ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠷᠭᠡᠵᠢᠯ ᠤᠨ ᠦᠢᠯᠡᠴᠢᠯᠡᠭᠡᠨ ᠤ ᠬᠤᠶᠠᠳᠤᠭᠠᠷ ᠪᠦᠯᠦᠭ ᠲᠤᠰᠬᠠᠢ ᠮᠡᠷᠭᠡᠵᠢᠯᠲᠡᠨ ᠢ ᠢᠯᠡ ᠪᠠᠷ ᠡᠯᠰᠡᠬᠦ ᠲᠤᠬᠠᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/5/24
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠠᠵᠢᠯ ᠲᠥᠷᠥᠯ ᠤᠨ ᠨᠡᠶᠢᠭᠡᠮᠯᠢᠭ᠂ ᠡᠯ᠎ᠡ ᠬᠠᠮᠢᠶ᠎ᠠ ᠪᠦᠬᠦᠢ ᠨᠡᠶᠢᠭᠡᠮ ᠤᠨ ᠪᠦᠯᠬᠦᠮ᠂ ᠡᠯ᠎ᠡ ᠬᠠᠮᠢᠶ᠎ᠠ ᠪᠦᠬᠦᠢ ᠨᠢᠭᠡᠴᠢ ᠳᠤ᠄      ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠮᠡᠷᠭᠡᠵᠢᠯ ᠤᠨ ᠬᠤᠶᠠᠳᠤᠭᠠᠷ ᠪᠦᠯᠦᠭ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠵᠢᠱᠢᠭᠳᠡᠭᠴᠢ ᠶᠢ ᠪᠥᠬᠦ ᠣᠷᠣᠨ ᠤ ᠬᠡᠪᠴᠢᠶᠠᠨ ᠳᠤ ᠢᠯᠡ ᠪᠠᠷ ᠡᠯᠰᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠲᠤᠰᠬᠠᠢ ᠮᠡᠷᠭᠡᠵᠢᠯᠲᠡᠨ ᠤ ᠭᠤᠣᠯ ᠠᠵᠢᠯ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠳᠤ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠮᠡᠷᠭᠡᠵᠢᠯ ᠤᠨ ᠠᠮᠤᠷ ᠲᠦᠪᠰᠢᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢᠨ ᠰᠢᠨᠵᠢᠯᠡᠬᠦ ᠤᠬᠠᠭᠠᠨᠴᠢ ᠴᠢᠨᠠᠷ ᠢ ᠲᠡᠭᠡᠭᠰᠢᠯᠡᠭᠦᠯᠦᠨ᠎ᠡ᠃      ᠬᠤᠶᠠᠷ᠂ ᠡᠯᠰᠡᠬᠦ ᠡᠲᠡᠭᠡᠳ ᠪᠠ ᠬᠦᠷᠢᠶ᠎ᠡ ᠬᠡᠪᠴᠢᠶ᠎ᠡ ᠨᠢ ᠪᠦᠬᠦ ᠣᠷᠣᠨ ᠵᠢᠴᠢ ᠣᠷᠣᠨ ᠤ ᠭᠠᠳᠠᠨᠠᠬᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠵᠢᠴᠢ ᠨᠡᠶᠢᠭᠡᠮ ᠤᠨ ᠪᠦᠯᠬᠦᠮ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠤ ᠳᠣᠲᠣᠷᠠᠬᠢ ᠣᠷᠳᠣ ᠬᠤᠭᠤᠴᠠᠭ᠎ᠠ ᠪᠠᠷ ᠪᠠᠷᠢᠯᠭ᠎ᠠ᠂ ᠪᠦᠲᠦᠴᠡ᠂ ᠴᠠᠬᠢᠯᠭᠠᠨ᠂ ᠳᠤᠯᠠᠭᠠᠯᠠᠭ᠎ᠠ᠂ ᠤᠰᠤ ᠬᠠᠩᠭᠠᠵᠤ ᠤᠰᠤ ᠵᠠᠯᠠᠬᠤ᠂ ᠵᠢᠮᠳᠦ ᠵᠠᠮ᠂ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ᠂ ᠡᠨᠧᠷᠭᠢ᠂ ᠭᠠᠯ ᠤᠨᠲᠠᠷᠠᠭᠠᠬᠤ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠠᠵᠢᠯ ᠪᠠ ᠬᠠᠮᠢᠶᠠᠷᠤᠯᠲᠠ ᠶᠢᠨ ᠠᠵᠢᠯ ᠬᠢᠵᠦ ᠪᠠᠶᠢᠭ᠎ᠠ ᠠᠵᠢᠯᠲᠠᠨ᠃      ᠭᠤᠷᠪᠠ᠂ ᠲᠤᠰᠬᠠᠢ ᠮᠡᠷᠭᠡᠵᠢᠯᠲᠡᠨ ᠢᠶᠠᠷ ᠮᠡᠳᠡᠭᠦᠯᠬᠦ ᠦᠨᠳᠦᠰᠦᠨ ᠨᠥᠬᠦᠴᠡᠯ      ︵ᠨᠢᠭᠡ︶ ᠨᠠᠮ ᠤᠨ ᠴᠢᠭᠯᠡᠯᠲᠡ ᠶᠢ ᠬᠦᠷᠢᠶᠡᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠲᠥᠪ ᠭᠤᠣᠯᠴᠢ ᠦᠨᠡᠨᠴᠢ ᠢᠲᠡᠭᠡᠮᠵᠢᠲᠡᠢ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠰᠠᠶᠢᠨ ᠰᠠᠶᠢᠬᠠᠨ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠶᠣᠰᠣ ᠮᠣᠷᠠᠯ ᠲᠠᠢ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠦᠭᠡᠢ᠂ ᠢᠲᠡᠭᠡᠮᠵᠢ ᠮᠠᠭᠤᠲᠠᠢ ᠲᠡᠮᠳᠡᠭᠯᠡᠯ ᠪᠠᠶᠢᠬᠤ ᠦᠭᠡᠢ᠃      ︵ᠬᠤᠶᠠᠷ︶ ᠡᠩ ᠤᠨ ᠪᠠᠶᠢᠳᠠᠯ ᠳᠤ 70 ᠨᠠᠰᠤ ᠠᠴᠠ ᠬᠡᠲᠦᠷᠡᠬᠦ ᠦᠭᠡᠢ ︵ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠣᠨᠴᠠ ᠨᠡᠮᠡᠭᠦᠷᠢ ᠶᠢ ᠬᠦᠷᠳᠡᠵᠦ ᠪᠠᠶᠢᠭ᠎ᠠ ᠲᠤᠰᠬᠠᠢ ᠮᠡᠷᠭᠡᠵᠢᠯᠲᠡᠨ ᠪᠤᠶᠤ ᠠᠺᠠᠳᠧᠮᠢᠴᠢ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠬᠠᠯᠠᠬᠤ ᠪᠠᠭᠰᠢ ᠶᠢᠨ ᠨᠠᠰᠤ ᠵᠢᠯ ᠡᠭᠦᠨ ᠳᠤ ᠬᠢᠵᠠᠭᠠᠷᠯᠠᠭᠳᠠᠬᠤ ᠦᠭᠡᠢ︶᠂ ᠣᠪᠣᠷ ᠰᠤᠷᠲᠠᠯ ᠲᠥᠪ ᠴᠢᠬᠡᠴᠢ᠂ ᠠᠵᠢᠯ ᠳᠤ ᠪᠠᠨ ᠴᠢᠩᠭ᠎ᠠ ᠨᠢᠮᠪᠠᠢ ᠪᠠᠶᠢᠬᠤ᠃      ︵ᠭᠤᠷᠪᠠ︶ ᠬᠠᠮᠢᠶ᠎ᠠ ᠪᠦᠬᠦᠢ ᠠᠵᠢᠯ ᠬᠢᠭᠰᠡᠨ ᠲᠤᠷᠰᠢᠯᠭ᠎ᠠ ᠨᠢ 10 ᠵᠢᠯ ᠠᠴᠠ ᠳᠡᠭᠡᠭᠰᠢ ᠪᠠᠶᠢᠵᠦ ᠂ ᠨᠡᠯᠢᠶᠡᠳ ᠭᠦᠨᠵᠡᠭᠡᠢ ᠲᠤᠰᠬᠠᠢ ᠮᠡᠷᠭᠡᠵᠢᠯ ᠤᠨ ᠣᠨᠣᠯ ᠤᠨ ᠬᠢᠷᠢ ᠲᠦᠪᠰᠢᠨ ᠪᠠ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠵᠢᠴᠢ ᠨᠡᠯᠢᠶᠡᠳ ᠴᠢᠩᠭ᠎ᠠ ᠲᠤᠰᠬᠠᠢ ᠮᠡᠷᠭᠡᠵᠢᠯ ᠤᠨ ᠵᠠᠳᠠᠯᠤᠨ ᠰᠢᠨᠵᠢᠯᠡᠵᠦ ᠬᠢᠨᠠᠨ ᠲᠣᠭᠲᠠᠭᠠᠬᠤ ᠴᠢᠳᠠᠪᠤᠷᠢ ᠲᠠᠢ ᠪᠠᠶᠢᠬᠤ᠃      ︵ᠳᠥᠷᠪᠡ︶ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠢᠨᠵᠧᠨᠧᠷ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠤᠶᠤ ᠤᠯᠤᠰ ᠤᠨ ᠳᠠᠩᠰᠠᠯᠠᠭᠤᠯᠤᠭᠰᠠᠨ ᠬᠠᠮᠢᠶ᠎ᠠ ᠪᠦᠬᠦᠢ ᠠᠵᠢᠯ ᠡᠷᠭᠢᠯᠡᠬᠦ ᠬᠢᠷᠢ ᠬᠡᠮ ᠲᠠᠢ ᠪᠠᠶᠢᠬᠤ᠃      ᠳᠥᠷᠪᠡ᠂ ᠡᠯᠰᠡᠨ ᠴᠤᠭᠯᠠᠭᠤᠯᠬᠤ ᠲᠠᠰ ᠳᠠᠷᠠᠭᠠᠯᠠᠯ      ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯ ᠢ ᠬᠤᠪᠢ ᠬᠥᠮᠥᠨ ᠭᠤᠶᠤᠴᠢᠯᠠᠨ ᠮᠡᠳᠡᠭᠦᠯᠬᠦ᠂ ᠨᠢᠭᠡᠴᠢ ᠠᠴᠠ ᠲᠠᠨᠢᠯᠴᠠᠭᠤᠯᠬᠤ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠢᠨᠠᠨ ᠪᠠᠶᠢᠴᠠᠭᠠᠬᠤ ᠶᠢᠨ ᠬᠠᠮᠲᠤ ᠢᠯᠡ ᠨᠡᠶᠢᠲᠡᠯᠡᠬᠦ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃      ︵ᠨᠢᠭᠡ︶ ᠨᠥᠬᠦᠴᠡᠯ ᠳᠤ ᠨᠡᠶᠢᠴᠡᠬᠦ ᠬᠤᠪᠢ ᠬᠥᠮᠥᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 1︶ ᠶᠢ ᠦᠨᠡᠨ ᠮᠥᠨ ᠢᠶᠠᠷ ᠨᠢ ᠲᠠᠭᠯᠠᠵᠤ᠂ ᠮᠡᠳᠡᠭᠦᠯᠦᠭᠰᠡᠨ ᠬᠥᠮᠥᠨ ᠤ ᠪᠠᠶᠢᠭ᠎ᠠ ᠨᠢᠭᠡᠴᠢ ᠳᠤ ᠮᠡᠳᠡᠭᠦᠯᠦᠨ᠎ᠡ᠃      ︵ᠬᠤᠶᠠᠷ︶ ᠮᠡᠳᠡᠭᠦᠯᠦᠭᠴᠢ ᠶᠢᠨ ᠪᠠᠶᠢᠭ᠎ᠠ ᠨᠢᠭᠡᠴᠢ ᠨᠢ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠨᠢᠭᠡᠴᠢ ᠶᠢᠨ ᠰᠠᠨᠠᠯ ᠢ ᠲᠠᠭᠯᠠᠭᠰᠠᠨ ᠤ ᠳᠠᠷᠠᠭ᠎ᠠ ᠨᠢᠭᠡᠴᠢ ᠶᠢᠨ ᠪᠠᠶᠢᠭ᠎ᠠ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠬᠠᠷᠭᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠥᠪᠥᠷ ᠮᠣᠩᠭᠤᠯ ᠳᠤ ᠰᠠᠭᠤᠭ᠎ᠠ ᠲᠥᠪ ᠤᠨ ᠨᠢᠭᠡᠴᠢ ᠨᠦᠭᠦᠳ ᠮᠠᠨ ᠤ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠰᠢᠭᠤᠳ ᠮᠡᠳᠡᠭᠦᠯᠵᠦ ᠪᠣᠯᠣᠨ᠎ᠠ᠃      ︵ᠭᠤᠷᠪᠠ︶ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠥᠬᠦᠴᠡᠯ ᠳᠤ ᠨᠡᠶᠢᠴᠡᠬᠦ ᠲᠤᠰᠬᠠᠢ ᠮᠡᠷᠭᠡᠵᠢᠯᠲᠡᠨ ᠤ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠮᠡᠳᠡᠭᠦᠯᠬᠦ ᠬᠤᠷᠢᠶᠠᠩᠭᠤᠢ ᠬᠦᠰᠦᠨᠦᠭᠲᠦ︾ ︵ᠳᠠᠭᠠᠯᠳᠤᠭᠤᠯᠤᠯ 2︶ ᠶᠢ ᠲᠠᠭᠯᠠᠨ᠂ 2022 ᠣᠨ ᠤ 6 ᠳ᠋ᠤᠭᠠᠷ ᠰᠠᠷ᠎ᠠ ᠶᠢᠨ 23 ᠤ ᠡᠳᠦᠷ ᠤᠨ 17᠄ 00 ᠴᠠᠭ ᠠᠴᠠ ᠡᠮᠦᠨ᠎ᠡ ᠮᠡᠳᠡᠭᠦᠯᠬᠦ ᠬᠦᠰᠦᠨᠦᠭᠲᠦ᠂ ᠬᠤᠷᠢᠶᠠᠩᠭᠤᠢ ᠬᠦᠰᠦᠨᠦᠭᠲᠦ ᠵᠢᠴᠢ ᠬᠠᠮᠢᠶ᠎ᠠ ᠪᠦᠬᠦᠢ ᠮᠠᠲ᠋ᠧᠷᠢᠶᠠᠯ ᠤᠨ ᠡᠯᠧᠺᠲᠷᠣᠨ ᠬᠡᠪᠯᠡᠯ ᠪᠠ ᠴᠠᠭᠠᠰᠤᠨ ᠬᠡᠪᠯᠡᠯ ᠢ ᠮᠠᠨ ᠤ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠭᠠᠵᠠᠷ ᠲᠤ ᠮᠡᠳᠡᠭᠦᠯᠦᠨ᠎ᠡ᠃      ᠲᠠᠪᠤ᠂ ᠪᠤᠰᠤᠳ ᠵᠦᠢᠯ ᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠨᠡᠶᠢᠭᠡᠮ ᠤᠨ ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠬᠤᠯᠪᠣᠭᠳᠠᠯ ᠪᠦᠬᠦᠢ ᠨᠢᠭᠡᠴᠢ ᠵᠡᠷᠭᠡ ᠠᠴᠠ ᠲᠤᠰ ᠰᠠᠯᠠᠭ᠎ᠠ ᠮᠥᠴᠢᠷ᠂ ᠲᠤᠰ ᠠᠵᠢᠯ ᠲᠦᠷᠦᠯ᠂ ᠲᠤᠰ ᠨᠢᠭᠡᠴᠢ ᠶᠢᠨ ᠢᠶᠠᠨ ᠲᠤᠰᠬᠠᠢ ᠮᠡᠷᠭᠡᠵᠢᠯᠲᠡᠨ ᠢ ᠢᠳᠡᠪᠬᠢᠲᠡᠢ ᠪᠠᠷ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ᠎ᠡ᠃      ᠬᠠᠷᠢᠯᠴᠠᠬᠤ ᠬᠥᠮᠥᠨ᠄ ᠸᠠᠩ ᠰᠢᠨ ᠢᠦᠢ      ᠬᠠᠷᠢᠯᠴᠠᠬᠤ ᠤᠲᠠᠰᠤ᠄ 0471—6946906 ︵ᠹᠠᠺᠰ︶      ᠰᠢᠤᠳᠠᠨ ᠬᠠᠶᠢᠷᠴᠠᠭ᠄ nmgzjtxfjgc@163.com      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ 818 ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠭᠠᠵᠠᠷ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠵᠡᠭᠦᠨ ᠵᠡᠭᠡᠯᠢ ᠶᠢᠨ 15 ᠳ᠋ᠤᠭᠠᠷ ᠨᠣᠮᠧᠷ᠂ ᠰᠢᠤᠳᠠᠨ ᠤ ᠳ᠋ᠤᠭᠠᠷ 010010︶      ᠳᠠᠭᠠᠯᠳᠤᠭᠤᠯᠤᠯ᠄       1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠮᠡᠳᠡᠭᠦᠯᠬᠦ ᠬᠦᠰᠦᠨᠦᠭᠲᠦ       2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠢ ᠤᠨᠲᠠᠷᠠᠭᠠᠬᠤ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠮᠡᠳᠡᠭᠦᠯᠬᠦ ᠬᠤᠷᠢᠶᠠᠩᠭᠤᠢ ᠬᠦᠰᠦᠨᠦᠭᠲᠦ                  2022 ᠣᠨ ᠤ 5 ᠳ᠋ᠤᠭᠠᠷ ᠰᠠᠷ᠎ᠠ ᠶᠢᠨ 23 ᠤ ᠡᠳᠦᠷ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ