ᠥᠷᠭᠡᠨ ᠣᠯᠠᠨ ᠠᠵᠤ ᠠᠬᠤᠶᠢᠯᠠᠯ ᠪᠠ ᠣᠯᠠᠨ ᠲᠦᠮᠡᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠬᠢᠷᠢ ᠬᠡᠮ ᠪᠠ ᠠᠵᠢᠯᠲᠠᠨ ᠤ ᠬᠢᠷᠢ ᠬᠡᠮ ᠢ ᠭᠦᠢᠴᠡᠳᠬᠡᠬᠦ ᠳᠤ ᠮᠡᠬᠡᠯᠡᠭᠳᠡᠬᠦ ᠠᠴᠠ ᠰᠡᠷᠭᠡᠶᠢᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/6/1
       ᠣᠶᠢᠷ᠎ᠠ ᠳᠤ᠂ ᠵᠠᠷᠢᠮ ᠬᠠᠤᠯᠢ ᠪᠤᠰᠤ ᠡᠲᠡᠭᠡᠳ ᠪᠠ ᠪᠠᠶᠢᠭᠤᠯᠤᠮᠵᠢ ᠶᠢᠨ ᠬᠢᠨ ︽ᠳᠣᠲᠣᠭᠠᠳᠤ ᠶᠢᠨ ᠬᠠᠷᠢᠴᠠᠭ᠎ᠠ︾ ᠲᠠᠢ ᠬᠡᠮᠡᠨ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠬᠢᠷᠢ ᠬᠡᠮ ᠪᠠ ᠠᠵᠢᠯᠲᠠᠨ ᠤ ᠬᠢᠷᠢ ᠬᠡᠮ ᠢ ᠣᠷᠣᠯᠠᠨ ᠭᠦᠢᠴᠡᠳᠬᠡᠵᠦ ᠪᠣᠯᠬᠤ ᠮᠥᠷᠲᠡᠭᠡᠨ ︽ᠳᠠᠭᠠᠭᠠᠵᠤ ᠭᠦᠢᠴᠡᠳᠭᠡᠬᠦ︾ ᠭᠡᠵᠦ ᠶᠡᠭᠡ ᠬᠡᠮᠵᠢᠶᠡᠨ ᠤ ᠰᠦᠢᠳᠬᠡᠯ ᠬᠤᠷᠢᠶᠠᠵᠤ᠂ ᠥᠷᠭᠡᠨ ᠣᠯᠠᠨ ᠠᠵᠢᠯ ᠶᠠᠪᠤᠳᠠᠯ ᠡᠷᠭᠢᠯᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠴᠢᠬᠤᠯᠠ ᠪᠤᠰᠤ ᠬᠤᠬᠢᠷᠠᠯ ᠤᠴᠠᠷᠠᠭᠤᠯᠵᠤ ᠪᠠᠶᠢᠨ᠎ᠠ᠃ ᠠᠳᠡ ᠮᠠᠨ ᠤ ᠲᠢᠩᠬᠢᠮ ᠠᠴᠠ ᠥᠷᠭᠡᠨ ᠤᠯᠠᠨ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠲᠥᠪ ᠴᠢᠩᠭ᠎ᠠ ᠪᠠᠷ ᠰᠠᠨᠠᠭᠤᠯᠵᠤ ᠪᠠᠶᠢᠨ᠎ᠠ᠃ ᠮᠠᠨ ᠤ ᠲᠢᠩᠬᠢᠮ ᠶᠡᠷᠦ ᠠᠴᠠ ᠶᠠᠮᠠᠷᠪᠠ ᠪᠠᠶᠢᠭᠤᠯᠤᠮᠵᠢ ᠪᠤᠶᠤ ᠬᠤᠪᠢ ᠬᠥᠮᠥᠨ ᠳᠤ ᠨᠠᠶᠢᠳᠠᠵᠤ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠬᠢᠷᠢ ᠬᠡᠮ ᠪᠠ ᠠᠵᠢᠯᠲᠠᠨ ᠤ ᠬᠢᠷᠢ ᠬᠡᠮ ᠤᠨ ᠭᠤᠶᠤᠴᠢᠯᠠᠯ ᠢ ᠣᠷᠣᠯᠠᠨ ᠬᠢᠯᠭᠡᠬᠦ ᠪᠤᠶᠤ ᠡᠷᠬᠡ ᠣᠯᠭᠤᠭᠰᠠᠨ ᠦᠭᠡᠢ᠂ ᠮᠠᠨ ᠤ ᠲᠢᠩᠬᠢᠮ ᠤᠨ ᠭᠥᠯᠢᠶᠡᠨ ᠠᠪᠴᠤ ᠰᠢᠢᠳᠪᠦᠷᠢᠯᠡᠭᠰᠡᠨ ᠪᠣᠶ ᠪᠦᠬᠦᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ ᠤᠨ ᠬᠢᠷᠢ ᠬᠡᠮ ᠪᠠ ᠠᠵᠢᠯᠲᠠᠨ ᠤ ᠬᠢᠷᠢ ᠬᠡᠮ ᠳᠤ ᠴᠥᠮ ᠴᠠᠭᠠᠰᠤ ᠬᠡᠷᠡᠭᠯᠡᠬᠦ ᠦᠭᠡᠢ ᠪᠠᠷ ᠭᠤᠶᠤᠴᠢᠯᠠᠨ ᠮᠡᠳᠡᠭᠦᠯᠬᠦ ᠪᠠ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠨᠢᠭᠡᠨᠲᠡ ᠪᠡᠶᠡᠯᠡᠭᠦᠯᠵᠦ᠂ ᠠᠵᠤ ᠠᠬᠤᠶᠢᠯᠠᠯ ᠪᠤᠶᠤ ᠬᠤᠪᠢ ᠬᠥᠮᠥᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠴᠤ ᠭᠤᠶᠤᠴᠢᠯᠠᠬᠤ ᠵᠦᠢᠯᠡᠰ ᠢ ᠡᠷᠢᠵᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠪᠠᠶᠢᠴᠠᠭᠠᠨ ᠦᠵᠡᠭᠰᠡᠨ ᠤ ᠳᠠᠷᠠᠭ᠎ᠠ ᠰᠦᠯᠵᠢᠶᠡᠨ ᠳᠡᠭᠡᠷ᠎ᠡ ᠭᠦᠢᠴᠡᠳᠬᠡᠵᠦ᠂ ᠱᠠᠭᠠᠷᠳᠠᠯᠭ᠎ᠠ ᠶᠣᠰᠣᠭᠠᠷ ᠭᠤᠶᠤᠴᠢᠯᠠᠯ ᠢᠶᠠᠨ ᠲᠤᠰᠢᠶᠠᠪᠠᠯ ᠪᠣᠯᠴᠢᠬᠠᠨ᠎ᠠ᠃ ᠭᠦᠢᠴᠡᠳᠬᠡᠬᠦ ᠶᠠᠪᠤᠴᠠ ᠳᠤ ᠶᠠᠮᠠᠷ ᠴᠤ ᠰᠦᠢᠳᠬᠡᠯ ᠬᠤᠷᠢᠶᠠᠬᠤ ᠦᠭᠡᠢ᠂ ᠬᠢᠷᠢ ᠬᠡᠮ ᠤᠨ ᠪᠠᠷᠢᠮᠵᠢᠶ᠎ᠠ ᠳᠤ ᠨᠡᠶᠢᠴᠡᠬᠦ ᠮᠥᠷᠲᠡᠭᠡᠨ ᠮᠠᠲ᠋ᠧᠷᠢᠶᠠᠯ ᠨᠢ ᠦᠨᠡᠨ ᠪᠣᠳᠠᠲᠠᠢ ᠪᠥᠭᠡᠳ ᠪᠦᠷᠢᠨ ᠭᠦᠢᠴᠡᠳ ᠪᠠᠶᠢᠳᠠᠭ ᠯᠠ ᠶᠤᠮ ᠪᠣᠯ᠂ ᠮᠠᠨ ᠤ ᠲᠢᠩᠬᠢᠮ ᠠᠮᠠᠯᠠᠯᠲᠠ ᠶᠢᠨ ᠴᠠᠭ ᠬᠤᠭᠤᠴᠠᠭᠠᠨ ᠳᠤ ᠬᠢᠨᠠᠨ ᠬᠠᠷᠭᠤᠭᠤᠯᠵᠤ ᠭᠦᠢᠴᠡᠳᠬᠡᠬᠦ ᠶᠢᠨ ᠬᠠᠮᠲᠤ ᠲᠢᠩᠬᠢᠮ ᠤᠨ ᠠᠯᠪᠠᠨ ᠰᠦᠯᠵᠢᠶ᠎ᠡ ᠳᠤ ᠵᠠᠷᠯᠠᠨ ᠨᠡᠶᠢᠲᠡᠯᠡᠨ᠎ᠡ᠃ ᠰᠢᠢᠳᠪᠦᠷᠢᠯᠡᠬᠦ ᠶᠠᠪᠤᠴᠠ ᠳᠤ ᠬᠡᠷᠪᠡ ᠠᠳᠡᠭᠰᠡᠨ ᠠᠰᠠᠭᠤᠳᠠᠯ ᠪᠠᠶᠢᠪᠠᠯ᠂ 0471-5332425᠂ 5332426 ᠳᠤ ᠤᠲᠠᠰᠤ ᠶᠠᠪᠤᠭᠤᠯᠵᠤ ᠠᠰᠠᠭᠤᠨ ᠯᠠᠪᠯᠠᠵᠤ ᠪᠣᠯᠣᠨ᠎ᠠ᠃      ᠥᠷᠭᠡᠨ ᠤᠯᠠᠨ ᠠᠵᠢᠯ ᠡᠷᠬᠢᠯᠡᠵᠦ ᠪᠠᠶᠢᠭ᠎ᠠ ᠠᠵᠤ ᠠᠬᠤᠶᠢᠯᠠᠯ ᠪᠠ ᠤᠯᠠᠨ ᠲᠦᠮᠡᠨ ᠠᠵᠤ ᠠᠬᠤᠶᠢᠯᠠᠯ ᠤᠨ ᠬᠢᠷᠢ ᠬᠡᠮ ᠪᠠ ᠠᠵᠢᠯᠲᠠᠨ ᠤ ᠬᠢᠷᠢ ᠬᠡᠮ ᠢ ᠭᠤᠶᠤᠴᠢᠯᠠᠬᠤ ᠳᠤ ᠪᠠᠨ ︽ᠳᠣᠲᠣᠭᠠᠳᠤ ᠶᠢᠨ ᠬᠠᠷᠢᠴᠠᠭ᠎ᠠ︾᠂ ︽ᠳᠠᠭᠠᠭᠠᠵᠤ ᠭᠦᠢᠴᠡᠳᠭᠡᠬᠦ︾ ᠭᠡᠬᠦ ᠮᠡᠲᠦ ᠶᠢᠨ ᠬᠤᠳᠠᠯ ᠬᠠᠭᠤᠷᠮᠠᠭ ᠤᠬᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠴᠤᠪᠤᠷᠠᠯ ᠶᠣᠰᠣᠭᠠᠷ ᠳᠦᠷᠢᠮ ᠳᠤ ᠨᠡᠶᠢᠴᠡᠭᠰᠡᠨ ᠦᠨᠡᠨ ᠪᠣᠳᠠᠲᠠᠢ ᠮᠠᠲ᠋ᠧᠷᠢᠶᠠᠯ ᠢᠶᠠᠨ ᠲᠤᠰᠢᠶᠠᠵᠤ᠂ ᠵᠢᠩᠬᠢᠨᠢ ᠠᠷᠭ᠎ᠠ ᠵᠠᠮ ᠢᠶᠠᠷ ᠮᠡᠳᠡᠭᠦᠯᠵᠦ᠂ ᠮᠡᠬᠡᠯᠡᠭᠳᠡᠬᠦ ᠠᠴᠠ ᠰᠡᠷᠭᠡᠶᠢᠯᠡᠵᠦ᠂ ᠬᠤᠬᠢᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠬᠡᠷᠪᠡ ᠳᠡᠭᠡᠷᠡᠬᠢ ᠮᠡᠬᠡᠯᠡᠯ ᠤᠨ ᠠᠵᠢᠯᠯᠠᠭ᠎ᠠ ᠲᠣᠬᠢᠶᠠᠯᠳᠤᠪᠠᠯ ᠮᠠᠨ ᠤ ᠲᠢᠩᠬᠢᠮ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠵᠠᠭᠠᠯᠳᠤᠬᠤ ᠪᠤᠶᠤ ᠢᠯᠡᠴᠢᠯᠡᠨ ᠮᠡᠳᠡᠭᠦᠯᠵᠦ ᠪᠣᠯᠣᠨ᠎ᠠ᠃                          2021 ᠣᠨ ᠤ 11 ᠳ᠋ᠤᠭᠡᠷ ᠰᠠᠷ᠎ᠠ ᠶᠢᠨ 10 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ