﹇ᠦᠰᠦᠭ ᠪᠢᠴᠢᠭ  ᠢᠶᠠᠷ ᠦᠭᠦᠯᠡᠬᠦᠢ﹈᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠤᠷ᠎ᠠ ᠮᠡᠷᠭᠡᠵᠢᠯ ᠤᠨ ᠠᠵᠢᠯᠴᠢᠨ ᠲᠣᠬᠢᠷᠠᠭᠤᠯᠬᠤ ᠵᠢᠯᠤᠭᠤᠳᠤᠮᠵᠢ ︵ᠲᠤᠷᠰᠢᠨ ᠬᠡᠷᠡᠭᠵᠢᠭᠦᠯᠬᠦ︶︾ ᠶᠢᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/22
      ᠨᠢᠭᠡ᠂ ︽ᠵᠢᠯᠤᠭᠤᠳᠤᠮᠵᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠬᠤᠢ ᠪᠠᠶᠢᠳᠠᠯ ᠨᠢ ᠶᠠᠭᠤ ᠪᠤᠶ︖       ︽ᠰᠢᠨ᠎ᠡ ᠴᠠᠭ ᠦᠶ᠎ᠡ ᠶᠢᠨ ᠪᠠᠷᠢᠯᠭ᠎ᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠲᠦᠷᠭᠡᠪᠴᠢᠯᠡᠨ ᠪᠣᠶᠢᠵᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠵᠢᠯᠤᠭᠤᠳᠬᠤ ᠰᠠᠨᠠᠯ︾ ︵ᠪᠠᠶᠢᠭᠤᠯᠤᠯᠲᠠ ᠬᠤᠳᠠ ﹇2020﹈ 105 ᠳ᠋ᠤᠭᠠᠷ ᠲᠣᠭᠠᠲᠤ︶ ᠳᠤ᠂ ᠡᠯ᠎ᠡ ᠭᠠᠵᠠᠷ ᠤᠨ ᠬᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠣᠨᠴᠠᠯᠢᠭ ᠢᠶᠠᠨ ᠦᠨᠳᠦᠰᠦᠯᠡᠨ ᠪᠠᠷᠢᠯᠭ᠎ᠠ ᠪᠠᠷᠢᠬᠤ ᠲᠤᠬᠠᠢ ᠶᠢᠨ ᠲᠠᠯᠠᠪᠤᠷ ᠭᠠᠵᠠᠷ ᠲᠤ ᠮᠡᠷᠭᠡᠵᠢᠯ ᠤᠨ ᠠᠵᠢᠯᠴᠢᠨ ᠢ ᠲᠣᠬᠢᠷᠠᠭᠤᠯᠬᠤ ᠦᠨᠳᠦᠰᠦᠨ ᠪᠠᠷᠢᠮᠵᠢᠶ᠎ᠠ ᠶᠢ ᠲᠣᠭᠲᠠᠭᠠᠵᠤ᠂ ᠪᠠᠷᠢᠯᠭ᠎ᠠ ᠪᠠᠷᠢᠬᠤ ᠲᠤᠬᠠᠢ ᠶᠢᠨ ᠲᠠᠯᠠᠪᠤᠷ ᠭᠠᠵᠠᠷ ᠤᠨ ᠡᠯ᠎ᠡ ᠠᠵᠢᠯ ᠮᠡᠷᠭᠡᠵᠢᠯ ︵ᠠᠵᠢᠯ ᠲᠥᠷᠥᠯ︶ ᠤᠨ ᠮᠡᠷᠭᠡᠵᠢᠯ ᠤᠨ ᠠᠵᠢᠯᠴᠢᠨ ᠤ ᠮᠡᠷᠭᠡᠵᠢᠯ ᠴᠢᠳᠠᠪᠤᠷᠢ ᠶᠢᠨ ᠲᠡᠰ ᠲᠣᠬᠢᠷᠠᠭᠤᠯᠬᠤ ᠬᠠᠷᠢᠴᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠣᠬᠢᠷᠠᠭᠤᠯᠬᠤ ᠦᠨᠳᠦᠰᠦᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠳᠡᠢ ᠭᠡᠵᠦ ᠲᠤᠷᠠᠳᠴᠠᠢ᠃ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠭᠠᠵᠠᠷ ᠲᠤ ᠤᠷ᠎ᠠ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ ᠶᠢ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠪᠠᠶᠢᠭᠤᠯᠤᠯᠲᠠ ᠬᠤᠲᠠ ᠠᠯᠪᠠᠨ ﹇2021﹈ 29  ᠳ᠋ᠤᠭᠡᠷ ᠲᠣᠭᠠᠲᠤ︶ ᠳᠤ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠭᠠᠵᠠᠷ ᠤᠨ ᠤᠷ᠎ᠠ ᠴᠢᠳᠠᠪᠤᠷᠢ ᠲᠠᠢ ᠠᠵᠢᠯᠴᠢᠨ ᠤ ᠲᠣᠭᠠᠨ ᠤ ᠡᠵᠡᠯᠡᠬᠦ ᠬᠠᠷᠢᠴᠠᠯ ᠵᠢᠴᠢ ᠠᠳᠠᠯᠢ ᠪᠤᠰᠤ ᠠᠵᠢᠯ ᠲᠥᠷᠥᠯ᠂ ᠤᠷ᠎ᠠ ᠴᠢᠳᠠᠪᠤᠷᠢ ᠶᠢᠨ ᠲᠠᠰ ᠤᠨ ᠠᠵᠢᠯᠴᠢᠨ ᠢ ᠲᠣᠬᠢᠷᠠᠭᠤᠯᠬᠤ ᠬᠠᠷᠢᠴᠠᠯ ᠢ ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠮᠠᠨ ᠤ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠮᠡᠷᠭᠡᠵᠢᠯ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠬᠤ ᠵᠢᠯᠤᠭᠤᠳᠤᠮᠵᠢ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠢᠯᠤᠭᠤᠳᠤᠮᠵᠢ︾ ᠭᠡᠵᠦ ᠲᠣᠪᠴᠢᠯᠠᠨ᠎ᠠ︶ ᠶᠢ ᠲᠣᠭᠲᠠᠭᠠᠪᠠ᠃      ᠬᠤᠶᠠᠷ᠂ ︽ᠵᠢᠯᠤᠭᠤᠳᠤᠮᠵᠢ︾ ᠤᠨ ᠠᠵᠢᠯ ᠤᠨ ᠬᠠᠷᠠᠯᠲᠠ ᠨᠢ ᠶᠠᠭᠤ ᠪᠤᠢ︖      2022 ᠣᠨ᠂ 2023 ᠣᠨ᠂ 2024 ᠣᠨ᠂ 2025 ᠣᠨ ᠳᠤ ᠪᠠᠶᠢᠭᠤᠯᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ ᠳᠤᠮᠳᠠ ᠵᠡᠷᠭᠡ ᠶᠢᠨ ᠤᠷ᠎ᠠ ᠴᠢᠳᠠᠪᠤᠷᠢ ᠶᠢᠨ ᠠᠵᠢᠯᠴᠢᠨ ᠤ ᠡᠵᠡᠯᠡᠬᠦ ᠬᠠᠷᠢᠴᠠᠯ ᠢ ᠲᠣᠰ ᠲᠣᠰ 5%᠂ 10%᠂ 15% ᠂ 20% ᠳᠤ ᠬᠦᠷᠦᠭᠦᠯᠬᠦ ᠪᠠᠷ ᠴᠢᠷᠮᠠᠶᠢᠵᠤ᠂ ᠳᠡᠭᠡᠳᠦ ᠵᠡᠷᠭᠡ ᠶᠢᠨ ᠠᠵᠢᠯᠴᠢᠨ ᠵᠢᠴᠢ ᠲᠡᠭᠦᠨ ᠠᠴᠠ ᠳᠡᠭᠡᠭᠰᠢᠬᠢ ᠲᠠᠰ ᠤᠨ ᠤᠷ᠎ᠠ ᠴᠢᠳᠠᠪᠤᠷᠢ ᠶᠢᠨ ᠠᠵᠢᠯᠴᠢᠨ ᠤ ᠡᠵᠡᠯᠡᠬᠦ ᠬᠠᠷᠢᠴᠠᠯ ᠢ ᠲᠣᠰ ᠲᠣᠰ 2%᠂ 3%᠂ 4%᠂ 5% ᠳᠤ ᠬᠦᠷᠦᠭᠦᠯᠦᠨ᠎ᠡ᠃ 2025 ᠣᠨ ᠪᠣᠯᠬᠤ ᠳᠤ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠭᠠᠵᠠᠷ ᠤᠨ ᠮᠡᠷᠭᠡᠵᠢᠯ ᠤᠨ ᠠᠵᠢᠯᠴᠢᠨ ᠢ ᠲᠣᠬᠢᠷᠠᠭᠤᠯᠬᠤ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠤᠨ᠎ᠠ᠃      ᠭᠤᠷᠪᠠ᠂ ︽ᠵᠢᠯᠤᠭᠤᠳᠤᠮᠵᠢ︾ ᠶᠢ ᠶᠠᠮᠠᠷ ᠬᠦᠷᠢᠶ᠎ᠡ ᠬᠡᠪᠴᠢᠶᠡᠨ ᠳᠤ ᠬᠡᠷᠡᠭᠯᠡᠬᠦ ᠪᠤᠢ︖      ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠪᠴᠢᠶ᠎ᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠃      ᠤᠷ᠎ᠠ ᠮᠡᠷᠭᠡᠵᠢᠯ ᠤᠨ ᠠᠵᠢᠯᠴᠢᠨ ᠤ ᠬᠦᠷᠢᠶ᠎ᠡ ᠬᠡᠪᠴᠢᠶ᠎ᠡ᠄ ᠤᠷ᠎ᠠ ᠮᠡᠷᠭᠡᠵᠢᠯ ᠤᠨ ᠠᠵᠢᠯᠴᠢᠨ ᠳᠤ ᠡᠩ ᠤᠨ ᠮᠡᠷᠭᠡᠵᠢᠯ ᠤᠨ ᠠᠵᠢᠯᠴᠢᠨ ᠪᠠ ᠪᠠᠷᠢᠯᠭ᠎ᠠ ᠶᠢᠨ ᠠᠵᠢᠯ ᠤᠨ ᠣᠨᠴᠠ ᠲᠦᠷᠦᠯ ᠤᠨ ᠠᠵᠢᠯ ᠡᠷᠬᠢᠯᠡᠭᠰᠡᠳ ᠪᠠᠭᠲᠠᠨ᠎ᠠ᠃ ᠡᠩ ᠤᠨ ᠮᠡᠷᠭᠡᠵᠢᠯ ᠤᠨ ᠠᠵᠢᠯᠴᠢᠨ ᠤ ᠵᠡᠷᠭᠡ ᠳᠡᠰ ᠢ ᠠᠩᠬ᠎ᠠ ᠵᠡᠷᠭᠡ ᠶᠢᠨ ᠠᠵᠢᠯᠴᠢᠨ᠂ ᠳᠤᠮᠳᠠ ᠵᠡᠷᠭᠡ ᠶᠢᠨ ᠠᠵᠢᠯᠴᠢᠨ᠂ ᠳᠡᠭᠡᠳᠦ ᠵᠡᠷᠭᠡ ᠶᠢᠨ ᠠᠵᠢᠯᠴᠢᠨ᠂ ᠲᠧᠭᠨᠢᠭᠴᠢ᠂ ᠳᠡᠭᠡᠳᠦ ᠵᠡᠷᠭᠡ ᠶᠢᠨ ᠲᠧᠭᠨᠢᠭᠴᠢ ᠭᠡᠵᠦ ᠬᠤᠪᠢᠶᠠᠨ᠎ᠠ︔ ᠠᠵᠢᠯ ᠲᠥᠷᠥᠯ ᠤᠨ ᠲᠥᠷᠥᠯ ᠢᠯᠭᠠᠯ ᠳᠤ᠂ ᠪᠠᠷᠢᠯᠭ᠎ᠠ ᠶᠢᠨ ᠠᠵᠢᠯ᠂ ᠪᠣᠯᠣᠳ ᠰᠢᠷᠪᠦᠰᠦᠨ ᠤ ᠠᠵᠢᠯ᠂ ᠬᠡᠪ ᠬᠠᠪᠲᠠᠰᠤ ᠶᠢᠨ ᠠᠵᠢᠯ᠂ ᠪᠧᠲ᠋ᠤᠨ ᠤ ᠠᠵᠢᠯ ᠵᠡᠷᠭᠡ ᠪᠠᠭᠲᠠᠨ᠎ᠠ᠃ ᠪᠣᠳᠠᠲᠠᠢ ᠲᠥᠷᠥᠯ ᠢᠯᠭᠠᠯ ᠢ ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠵᠢᠯ ᠮᠡᠷᠭᠡᠵᠢᠯ ᠤᠨ ᠠᠵᠢᠯ ᠲᠥᠷᠥᠯ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠢ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠤᠯᠤᠯᠲᠠ ᠠᠯᠪᠠᠨ ᠬᠦᠮᠦᠨ ﹇2017﹈ 76 ᠳ᠋ᠤᠭᠠᠷ ᠲᠣᠭᠠᠲᠤ︶ ᠳᠤ ᠨᠠᠷᠢᠨ ᠦᠵᠡᠭᠡᠷᠡᠢ︔ ᠪᠠᠷᠢᠯᠭ᠎ᠠ ᠶᠢᠨ ᠠᠵᠢᠯ ᠤᠨ ᠣᠨᠴᠠ ᠲᠦᠷᠦᠯ ᠤᠨ ᠠᠵᠢᠯ ᠡᠷᠬᠢᠯᠡᠭᠰᠡᠳ ᠲᠤ ᠪᠠᠷᠢᠯᠭ᠎ᠠ ᠶᠢᠨ ᠴᠠᠬᠢᠯᠭᠠᠨ ᠤ ᠠᠵᠢᠯᠴᠢᠨ᠂ ᠪᠠᠷᠢᠯᠭ᠎ᠠ ᠶᠢᠨ ᠵᠢᠶᠠᠰᠠ ᠶᠢᠨ ᠠᠵᠢᠯᠴᠢᠨ᠂ ᠪᠠᠷᠢᠯᠭ᠎ᠠ ᠶᠢᠨ ᠬᠦᠨᠳᠦ ᠶᠢ ᠡᠷᠭᠦᠬᠦ ᠳᠤᠬᠢᠶᠠᠨ ᠤ ᠬᠡᠯᠬᠢᠶᠡᠰᠦ ᠶᠢᠨ ᠠᠵᠢᠯᠴᠢᠨ᠂ ᠪᠠᠷᠢᠯᠭ᠎ᠠ ᠶᠢᠨ ᠬᠦᠨᠳᠦ ᠶᠢ ᠡᠷᠭᠦᠬᠦ ᠮᠧᠬᠠᠨᠢᠭ ᠤᠨ ᠵᠢᠯᠣᠭᠤᠴᠢ᠂ ᠪᠠᠷᠢᠯᠭ᠎ᠠ ᠶᠢᠨ ᠬᠦᠨᠳᠦ ᠶᠢ ᠡᠷᠭᠦᠬᠦ ᠮᠧᠬᠠᠨᠢᠭ ᠢ ᠤᠭᠰᠠᠷᠠᠵᠤ ᠪᠠᠭᠤᠯᠭᠠᠬᠤ ᠠᠵᠢᠯᠴᠢᠨ᠂ ᠥᠨᠳᠥᠷ ᠭᠠᠵᠠᠷ ᠲᠤ ᠠᠵᠢᠯᠯᠠᠬᠤ ᠡᠯᠭᠦᠮᠡᠯ ᠰᠠᠭᠰᠤ ᠶᠢ ᠤᠭᠰᠠᠷᠠᠵᠤ ᠪᠠᠭᠤᠯᠭᠠᠬᠤ ᠠᠵᠢᠯᠴᠢᠨ ᠪᠠ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠪᠤᠰᠤᠳ ᠣᠨᠴᠠ ᠲᠦᠷᠦᠯ ᠤᠨ ᠠᠵᠢᠯ ᠡᠷᠬᠢᠯᠡᠭᠰᠡᠳ ᠵᠡᠷᠭᠡ ᠪᠠᠭᠲᠠᠨ᠎ᠠ᠃      ᠳᠥᠷᠪᠡ᠂ ︽ᠵᠢᠯᠤᠭᠤᠳᠤᠮᠵᠢ︾ ᠶᠢ ᠨᠡᠶᠢᠲᠡᠯᠡᠭᠰᠡᠨ ᠠᠴᠢ ᠬᠤᠯᠪᠣᠭᠳᠠᠯ ᠨᠢ ᠶᠠᠭᠤ ᠪᠤᠢ︖      ᠨᠡᠶᠢᠭᠡᠮᠴᠢᠯᠡᠭᠰᠡᠨ ᠲᠤᠰᠬᠠᠶᠢᠵᠢᠭᠰᠠᠨ ᠠᠵᠢᠯ ᠬᠤᠪᠢᠶᠠᠷᠢᠯᠠᠨ ᠬᠠᠮᠵᠢᠯᠴᠠᠭᠰᠠᠨ ᠪᠠᠷᠢᠯᠭ᠎ᠠ ᠶᠢᠨ ᠠᠵᠢᠯᠴᠢᠨ ᠤ ᠡᠩᠨᠡᠭᠡ ᠶᠢ ᠪᠠᠶᠢᠭᠤᠯᠬᠤ ᠪᠠᠷ ᠬᠠᠷᠠᠯᠲᠠ ᠪᠣᠯᠭᠠᠵᠤ ᠂ ᠰᠢᠨ᠎ᠡ ᠴᠠᠭ ᠦᠶ᠎ᠡ ᠶᠢᠨ ᠪᠠᠷᠢᠯᠭ᠎ᠠ ᠶᠢᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠪᠠ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠵᠤ᠂ ᠪᠠᠷᠢᠯᠭ᠎ᠠ ᠶᠢᠨ ᠠᠵᠢᠯᠴᠢᠨ ᠤ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ ᠪᠣᠶᠢᠵᠢᠭᠤᠯᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠢᠴᠢ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃      ᠲᠠᠪᠤ᠂ ︽ᠵᠢᠯᠤᠭᠤᠳᠤᠮᠵᠢ︾ ᠳᠠᠬᠢ ᠬᠤᠯᠪᠣᠭᠳᠠᠯ ᠪᠦᠬᠦᠢ ᠬᠠᠷᠢᠴᠠᠯ ᠢ ᠪᠤᠳᠤᠬᠤ ᠠᠷᠭ᠎ᠠ ᠨᠢ ᠶᠠᠭᠤ ᠪᠤᠢ︖      ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠤᠷ ᠲᠤ ᠤᠷ᠎ᠠ ᠮᠡᠷᠭᠡᠵᠢᠯ ᠤᠨ ᠠᠵᠢᠯᠴᠢᠨ ᠤ ᠲᠣᠬᠢᠷᠠᠭᠤᠯᠤᠯᠲᠠ ᠶᠢᠨ ᠬᠦᠰᠦᠨᠦᠭᠲᠦ ︵2022 ᠣᠨ ᠤ ᠬᠠᠷᠠᠯᠲᠠ︶ ᠳᠠᠬᠢ ᠰᠠᠭᠤᠷᠢ ᠱᠠᠲᠤᠨ ᠤ ᠳᠤᠮᠳᠠ ᠵᠡᠷᠭᠡ ᠶᠢᠨ ᠬᠡᠪ ᠬᠠᠪᠲᠠᠰᠤ ᠶᠢᠨ ᠠᠵᠢᠯᠴᠢᠨ ︵ᠪᠧᠲ᠋ᠤᠨ ᠬᠡᠪ ᠬᠠᠪᠲᠠᠰᠤ ᠶᠢᠨ ᠠᠵᠢᠯᠴᠢᠨ︶ ᠤ ᠠᠵᠢᠯ ᠤᠨ ᠲᠥᠷᠥᠯ ᠢᠶᠠᠷ ᠵᠢᠱᠢᠶᠡᠯᠡᠪᠡᠯ᠂ ᠨᠢᠭᠡ ᠲᠥᠷᠥᠯ ᠵᠦᠢᠯ ᠤᠨ ᠪᠠᠷᠢᠯᠭ᠎ᠠ ᠶᠢᠨ ᠪᠦᠬᠦ ᠶᠠᠪᠤᠴᠠ ᠶᠢᠨ ᠪᠤᠶ ᠪᠦᠬᠦᠢ ᠬᠥᠮᠥᠨ ᠤ ᠲᠤᠭ᠎ᠠ ᠶᠢ 500 ᠬᠥᠮᠥᠨ ᠢᠶᠠᠷ ᠵᠢᠱᠢᠪᠡᠯ᠂ ᠬᠡᠪ ᠬᠠᠪᠲᠠᠰᠤ ᠶᠢᠨ ᠠᠵᠢᠯᠴᠢᠨ ︵ᠪᠧᠲ᠋ᠤᠨ ᠬᠡᠪ ᠬᠠᠪᠲᠠᠰᠤ ᠶᠢᠨ ᠠᠵᠢᠯᠴᠢᠨ︶ ᠤ ᠬᠥᠮᠥᠨ ᠤ ᠲᠤᠭ᠎ᠠ ᠨᠢ ᠪᠠᠷᠢᠯᠭ᠎ᠠ ᠶᠢᠨ ᠪᠦᠬᠦ ᠶᠠᠪᠤᠴᠠ ᠶᠢᠨ ᠪᠤᠢ ᠪᠦᠬᠦᠢ ᠬᠥᠮᠥᠨ ᠤ ᠲᠣᠭᠠᠨ ᠤ 12%᠂ ᠥᠭᠡᠷ᠎ᠡ ᠪᠠᠷ ᠬᠡᠯᠡᠪᠡᠯ 60 ᠬᠥᠮᠥᠨ ᠢ ᠡᠵᠡᠯᠡᠨ᠎ᠡ᠂ ᠰᠠᠭᠤᠷᠢ ᠱᠠᠲᠤᠨ ᠤ ᠳᠤᠮᠳᠠ ᠵᠡᠷᠭᠡ ᠶᠢᠨ ᠬᠡᠪ ᠬᠠᠪᠲᠠᠰᠤ ᠶᠢᠨ ᠠᠵᠢᠯᠴᠢᠨ ︵ᠪᠧᠲ᠋ᠤᠨ ᠬᠡᠪ ᠬᠠᠪᠲᠠᠰᠤ ᠶᠢᠨ ᠠᠵᠢᠯᠴᠢᠨ︶ ᠤ ᠬᠥᠮᠥᠨ ᠤ ᠲᠤᠭ᠎ᠠ ᠨᠢ ᠪᠠᠷᠢᠯᠭ᠎ᠠ ᠶᠢᠨ ᠪᠦᠬᠦ ᠶᠠᠪᠤᠴᠠ ᠶᠢᠨ ᠪᠤᠢ ᠪᠦᠬᠦᠢ ᠬᠥᠮᠥᠨ ᠤ ᠲᠣᠭᠠᠨ ᠤ 1.05%᠂ ᠥᠭᠡᠷ᠎ᠡ ᠪᠠᠷ ᠬᠡᠯᠡᠪᠡᠯ 5.25 ᠬᠥᠮᠥᠨ ᠢ ᠡᠵᠡᠯᠡᠨ᠎ᠡ᠂ ᠨᠢᠭᠡ ᠬᠥᠮᠥᠨ ᠬᠦᠷᠬᠦ ᠦᠭᠡᠢ ᠪᠣᠯ ᠨᠢᠭᠡ ᠬᠥᠮᠥᠨ ᠢᠶᠠᠷ ᠪᠤᠳᠤᠪᠠᠯ ᠳᠠᠷᠤᠢ 6 ᠬᠥᠮᠥᠨ ᠪᠣᠯᠣᠨ᠎ᠠ᠂ ᠡᠭᠦᠨ ᠢ ᠦᠨᠳᠦᠰᠦᠯᠡᠪᠡᠯ ᠰᠠᠭᠤᠷᠢ ᠱᠠᠲᠤᠨ ᠤ ᠳᠤᠮᠳᠠ ᠵᠡᠷᠭᠡ ᠶᠢᠨ ᠬᠡᠪ ᠬᠠᠪᠲᠠᠰᠤ ᠶᠢᠨ ᠠᠵᠢᠯᠴᠢᠨ ︵ᠪᠧᠲ᠋ᠤᠨ ᠬᠡᠪ ᠬᠠᠪᠲᠠᠰᠤ ᠶᠢᠨ ᠠᠵᠢᠯᠴᠢᠨ︶ ᠤ ᠬᠥᠮᠥᠨ ᠤ ᠲᠤᠭ᠎ᠠ ᠨᠢ 6 ᠬᠥᠮᠥᠨ ᠪᠠᠶᠢᠪᠠᠯ ᠵᠣᠬᠢᠨ᠎ᠠ᠃ ᠪᠤᠰᠤᠳ ᠠᠵᠢᠯ ᠤᠨ ᠲᠦᠷᠦᠯ ᠤᠨ ᠬᠠᠷᠢᠴᠠᠯ ᠢ ᠪᠤᠳᠤᠬᠤ ᠠᠷᠭ᠎ᠠ ᠨᠢ ᠳᠡᠭᠡᠷ᠎ᠡ ᠳᠤᠷᠠᠳᠤᠭᠰᠠᠨ ᠠᠷᠭ᠎ᠠ ᠲᠠᠢ ᠠᠳᠠᠯᠢ ᠪᠠᠶᠢᠳᠠᠭ᠃      ᠲᠠᠶᠢᠯᠤᠮᠵᠢ ᠬᠢᠭᠴᠢ᠄ ᠯᠢᠦ ᠰᠢᠶᠣᠣ ᠶᠠᠩ᠂ ᠬᠠᠷᠢᠯᠴᠠᠬᠤ ᠤᠲᠠᠰᠤ᠄ 6946761
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ