠬᠡᠢ ᠶᠢᠨ ᠬᠡᠷᠡᠭᠯᠡᠭᠴᠢ ᠪᠠ ᠠᠳᠠᠯ ᠠᠬᠤᠢ ᠶᠢᠨ ᠦᠢᠯᠡᠴᠢᠯᠡᠭᠴᠢ ᠨᠢ ᠰᠢᠲᠠᠮᠠᠬᠠᠢ ᠬᠡᠢ ᠶᠢᠨ ᠡᠵᠡᠩᠨᠡᠭᠴᠢ ᠲᠠᠢ ᠬᠠᠮᠵᠢᠯᠴᠠᠨ ᠰᠢᠲᠠᠮᠠᠬᠠᠢ ᠬᠡᠢ ᠶᠢᠨ | ᠲᠦᠭᠦᠭᠡᠷᠦᠮᠵᠢ ᠶᠢ ᠬᠠᠮᠠᠭᠠᠯᠠᠬᠤ᠂ ᠵᠠᠪᠳᠤᠨ ᠵᠠᠰᠠᠬᠤ᠂ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ᠠᠵᠢᠯ ᠢ ᠬᠢᠬᠦ ᠬᠡᠷᠡᠭᠲᠡᠢ᠂ ᠰᠠᠭᠠᠳ | ᠪᠤᠯᠵᠦ ᠬᠠᠷᠰᠢᠯᠠᠵᠤ ᠪᠣᠯᠬᠤ ᠦᠭᠡᠢ᠃ | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠳᠥᠴᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠳᠥᠴᠢᠨ ᠨᠠᠢᠮᠠᠳᠤᠭᠠᠷ ᠵᠦᠢᠯ ᠲᠣᠰ ᠳᠦᠷᠢᠮ ᠤᠨ ᠬᠤᠷᠢᠳᠤᠭᠠᠷ ᠵᠦᠢᠯ᠂ ᠬᠤᠷᠢᠨ ᠨᠢᠭᠡᠳᠦᠭᠡᠷ ᠵᠦᠢᠯ᠂ ᠬᠤᠷᠢᠨ ᠲᠠᠪᠤᠳᠤᠭᠠᠷ ᠵᠦᠢᠯ᠂ ᠬᠤᠷᠢᠨ | ᠵᠢᠷᠭᠤᠳᠤᠭᠠᠷ ᠵᠦᠢᠯ᠂ ᠬᠤᠷᠢᠨ ᠳᠣᠯᠣᠳᠤᠭᠠᠷ ᠵᠦᠢᠯ᠂ ᠬᠤᠷᠢ ᠶᠢᠰᠦᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠰᠢᠲᠠᠮᠠᠬᠠᠢ ᠬᠡᠢ ᠡᠵᠡᠩᠨᠡᠭᠴᠢ ᠳᠣᠣᠷᠠᠬᠢ | ᠮᠡᠲᠦ ᠶᠢᠨ ᠦᠶᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ 1 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠠᠤᠯᠢ ᠠᠴᠠ ᠵᠥᠷᠢᠴᠡᠵᠦ ᠣᠯᠵᠠᠪᠤᠷᠢ | ᠣᠯᠣᠭᠰᠠᠨ ᠪᠣᠯ᠂ ᠬᠠᠤᠯᠢ ᠠᠴᠠ ᠵᠥᠷᠢᠴᠡᠵᠦ ᠣᠯᠣᠭᠰᠠᠨ ᠣᠯᠵᠠᠪᠤᠷᠢ ᠶᠢ ᠨᠢ ᠬᠤᠷᠢᠶᠠᠨ ᠠᠪᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ | ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄ | ︵ᠨᠢᠭᠡ︶ ᠠᠶᠤᠯᠭᠦᠢ ᠶᠢᠨ ᠲᠣᠭᠲᠠᠭᠠᠯ ᠢ ᠦᠯᠦ ᠵᠢᠷᠤᠮᠯᠠᠭᠰᠠᠨ︔ | ︵ᠬᠤᠶᠠᠷ︶ ᠬᠡᠷᠡᠭᠯᠡᠭᠴᠢᠳ ᠳᠤ ᠦᠢᠯᠡᠴᠢᠯᠡᠬᠦ ᠳᠦᠷᠢᠮ ᠢ ᠲᠣᠭᠲᠠᠭᠠᠭᠰᠠᠨ ᠦᠭᠡᠢ ᠪᠤᠶᠤ ᠡᠵᠡᠩᠨᠡᠯᠲᠡ ᠦᠢᠯᠡᠴᠢᠯᠡᠭᠡᠨ ᠤ ᠲᠣᠭᠲᠠᠭᠠᠯ ᠢ ᠵᠢᠷᠤᠮᠯᠠᠭᠰᠠᠨ | ᠦᠭᠡᠢ︔ | ︵ᠭᠤᠷᠪᠠ︶ ᠳᠤᠷ᠎ᠠ ᠪᠠᠷ ᠢᠶᠠᠨ ᠬᠡᠢ ᠬᠠᠩᠭᠠᠬᠤ ᠶᠢ ᠵᠣᠭᠰᠣᠭᠠᠭᠰᠠᠨ᠂ ᠬᠡᠢ ᠶᠢᠨ ᠲᠦᠷᠦᠯ ᠢ ᠰᠣᠯᠢᠭᠰᠠᠨ᠂ ᠬᠡᠢ ᠬᠠᠩᠭᠠᠬᠤ ᠶᠢ ᠵᠣᠭᠰᠣᠭᠠᠭᠠᠳ ᠲᠣᠭᠲᠠᠭᠠᠯ | ᠶᠣᠰᠣᠭᠠᠷ ᠵᠠᠷᠯᠠᠨ ᠮᠡᠳᠡᠭᠳᠡᠭᠰᠡᠨ ᠦᠭᠡᠢ ᠪᠤᠶᠤ ᠬᠡᠪ ᠤᠨ ᠬᠡᠢ ᠬᠠᠩᠭᠠᠬᠤ ᠶᠢ ᠴᠠᠭ ᠲᠤᠬᠠᠢ ᠳᠤ ᠨᠢ ᠰᠡᠷᠭᠦᠭᠡᠭᠰᠡᠨ ᠦᠭᠡᠢ︔ | ︵ᠳᠥᠷᠪᠡ︶ ᠬᠡᠷᠡᠭᠯᠡᠬᠦ ᠨᠥᠬᠦᠴᠡᠯ ᠳᠤ ᠨᠡᠶᠢᠴᠡᠬᠦ ᠰᠢᠲᠠᠮᠠᠬᠠᠢ ᠬᠡᠢ ᠬᠡᠷᠡᠭᠯᠡᠬᠦ ᠡᠷᠦᠬᠡ ᠳᠤ ᠰᠢᠲᠠᠮᠠᠬᠠᠢ ᠬᠡᠢ ᠬᠠᠩᠭᠠᠬᠤ ᠶᠢ ᠲᠡᠪᠴᠢᠭᠰᠡᠨ︔ | ︵ᠲᠠᠪᠤ︶ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠦᠨᠳᠦᠰᠦᠨ ᠮᠡᠳᠡᠭᠡ ᠵᠠᠩᠭᠢ ᠵᠢᠴᠢ ᠬᠡᠷᠡᠭᠯᠡᠬᠦ ᠬᠡᠢ ᠶᠢᠨ ᠯᠤᠩᠬᠤ ᠶᠢᠨ ᠲᠤᠭ᠎ᠠ ᠬᠡᠮᠵᠢᠶ᠎ᠡ᠂ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠦᠶᠡᠯᠡᠯ ᠪᠠ ᠬᠡᠷᠡᠭᠯᠡᠭᠡᠨ ᠠᠴᠠ ᠭᠠᠷᠭᠠᠬᠤ ᠬᠤᠭᠤᠴᠠᠭ᠎ᠠ ᠵᠡᠷᠭᠡ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠭᠰᠡᠨ | ᠦᠭᠡᠢ᠂ ᠬᠡᠷᠡᠭᠯᠡᠭᠴᠢ ᠳᠤ ᠰᠢᠲᠠᠮᠠᠬᠠᠢ ᠬᠡᠢ ᠶᠢᠨ ᠯᠤᠩᠬᠤ ᠶᠢ ᠬᠠᠩᠭᠠᠭᠰᠠᠨ ᠦᠭᠡᠢ᠂ ᠲᠣᠬᠢᠷᠠᠭᠤᠯᠤᠨ ᠬᠦᠷᠭᠡᠭᠰᠡᠨ ᠦᠭᠡᠢ᠂ ᠤᠭᠰᠠᠷᠠᠭᠰᠠᠨ ᠦᠭᠡᠢ ︵ᠥᠨᠴᠥᠭᠲᠦ | ᠨᠡᠭᠡᠯᠡᠭᠡᠢ᠂ ᠳᠠᠷᠤᠯᠲᠠ ᠪᠠᠭᠤᠷᠠᠭᠤᠯᠬᠤ ᠨᠡᠭᠡᠯᠡᠭᠡᠢ ᠪᠠᠭᠲᠠᠨ᠎ᠠ︶ ᠪᠤᠶᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠬᠡᠷᠡᠭᠯᠡᠭᠴᠢ ᠶᠢᠨ ᠬᠡᠢ ᠬᠡᠷᠡᠭᠯᠡᠬᠦ ᠲᠠᠯᠠᠪᠤᠷ | ᠭᠠᠵᠠᠷ᠂ ᠰᠢᠲᠠᠮᠠᠬᠠᠢ ᠬᠡᠢ ᠶᠢᠨ ᠲᠦᠭᠦᠭᠡᠷᠦᠮᠵᠢ ᠪᠠ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠳᠤ ᠠᠮᠤᠷ ᠲᠦᠪᠰᠢᠨ ᠤ ᠪᠠᠶᠢᠴᠠᠭᠠᠯᠲᠠ ᠬᠢᠭᠰᠡᠨ ᠦᠭᠡᠢ︔ | | ︵ᠵᠢᠷᠭᠤᠭ᠎ᠠ︶ ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠶᠢᠨ ᠬᠡᠢ ᠬᠡᠷᠡᠭᠯᠡᠬᠦ ᠣᠷᠴᠢᠨ ᠲᠣᠭᠤᠷᠢᠨ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ ᠬᠡᠢ | ᠬᠡᠷᠡᠭᠯᠡᠬᠦ ᠲᠠᠩᠰᠠ ᠨᠡᠭᠡᠭᠡᠬᠦ ᠭᠤᠶᠤᠴᠢᠯᠠᠯ ᠢ ᠭᠥᠯᠢᠶᠡᠨ ᠠᠪᠤᠭᠰᠠᠨ ᠦᠭᠡᠢ︔ | ᠳᠥᠴᠢ ᠶᠢᠰᠦᠳᠦᠭᠡᠷ ᠵᠦᠢᠯ ᠲᠤᠰ ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠢ ᠵᠥᠷᠢᠴᠡᠵᠦ᠂ ᠯᠣᠩᠬᠤᠨ ᠳᠤ ᠰᠠᠪᠠᠯᠠᠭᠰᠠᠨ | ᠰᠢᠲᠠᠮᠠᠬᠠᠢ ᠬᠡᠢ ᠶᠢᠨ ᠡᠵᠡᠩᠨᠡᠭᠴᠢ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢᠨ ᠡᠵᠡᠩᠨᠡᠯᠲᠡ ᠪᠠ ᠰᠢᠲᠠᠮᠠᠬᠠᠢ ᠬᠡᠢ ᠶᠢᠨ ᠯᠣᠩᠬᠤ ᠶᠢ ᠳᠦᠭᠦᠷᠭᠡᠨ ᠰᠠᠪᠠᠯᠠᠬᠤ | ᠶᠠᠪᠤᠴᠠ ᠳᠤ᠂ ᠳᠣᠣᠷᠠᠬᠢ ᠮᠡᠲᠦ ᠦᠶᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄ | ︵ᠨᠢᠭᠡ︶ ᠬᠤᠭᠤᠴᠠᠭ᠎ᠠ ᠥᠩᠭᠡᠷᠡᠲᠡᠯ᠎ᠡ ᠰᠢᠯᠭᠠᠨ ᠪᠠᠶᠢᠴᠠᠭᠠᠭᠰᠠᠨ ᠦᠭᠡᠢ ᠰᠢᠲᠠᠮᠠᠬᠠᠢ ᠬᠡᠢ ᠶᠢᠨ ᠯᠣᠩᠬᠤ᠂ ᠬᠢᠷᠢ ᠲᠡᠩᠴᠡᠭᠦ ᠦᠭᠡᠢ ᠬᠡᠢ ᠶᠢᠨ ᠯᠣᠩᠬᠤ ᠪᠠ | ᠬᠠᠶᠠᠭᠳᠠᠮᠠᠯ ᠬᠡᠢ ᠶᠢᠨ ᠯᠣᠩᠬᠤᠨ ᠳᠤ ᠰᠢᠲᠠᠮᠠᠬᠠᠢ ᠬᠡᠢ ᠳᠦᠭᠦᠷᠭᠡᠨ ᠰᠠᠪᠠᠯᠠᠭᠰᠠᠨ︔ | ︵ᠬᠤᠶᠠᠷ︶ ᠠᠶᠤᠯᠭᠦᠢ ᠶᠢᠨ ᠪᠠᠷᠢᠮᠵᠢᠶ᠎ᠠ ᠠᠴᠠ ᠵᠥᠷᠢᠴᠡᠨ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠬᠡᠮᠵᠢᠶ᠎ᠡ ᠠᠴᠠ ᠬᠡᠲᠦᠷᠡᠭᠦᠯᠦᠨ ᠳᠦᠭᠦᠷᠭᠡᠭᠰᠡᠨ︔ | | ︵ᠭᠤᠷᠪᠠ︶ ᠥᠷᠲᠡᠭᠡᠨ ᠠᠴᠠ ᠭᠠᠷᠬᠤ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠳᠤ ᠰᠡᠷᠡᠮᠵᠢ ᠶᠢᠨ ᠱᠣᠰᠢᠭ᠎ᠠ᠂ ᠳᠦᠭᠦᠷᠭᠡᠨ ᠰᠠᠪᠠᠯᠠᠭᠰᠠᠨ ᠱᠣᠰᠢᠭ᠎ᠠ | ᠦᠭᠡᠢ ᠪᠤᠶᠤ ᠱᠣᠰᠢᠭ᠎ᠠ ᠨᠢ ᠲᠣᠳᠣᠷᠬᠠᠢ ᠦᠭᠡᠢ᠂ ᠵᠢᠷᠤᠮᠵᠢᠯ ᠦᠭᠡᠢ ᠪᠠᠶᠢᠬᠤ︔ | ︵ᠳᠥᠷᠪᠡ︶ ᠠᠷᠠᠳ ᠤᠨ ᠬᠡᠷᠡᠭᠯᠡᠭᠡᠨ ᠤ ᠰᠢᠩᠭᠡᠨᠵᠢᠮᠡᠯ ᠴᠢᠯᠠᠭᠤᠨ ᠲᠤᠰᠤᠨ ᠤ ᠬᠡᠢ ᠳᠤ ᠬᠤᠶᠠᠷ ᠮᠧᠲ᠋ᠢᠯᠲᠦ ᠡᠲ᠋ᠧᠷ ᠬᠤᠯᠢᠭᠰᠠᠨ ᠪᠤᠶᠤ ᠪᠤᠰᠤᠳ ᠠᠶᠤᠯᠲᠠᠢ | ᠬᠢᠮᠢ ᠶᠢᠨ ᠵᠦᠢᠯ ᠢ ᠳᠤᠷ᠎ᠠ ᠪᠠᠷ ᠢᠶᠠᠨ ᠨᠡᠮᠡᠭᠰᠡᠨ︔ | ︵ᠲᠠᠪᠤ︶ ᠰᠢᠳᠠᠮᠠᠬᠠᠢ ᠬᠡᠢ ᠶᠢᠨ ᠬᠤᠪᠢᠯᠲᠤ ᠲᠡᠷᠭᠡ ᠠᠴᠠ ᠰᠢᠳᠠᠮᠠᠬᠠᠢ ᠬᠡᠢ ᠶᠢᠨ ᠯᠣᠩᠬᠤᠨ ᠳᠤ ᠰᠢᠳᠠᠮᠠᠬᠠᠢ ᠬᠡᠢ ᠶᠢ ᠰᠢᠭᠤᠳ ᠳᠦᠭᠦᠷᠭᠡᠵᠦ᠂ ᠪᠤᠰᠤᠳ | ᠰᠢᠳᠠᠮᠠᠬᠠᠢ ᠬᠡᠢ ᠶᠢᠨ ᠬᠤᠪᠢᠯᠲᠤ ᠲᠡᠷᠭᠡᠨ ᠳᠤ ᠰᠢᠭᠤᠳ ᠬᠡᠢ ᠴᠢᠳᠬᠤᠭᠰᠠᠨ ᠪᠤᠶᠤ ᠰᠢᠳᠠᠮᠠᠬᠠᠢ ᠬᠡᠢ ᠶᠢᠨ ᠯᠣᠩᠬᠤ ᠪᠠᠷ ᠬᠠᠷᠢᠯᠴᠠᠨ ᠰᠢᠳᠠᠮᠠᠬᠠᠢ ᠬᠡᠢ ᠶᠢ ᠭᠡᠳᠡᠷᠭᠦ | ᠴᠢᠳᠬᠤᠭᠰᠠᠨ︔ | ︵ᠵᠢᠷᠭᠤᠭ᠎ᠠ︶ ᠭᠠᠵᠠᠷ ᠳᠣᠣᠷᠠᠬᠢ ᠲᠠᠰᠤᠭ᠂ ᠬᠠᠭᠠᠰ ᠭᠠᠵᠠᠷ ᠳᠣᠣᠷᠠᠬᠢ ᠲᠠᠰᠤᠭ᠂ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠳᠤ ᠯᠣᠩᠬᠤᠨ ᠳᠤ | ᠰᠠᠪᠠᠯᠠᠭᠰᠠᠨ ᠰᠢᠲᠠᠮᠠᠬᠠᠢ ᠬᠡᠢ ᠶᠢ ᠬᠠᠩᠭᠠᠭᠰᠠᠨ᠂ ᠡᠰᠡᠬᠦᠯ᠎ᠡ ᠴᠠᠬᠢᠯᠭᠠᠨ ᠱᠠᠲᠤ ᠪᠠᠷ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠵᠥᠭᠡᠭᠡᠪᠦᠷᠢᠯᠡᠭᠰᠡᠨ︔ | ᠲᠠᠪᠢᠳᠤᠭᠠᠷ ᠵᠦᠢᠯ ᠲᠣᠰ ᠳᠦᠷᠢᠮ ᠤᠨ ᠭᠤᠴᠢᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠰᠢᠲᠠᠮᠠᠬᠠᠢ ᠬᠡᠢ ᠬᠡᠷᠡᠭᠯᠡᠬᠦ ᠡᠷᠦᠬᠡ ᠳᠤ ᠳᠣᠣᠷᠠᠬᠢ | ᠮᠡᠲᠦ ᠦᠶᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ | ᠦᠭᠡᠢ ᠪᠠᠶᠢᠪᠠᠯ᠂ ᠨᠢᠭᠡᠴᠢ ᠶᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ᠂ ᠬᠤᠪᠢ ᠬᠥᠮᠥᠨ ᠢ 1000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | | ︵ᠨᠢᠭᠡ︶ ᠰᠢᠲᠠᠮᠠᠬᠠᠢ ᠬᠡᠢ ᠪᠠ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ ᠥᠪᠡᠷ ᠢᠶᠠᠨ ᠬᠠᠭᠠᠭᠳᠠᠬᠤ ᠨᠡᠭᠡᠯᠡᠭᠡᠢ᠂ ᠰᠢᠲᠠᠮᠠᠬᠠᠢ ᠬᠡᠢ ᠶᠢᠨ | ᠯᠤᠩᠬᠤ ᠶᠢᠨ ᠳᠠᠷᠤᠯᠲᠠ ᠶᠢ ᠪᠠᠭᠤᠷᠠᠭᠤᠯᠬᠤ ᠨᠡᠭᠡᠯᠡᠭᠡᠢ ᠵᠡᠷᠭᠡ ᠲᠥᠬᠦᠭᠡᠷᠦᠮᠵᠢ ᠶᠢ ᠵᠥᠪ ᠪᠤᠰᠤ ᠪᠠᠷ ᠬᠡᠷᠡᠭᠯᠡᠭᠰᠡᠨ︔ | ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠷᠢᠮᠵᠢᠶ᠎ᠠ᠂ ᠵᠢᠷᠤᠮᠵᠢᠯ ᠳᠤ ᠥᠯᠥ ᠨᠡᠶᠢᠴᠡᠬᠦ ᠰᠢᠲᠠᠮᠠᠬᠠᠢ ᠬᠡᠢ ᠶᠢᠨ ᠯᠣᠩᠬᠤ | ᠂ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠵᠢᠴᠢ ᠵᠠᠯᠭᠠᠬᠤ ᠬᠤᠭᠤᠯᠠᠢ᠂ ᠰᠢᠲᠠᠮᠠᠬᠠᠢ ᠬᠡᠢ ᠶᠢᠨ ᠭᠤᠭᠤᠵᠢᠯᠲᠠ ᠶᠢᠨ ᠲᠦᠭᠰᠢᠭᠦᠷᠢ ᠮᠡᠳᠡᠭᠡᠯᠡᠬᠦ | ᠲᠣᠨᠣᠭᠯᠠᠯ ᠢ ᠤᠭᠰᠠᠷᠠᠭᠰᠠᠨ ᠦᠭᠡᠢ᠂ ᠬᠡᠷᠡᠭᠯᠡᠭᠰᠡᠨ ᠦᠭᠡᠢ ᠪᠤᠶᠤ ᠱᠠᠭᠠᠷᠳᠠᠯᠭ᠎ᠠ ᠶᠣᠰᠣᠭᠠᠷ ᠰᠣᠯᠢᠭᠰᠠᠨ ᠦᠭᠡᠢ︔ | ︵ᠭᠤᠷᠪᠠ︶ ᠰᠠᠭᠤᠭᠠᠯᠢ ᠠᠷᠠᠳ ᠤᠨ ᠪᠤᠰᠤ ᠬᠡᠷᠡᠭᠯᠡᠭᠴᠢ ᠰᠢᠲᠠᠮᠠᠬᠠᠢ ᠬᠡᠢ ᠶᠢᠨ ᠡᠵᠡᠩᠨᠡᠭᠴᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ | ᠭᠥᠯᠢᠶᠡᠨ ᠠᠪᠬᠤ ᠶᠢ ᠲᠡᠪᠴᠢᠭᠰᠡᠨ ᠪᠤᠶᠤ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠠᠵᠢᠯᠯᠠᠭ᠎ᠠ᠂ ᠬᠠᠮᠠᠭᠠᠯᠠᠯᠲᠠ ᠪᠠ ᠠᠶᠤᠯᠭᠦᠢ ᠶᠢᠨ ᠬᠠᠮᠢᠶᠠᠷᠤᠯᠲᠠ ᠶᠢᠨ | ᠠᠵᠢᠯᠲᠠᠨ ᠳᠤ ᠲᠤᠰᠬᠠᠢ ᠮᠡᠷᠭᠡᠵᠢᠯ ᠤᠨ ᠪᠣᠯᠪᠠᠰᠤᠷᠠᠯ ᠦᠯᠦ ᠬᠢᠭᠰᠡᠨ᠃ | ᠲᠠᠪᠢᠨ ᠨᠢᠭᠡᠳᠦᠭᠡᠷ ᠵᠦᠢᠯ ᠲᠣᠰ ᠳᠦᠷᠢᠮ ᠤᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠰᠢᠲᠠᠮᠠᠬᠠᠢ ᠬᠡᠢ ᠬᠡᠷᠡᠭᠯᠡᠬᠦ | ᠡᠷᠦᠬᠡ ᠳᠤ ᠳᠣᠣᠷᠠᠬᠢ ᠮᠡᠲᠦ ᠦᠶᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ | ᠨᠢᠭᠡᠴᠢ ᠶᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ᠂ ᠬᠤᠪᠢ ᠬᠥᠮᠥᠨ ᠢ 1000 ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ | ᠡᠭᠦᠷᠭᠡᠯᠡᠭᠦᠯᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠰᠢᠲᠠᠮᠠᠬᠠᠢ ᠬᠡᠢ ᠳᠠᠮᠵᠢᠭᠤᠯᠬᠤ ᠪᠠ ᠲᠦᠭᠡᠭᠡᠬᠦ ᠬᠤᠭᠤᠯᠠᠢ ᠶᠢᠨ ᠳᠡᠭᠡᠷ᠎ᠡ ᠰᠢᠲᠠᠮᠠᠬᠠᠢ ᠬᠡᠢ ᠶᠢᠨ ᠰᠢᠲᠠᠭᠠᠭᠴᠢ ᠪᠠᠭᠠᠵᠢ ᠬᠡᠷᠡᠭᠰᠡᠯ ᠢ ᠰᠢᠭᠤᠳ | ᠤᠭᠰᠠᠷᠠᠭᠰᠠᠨ︔ | ︵ᠬᠤᠶᠠᠷ︶ ᠰᠢᠲᠠᠮᠠᠬᠠᠢ ᠬᠡᠢ ᠶᠢᠨ ᠬᠤᠭᠤᠯᠠᠢ ᠶᠢᠨ ᠲᠥᠬᠦᠭᠡᠷᠦᠮᠵᠢ ᠲᠠᠢ ᠭᠡᠷ ᠲᠤ ᠵᠤᠤᠬ᠎ᠠ ᠲᠠᠯᠪᠢᠭᠰᠠᠨ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠡᠳ᠋ | ᠪᠣᠳᠠᠰ ᠢ ᠬᠠᠳᠠᠭᠠᠯᠠᠭᠰᠠᠨ︔ | ︵ᠭᠤᠷᠪᠠ︶ ᠰᠢᠲᠠᠮᠠᠬᠠᠢ ᠬᠡᠢ ᠶᠢᠨ ᠯᠤᠩᠬᠤ ᠶᠢ ᠵᠠᠳᠠᠯᠤᠭᠰᠠᠨ᠂ ᠥᠭᠡᠷᠡᠴᠢᠯᠡᠨ ᠲᠣᠨᠣᠭᠯᠠᠭᠰᠠᠨ᠂ ᠬᠠᠯᠠᠭᠤᠯᠤᠭᠰᠠᠨ᠂ ᠰᠠᠪᠠᠭᠰᠠᠨ᠂ ᠪᠠᠯᠪᠠᠴᠢᠭᠰᠠᠨ᠂ | ᠡᠰᠡᠬᠦᠯ᠎ᠡ ᠰᠢᠲᠠᠮᠠᠬᠠᠢ ᠬᠡᠢ ᠶᠢᠨ ᠯᠤᠩᠬᠤ ᠶᠢ ᠲᠣᠩᠭᠤᠷᠤᠭᠤᠯᠤᠭᠰᠠᠨ᠂ ᠬᠡᠪᠲᠡᠭᠦᠯᠵᠦ ᠬᠡᠷᠡᠭᠯᠡᠭᠰᠡᠨ︔ | ︵ᠲᠦᠷᠪᠡ︶ ᠭᠠᠵᠠᠷ ᠳᠣᠣᠷᠠᠬᠢ ᠭᠡᠷ᠂ ᠬᠠᠭᠠᠰ ᠭᠠᠵᠠᠷ ᠳᠣᠣᠷᠠᠬᠢ ᠭᠡᠷ ᠪᠠ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠳᠣᠲᠣᠷ᠎ᠠ ᠯᠣᠩᠬᠤᠨ ᠳᠤ | ᠰᠠᠪᠠᠯᠠᠭᠰᠠᠨ ᠰᠢᠳᠠᠮᠠᠬᠠᠢ ᠬᠡᠢ ᠶᠢᠨ ᠲᠥᠬᠦᠭᠡᠷᠦᠮᠵᠢ ᠪᠠ ᠬᠡᠢ ᠶᠢᠨ ᠯᠣᠩᠬᠤ ᠲᠠᠯᠪᠢᠵᠤ᠂ ᠯᠣᠩᠬᠤᠨ ᠳᠤ ᠰᠠᠪᠠᠯᠠᠭᠰᠠᠨ ᠰᠢᠳᠠᠮᠠᠬᠠᠢ ᠬᠡᠢ ᠶᠢ ᠬᠡᠷᠡᠭᠯᠡᠭᠰᠡᠨ︔ | ︵ᠲᠠᠪᠤ︶ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠰᠢᠯᠵᠢᠭᠦᠯᠦᠭᠰᠡᠨ᠂ ᠦᠯᠡᠳᠡᠭᠳᠡᠯ ᠰᠢᠩᠭᠡᠨ ᠢ ᠴᠢᠳᠬᠤᠭᠰᠠᠨ︔ | ︵ᠵᠢᠷᠭᠤᠭ᠎ᠠ︶ ᠰᠢᠲᠠᠮᠠᠬᠠᠢ ᠬᠡᠢ ᠶᠢᠨ ᠯᠤᠩᠬᠤ ᠶᠢ ᠰᠢᠯᠭᠠᠨ ᠪᠠᠶᠢᠴᠠᠭᠠᠭᠰᠠᠨ ᠲᠡᠮᠳᠡᠭ᠂ ᠢᠯᠭᠠᠨ ᠲᠠᠨᠢᠭᠰᠠᠨ ᠲᠡᠮᠳᠡᠭ ᠢ ᠥᠪᠡᠰᠦᠪᠡᠨ ᠪᠠᠯᠠᠯᠤᠨ ᠵᠠᠰᠠᠭᠰᠠᠨ᠂ | ᠡᠰᠡᠬᠦᠯ᠎ᠡ ᠯᠣᠩᠬᠤᠨ ᠨᠡᠭᠡᠯᠡᠭᠡᠢ᠂ ᠳᠠᠭᠠᠯᠲᠠ ᠲᠤᠨᠤᠭ ᠢ ᠵᠠᠳᠠᠯᠵᠤ ᠵᠠᠰᠠᠭᠰᠠᠨ︔ | ︵ᠲᠤᠯᠤᠭ᠎ᠠ︶ ᠬᠤᠭᠤᠴᠠᠭ᠎ᠠ ᠬᠡᠲᠦᠷᠡᠲᠡᠯ᠎ᠡ ᠰᠢᠯᠭᠠᠨ ᠪᠠᠶᠢᠴᠠᠭᠠᠭᠰᠠᠨ ᠦᠭᠡᠢ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠤᠶᠤ ᠬᠡᠷᠡᠭᠯᠡᠭᠡᠨ ᠠᠴᠠ | ᠭᠠᠷᠭᠠᠭᠰᠠᠨ ᠰᠢᠲᠠᠮᠠᠬᠠᠢ ᠬᠡᠢ ᠶᠢᠨ ᠯᠤᠩᠬᠤ ᠶᠢ ᠬᠡᠷᠡᠭᠯᠡᠭᠰᠡᠨ︔ | ︵ᠨᠠᠢᠮᠠ︶ ᠬᠠᠤᠯᠢ ᠪᠤᠰᠤ ᠪᠠᠷ ᠳᠦᠭᠦᠷᠭᠡᠨ ᠰᠠᠪᠠᠯᠠᠭᠰᠠᠨ᠂ ᠬᠠᠤᠯᠢ ᠪᠤᠰᠤ ᠪᠠᠷ ᠡᠵᠡᠩᠨᠡᠭᠰᠡᠨ ᠯᠣᠩᠬᠤᠨ ᠳᠤ ᠰᠠᠪᠠᠯᠠᠭᠰᠠᠨ ᠰᠢᠲᠠᠮᠠᠬᠠᠢ ᠬᠡᠢ ᠶᠢ ᠬᠤᠳᠠᠯᠳᠤᠨ | ᠠᠪᠤᠭᠰᠠᠨ ᠪᠠ ᠬᠡᠷᠡᠭᠯᠡᠭᠰᠡᠨ᠃ | ᠲᠠᠪᠢᠨ ᠬᠤᠶᠠᠳᠤᠭᠠᠷ ᠵᠦᠢᠯ ᠲᠣᠰ ᠳᠦᠷᠢᠮ ᠤᠨ ᠳᠥᠴᠢᠨ ᠳᠥᠷᠪᠡᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠰᠢᠲᠠᠮᠠᠬᠠᠢ ᠬᠡᠢ ᠶᠢᠨ | ᠡᠵᠡᠩᠨᠡᠭᠴᠢ ᠠᠮᠤᠷ ᠲᠦᠪᠰᠢᠨ ᠤ ᠬᠠᠮᠠᠭᠠᠯᠠᠯᠲᠠ ᠶᠢᠨ ᠲᠥᠰᠥᠯ ᠤᠨ ᠪᠣᠯᠵᠣᠯ ᠶᠣᠰᠣᠭᠠᠷ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ | ᠪᠤᠶᠤ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠭᠰᠡᠨ ᠦᠭᠡᠢ ᠠᠴᠠ ᠪᠣᠯᠵᠤ᠂ ᠭᠠᠵᠠᠷ ᠳᠣᠣᠷᠠᠬᠢ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠶᠢᠨ | ᠲᠦᠭᠦᠭᠡᠷᠦᠮᠵᠢ ᠶᠢ ᠡᠪᠳᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ | ᠲᠠᠪᠢᠨ ᠭᠤᠷᠪᠠᠳᠤᠭᠠᠷ ᠵᠦᠢᠯ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠭᠤᠳ | ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ | ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠪᠤᠶᠤ ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠨ ᠬᠢᠨᠠᠨ ᠵᠥᠪᠰᠢᠶᠡᠷᠡᠭᠦᠯᠦᠭᠰᠡᠨ︔ | ︵ᠬᠤᠶᠠᠷ︶ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠨᠢᠭᠡᠴᠢ ᠪᠠ ᠬᠤᠪᠢ ᠬᠥᠮᠥᠨ ᠳᠤ ᠰᠢᠲᠠᠮᠠᠬᠠᠢ ᠬᠡᠢ ᠶᠢᠨ ᠡᠵᠡᠩᠨᠡᠯᠲᠡ ᠬᠢᠬᠦ ᠶᠢ | ᠵᠥᠪᠰᠢᠶᠡᠷᠡᠭᠰᠡᠨ︔ | ︵ᠭᠤᠷᠪᠠ︶ ᠰᠢᠲᠠᠮᠠᠬᠠᠢ ᠬᠡᠢ ᠶᠢᠨ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ ᠵᠡᠷᠭᠡ ᠶᠢᠨ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠬᠠᠤᠯᠢ ᠶᠣᠰᠣᠭᠠᠷ ᠥᠯᠥ ᠪᠠᠶᠢᠴᠠᠭᠠᠨ ᠰᠢᠢᠳᠪᠦᠷᠢᠯᠡᠭᠰᠡᠨ︔ | ︵ᠳᠥᠷᠪᠡ︶ ᠰᠢᠲᠠᠮᠠᠬᠠᠢ ᠬᠡᠢ ᠶᠢᠨ ᠬᠦᠨᠳᠦ ᠶᠡᠭᠡ ᠡ᠊ᠨᠳᠡᠯ ᠭᠠᠷᠤᠭᠰᠠᠨ ᠤ ᠲᠠᠷᠠᠭ᠎ᠠ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠵᠠᠪᠳᠤᠨ ᠵᠠᠰᠠᠭᠰᠠᠨ | ᠦᠭᠡᠢ᠂ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠭᠰᠡᠨ ᠦᠭᠡᠢ︔ | ︵ᠲᠠᠪᠤ︶ ᠡᠷᠬᠡ ᠲᠤᠰᠢᠶᠠᠯ ᠢᠶᠠᠨ ᠠᠰᠢᠭᠯᠠᠵᠤ ᠬᠠᠤᠯᠢ ᠪᠤᠰᠤ ᠠᠰᠢᠭ ᠣᠯᠣᠭᠰᠠᠨ︔ | ︵ᠵᠢᠷᠭᠤᠭ᠎ᠠ︶ ᠬᠢᠨᠠᠯᠳᠠ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠰᠤᠳ ᠦᠢᠯᠡ ᠠᠵᠢᠯᠯᠠᠭ᠎ᠠ᠃ | | ᠳᠣᠯᠣᠳᠤᠭᠠᠷ ᠪᠦᠯᠦᠭ ᠲᠠᠭᠠᠯᠳᠠᠭᠤᠯᠤᠯ ᠳᠦᠷᠢᠮ | ᠲᠠᠪᠢᠨ ᠳᠥᠷᠪᠡᠳᠦᠭᠡᠷ ᠵᠦᠢᠯ ᠲᠤᠰ ᠳᠦᠷᠢᠮ ᠢ 2022 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |