︽ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ | ᠡᠳᠦᠭᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠠᠳᠠᠯ | ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠳᠣᠣᠷᠠᠬᠢ ᠮᠡᠲᠦ᠄ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠮᠤᠷ ᠲᠦᠪᠰᠢᠨ ᠪᠣᠯ ᠬᠥᠭᠵᠢᠯᠲᠡ ᠶᠢᠨ | ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠭᠡᠵᠦ | ᠲᠠᠬᠢᠨ ᠳᠠᠪᠲᠠᠨ ᠴᠢᠬᠤᠯᠠᠴᠢᠯᠠᠪᠠ᠃ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠳᠣᠲᠣᠷᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠨᠢ | ᠨᠠᠩ ᠴᠤ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ᠂ ᠤᠯᠤᠰ ᠣᠷᠣᠨ ᠤ ᠥᠨᠢ | ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠵᠤ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ ᠤᠨ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠬᠦ ᠲᠤᠬᠠᠢ ᠴᠢᠬᠤᠯᠠ ᠥᠭᠦᠯᠡᠯᠲᠡ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠦᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ | ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠠᠴᠠ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ 2022 ᠣᠨ ᠤ ᠪᠥᠬᠦ ᠣᠷᠣᠨ ᠤ ᠠᠳᠠᠯ ᠠᠬᠤᠢ ᠶᠢᠨ | ᠦᠢᠯᠡᠴᠢᠯᠡᠭᠡᠨ ᠤ ᠣᠷᠣᠨ ᠪᠦᠰᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠳᠠᠯ ᠠᠬᠤᠢ ᠶᠢᠨ | ᠦᠢᠯᠡᠴᠢᠯᠡᠭᠡᠨ ᠤ ᠣᠷᠣᠨ ᠪᠦᠰᠡ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠨ᠎ᠠ᠃ | ᠬᠤᠶᠠᠷ᠂ ᠬᠠᠷᠠᠯᠲᠠ ᠡᠭᠦᠷᠭᠡ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠶᠢᠨ ᠲᠣᠭᠤᠷᠢᠨ ᠳᠤ᠂ ᠠᠮᠤᠷ ᠲᠦᠪᠰᠢᠨ ᠤ ᠰᠡᠷᠭᠡᠶᠢᠯᠡᠯᠳᠡ ᠶᠢᠨ ᠲᠦᠷᠢᠮ ᠢ ᠪᠠᠶᠢᠭᠤᠯᠤᠨ᠎ᠠ᠃ ᠬᠥᠭᠵᠢᠯᠲᠡ ᠶᠢᠨ ᠣᠨᠣᠯᠵᠢᠬᠤᠨ ᠢ ᠯᠠᠪᠳᠠᠭᠤᠨ | ᠪᠠᠲᠤᠲᠠᠢ ᠪᠣᠶ ᠪᠣᠯᠭᠠᠵᠤ᠂ ᠠᠮᠤᠷ ᠲᠦᠪᠰᠢᠨ ᠤ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠠᠳᠠᠯ ᠠᠬᠤᠢ ᠶᠢᠨ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ | ᠲᠣᠭᠲᠠᠯᠴᠠᠭ᠎ᠠ ᠶᠢ ᠪᠠᠶᠢᠭᠤᠯᠤᠨ᠂ ᠠᠮᠤᠷ ᠲᠦᠪᠰᠢᠨ ᠢ ᠤᠷᠢᠳᠴᠢᠯᠠᠨ ᠰᠡᠷᠭᠡᠶᠢᠯᠡᠬᠦ ᠳᠠᠪᠬᠤᠷ ᠲᠤᠭᠳᠠᠴᠠ ᠶᠢ ᠪᠦᠷᠢᠨᠰᠢᠭᠦᠯᠦᠨ᠂ ᠪᠠᠭᠤᠷᠠᠢ ᠭᠤᠭᠴᠤᠭ᠎ᠠ ᠶᠢ ᠴᠢᠩᠭ᠎ᠠ | ᠠᠩᠬᠠᠷᠴᠤ᠂ ᠭᠤᠣᠯᠳᠠᠯᠭ᠎ᠠ ᠲᠠᠢ ᠰᠡᠷᠭᠡᠶᠢᠯᠡᠯᠲᠡ ᠶᠢ ᠲᠤᠪᠤᠶᠢᠯᠭᠠᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ︔ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ ᠡᠭᠦᠷᠭᠡ ᠶᠢ ᠪᠡᠶᠡᠯᠡᠭᠦᠯᠦᠨ᠂ | ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠳᠣᠲᠣᠷᠠᠬᠢ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ | ᠬᠤᠷᠢᠭᠯᠠᠬᠤ ᠪᠠᠷ ᠬᠠᠷᠠᠯᠲᠠ ᠪᠣᠯᠭᠠᠵᠤ᠂ ᠪᠥᠬᠦ ᠣᠷᠣᠨ ᠤ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠠᠮᠤᠷ ᠲᠦᠪᠰᠢᠨ ᠢ ᠡᠵᠡᠮᠳᠡᠬᠦ᠂ ᠨᠡᠶᠢᠭᠡᠮ ᠢ | ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠭᠤᠣᠯ ᠠᠭᠤᠯᠭ᠎ᠠ ᠶᠢᠨ ᠲᠠᠶᠢᠯᠤᠮᠵᠢ | ︽ᠮᠡᠳᠡᠭᠳᠡᠯ︾ ᠳᠤ ᠨᠡᠶᠢᠳᠡ ᠭᠤᠷᠪᠠᠨ ᠬᠡᠰᠡᠭ ᠪᠤᠢ᠂ ᠭᠤᠣᠯ ᠠᠭᠤᠯᠭ᠎ᠠ ᠨᠢ᠄ | ᠨᠢᠭᠡᠳᠦᠭᠡᠷ ᠬᠡᠰᠡᠭ᠂ ᠡᠯ᠎ᠡ ᠲᠠᠯ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠠᠳᠠᠯ ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠨᠠᠨ | ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠭᠲᠠᠯᠴᠠᠭ᠎ᠠ ᠪᠠ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠠᠶᠦᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠠ ᠠᠵᠢᠯᠯᠠᠬᠤ ᠳᠦᠷᠢᠮ ᠢ | ᠵᠢᠷᠤᠮᠵᠢᠭᠤᠯᠤᠨ᠂ ᠠᠮᠤᠷ ᠲᠦᠪᠰᠢᠨ ᠤ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠤᠷᠢᠳᠴᠢᠯᠠᠨ | ᠰᠡᠷᠭᠡᠶᠢᠯᠡᠬᠦ ᠳᠠᠪᠬᠤᠷ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠶᠠᠳᠤᠭᠠᠷ ᠬᠡᠰᠡᠭ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠠᠳᠡᠯ ᠠᠮᠠᠷᠬᠠᠨ | ᠭᠠᠷᠬᠤ ᠪᠠ ᠣᠯᠠᠨ ᠭᠠᠷᠬᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠭᠡᠷ ᠪᠠᠶᠢᠰᠢᠩ ᠤᠨ ᠬᠡᠷᠡᠭᠯᠡᠯᠲᠡ ᠶᠢᠨ ᠠᠮᠤᠷ ᠲᠦᠪᠰᠢᠨ ᠤ ᠰᠡᠷᠭᠡᠶᠢᠯᠡᠯᠲᠡ᠂ ᠭᠠᠯ ᠢ ᠰᠡᠷᠭᠡᠶᠢᠯᠡᠨ ᠤᠨᠲᠠᠷᠠᠭᠠᠬᠤ | ᠠᠮᠤᠷ ᠲᠦᠪᠰᠢᠨ ᠤ ᠰᠡᠷᠭᠡᠶᠢᠯᠡᠯᠲᠡ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠵᠡᠷᠭᠡ 8 ᠲᠠᠯ᠎ᠠ ᠶᠢᠨ ᠠᠭᠤᠯᠭ᠎ᠠ ᠶᠢ ᠪᠠᠭᠲᠠᠭᠠᠭᠰᠠᠨ ᠠᠳᠠᠯ | ᠠᠬᠤᠢ ᠶᠢᠨ ᠦᠢᠯᠡᠴᠢᠯᠡᠭᠡᠨ ᠤ ᠣᠷᠣᠨ ᠪᠦᠰᠡ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤ ᠨᠢ ᠪᠦᠲᠦᠮᠵᠢᠲᠡᠶ | ᠠᠷᠢᠯᠭᠠᠨ᠎ᠠ᠃ | ᠭᠤᠷᠪᠠᠳᠤᠭᠠᠷ ᠬᠡᠰᠡᠭ᠂ ᠠᠮᠤᠷ ᠲᠦᠪᠰᠢᠨ ᠤ ᠤᠬᠠᠭᠤᠯᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠨ᠎ᠠ᠃ ᠣᠯᠠᠨ | ᠵᠦᠢᠯ ᠤᠨ ᠤᠬᠠᠭᠤᠯᠭ᠎ᠠ ᠶᠢᠨ ᠬᠡᠯᠪᠡᠷᠢ ᠶᠢ ᠠᠰᠢᠭᠯᠠᠨ᠂ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠥᠮᠴᠢᠲᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ᠂ ᠠᠵᠢᠯ | ᠡᠷᠬᠢᠯᠡᠭᠰᠡᠳ ᠤᠨ ᠠᠮᠤᠷ ᠲᠦᠪᠰᠢᠨ ᠤ ᠰᠡᠷᠭᠡᠶᠢᠯᠡᠯᠳᠡ ᠶᠢᠨ ᠮᠡᠷᠭᠡᠵᠢᠯ ᠢ ᠲᠡᠭᠡᠭᠰᠢᠯᠡᠭᠦᠯᠤᠨ᠎ᠡ᠃ ︽ᠠᠵᠢᠯ ᠲᠥᠷᠥᠯ ᠤᠨ ᠬᠠᠮᠢᠶᠠᠷᠤᠯᠳᠠ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠳᠠ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ ᠠᠳᠠᠯ ᠠᠬᠤᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ | ᠬᠢᠨ᠎ᠡ᠃ | ᠲᠠᠶᠢᠯᠪᠤᠷᠢᠯᠠᠭᠴᠢ᠄ ᠦ᠋ ᠰᠢᠶᠣᠣ ᠯᠧ 6944587 | | | | | |