ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 28 ᠤ ᠦᠳᠡ ᠶᠢᠨ ᠬᠤᠶᠢᠨ᠎ᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ | ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠲᠤᠬᠠᠢ ᠳᠥᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ | ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠠᠳ ᠤᠨ ᠴᠢᠯᠥᠭᠡᠯᠡᠬᠦ ᠴᠡᠷᠢᠭ ᠤᠨ ᠪᠦᠬᠦ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ | ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠬᠢ ᠶᠢᠨ ᠪᠢᠴᠢᠭ ᠤᠨ ᠲᠤᠰᠢᠶᠠᠯᠲᠠᠨ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠᠨ ᠤ | ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠴᠡᠷᠢᠭ ᠤᠨ | ᠶᠠᠪᠤᠳᠠᠯ ᠤᠨ ᠠᠵᠢᠯᠳᠠᠨ ᠤ ᠴᠢᠳᠠᠪᠤᠷᠢ ᠬᠡᠪ ᠪᠣᠯᠪᠠᠰᠤᠷᠠᠯ᠂ ᠪᠦᠲᠦᠴᠡ ᠶᠢᠨ ᠪᠠᠶᠢᠷᠢᠰᠢᠭᠤᠯᠤᠯᠲᠠ᠂ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠪᠦᠬᠦ ᠲᠠᠯ᠎ᠠ ᠪᠠᠷ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠰᠢᠨ᠎ᠡ | ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠳᠠᠪᠲᠠᠨ ᠪᠣᠯᠪᠠᠰᠤᠷᠠᠭᠤᠯᠬᠤ ᠨᠢ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ | ᠬᠠᠷᠠᠯᠲᠠ ᠶᠢ ᠪᠡᠶᠡᠯᠡᠭᠦᠯᠬᠦ᠂ ᠮᠠᠨ ᠤ ᠴᠡᠷᠢᠭ ᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠤᠨ ᠳᠠᠷᠠᠭᠠᠴᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠴᠠᠭ | ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ ᠢ ᠬᠦᠴᠦᠷᠬᠡᠭᠵᠢᠭᠦᠯᠬᠦ | ᠦᠢᠯᠡᠰ ᠲᠠᠬᠢ ᠴᠢᠳᠠᠪᠤᠷᠢᠲᠠᠨ ᠤ ᠬᠦᠳᠦᠯᠦᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠷᠢᠭ ᠠᠩᠬᠢ ᠶᠢᠨ ᠤᠯᠤᠰ ᠲᠦᠷᠦ ᠶᠢᠨ ᠠᠵᠢᠯ ᠤᠨ ᠰᠤᠳᠤᠯᠭᠠᠨ ᠤ ᠬᠦᠷᠢᠶᠡᠯᠡᠩ ᠤᠨ | ᠳᠠᠷᠤᠭ᠎ᠠ ᠱᠧᠨ ᡁᠢ ᠬᠤᠸᠠ ᠨᠥᠬᠦᠷ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠬᠦ ᠲᠤᠬᠠᠢ ᠲᠠᠶᠢᠯᠤᠮᠵᠢ ᠬᠢᠭᠰᠡᠨ ᠪᠥᠭᠡᠳ ᠰᠠᠨᠠᠯ ᠰᠠᠨᠠᠭᠤᠯᠭ᠎ᠠ ᠪᠠᠨ ᠶᠠᠷᠢᠪᠠ᠃ | ᠰᠢ ᠶᠢᠨ ᠫᠢᠩ ᠶᠠᠷᠢᠶᠠᠨ ᠳᠠᠭᠠᠨ᠂ ᠴᠡᠷᠢᠭ ᠢ ᠬᠦᠴᠦᠷᠬᠡᠭᠵᠢᠭᠦᠯᠬᠦ ᠳᠤ ᠴᠢᠳᠠᠪᠦᠷᠢᠲᠡᠨ ᠪᠤᠯ ᠵᠠᠩᠬᠢᠯᠠᠭ᠎ᠠ ᠪᠤᠯᠤᠨ᠎ᠠ᠃ ᠨᠠᠮ ᠤᠨ ᠠᠷᠪᠠᠨ ᠨᠠᠶ᠋ᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠴᠡᠷᠢᠭ ᠢ ᠬᠦᠴᠦᠷᠬᠡᠭᠵᠢᠭᠦᠯᠬᠦ ᠦᠶ᠋ᠯᠡᠰ ᠤᠨ ᠬᠥᠭᠵᠢᠯᠲᠡ ᠶᠢᠨ ᠲᠣᠪᠤᠶᠢᠮ᠎ᠠ ᠪᠠᠶᠢᠷᠢᠨ ᠳᠤ | ᠲᠠᠯᠪᠢᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠤᠯᠤᠰ ᠲᠥᠷᠥ ᠶᠢᠨ ᠶᠤᠰᠤ ᠲᠢᠭᠯᠢᠮ ᠢ ᠳᠠᠬᠢᠨ ᠮᠠᠨᠳᠤᠭᠤᠯᠬᠤ᠂ ᠲᠡᠶᠢᠨ ᠤ ᠲᠥᠯᠥᠭᠡ ᠬᠥᠮᠦᠨ ᠬᠥᠮᠦᠵᠢᠭᠦᠯᠬᠦ | ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠥᠮᠦᠨ ᠤ | ᠬᠦᠴᠦᠨ ᠤ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠤ ᠬᠦᠷᠢᠶᠡᠨ ᠤ ᠨᠡᠭᠡᠭᠡᠯᠲᠡ ᠬᠢᠵᠦ | ᠠᠭᠤᠰᠤᠯᠴᠠᠬᠤ ᠶᠢ ᠠᠬᠢᠭᠤᠯᠬᠤ ᠵᠡᠷᠭᠡ ᠲᠠᠯ᠎ᠠ ᠪᠠᠷ ᠮᠠᠰᠢ ᠶᠡᠭᠡ ᠬᠦᠴᠦ ᠣᠷᠣᠭᠤᠯᠵᠤ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠲᠡᠦᠬᠡᠲᠦ ᠴᠢᠨᠠᠷᠲᠠᠶ | ᠠᠮᠵᠢᠯᠲᠠ ᠤᠯᠪᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠴᠠᠭ ᠦᠶ᠎ᠡ ᠳᠤ ᠣᠷᠣᠵᠤ᠂ ᠮᠠᠨ ᠤ ᠤᠯᠤᠰ ᠤᠨ ᠤᠯᠤᠰ ᠤᠨ ᠠᠮᠤᠷ | ᠲᠦᠪᠰᠢᠨ ᠤ ᠪᠠᠶᠢᠳᠠᠯ ᠤᠨ ᠲᠣᠭᠲᠠᠭᠤᠨ ᠪᠤᠰᠤ ᠴᠢᠨᠠᠷ ᠲᠣᠭᠲᠠᠭᠠᠯᠲᠤ ᠪᠤᠰᠤ ᠴᠢᠨᠠᠷ ᠨᠡᠮᠡᠭᠳᠡᠵᠡᠢ᠃ ᠢᠷᠡᠭᠡᠳᠦᠢ ᠶᠢᠨ 5 ᠵᠢᠯ ᠳᠤ᠂ ᠮᠠᠨ ᠤ ᠴᠡᠷᠢᠭ ᠤᠨ ᠪᠦᠲᠦᠭᠡᠨ | ᠪᠠᠶᠢᠭᠤᠯᠤᠯᠲᠠ ᠶᠢᠨ ᠭᠤᠣᠯ ᠡᠭᠦᠷᠭᠡ ᠪᠣᠯ ᠳᠠᠷᠤᠢ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ | ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠤᠷᠤᠭᠰᠢᠯᠠᠨ ᠳᠠᠪᠰᠢᠬᠤ ᠤᠬᠠᠮᠰᠠᠷ ᠢᠶᠠᠨ ᠴᠢᠩᠭᠠᠳᠬᠠᠵᠤ᠂ ᠮᠠᠨ ᠤ ᠴᠡᠷᠢᠭ ᠤᠨ ᠴᠢᠳᠠᠪᠤᠷᠢᠲᠠᠨ ᠤ | ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠡᠷᠢᠭ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠣᠨᠴᠠᠯᠢᠭ ᠪᠣᠯᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠤ ᠬᠥᠭᠵᠢᠯᠲᠡ ᠶᠢᠨ | ᠵᠢᠮ᠎ᠡ ᠶᠣᠰᠣ ᠶᠢ ᠡᠵᠡᠮᠳᠡᠵᠦ᠂ ᠴᠢᠳᠠᠪᠤᠷᠢᠲᠠᠨ ᠤ ᠠᠵᠢᠯ ᠤᠨ ᠬᠠᠨᠳᠤᠯᠭᠠᠳᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠵᠦ᠂ | ᠬᠥᠮᠦᠵᠢᠭᠦᠯᠦᠭᠰᠡᠨ ᠴᠢᠳᠠᠪᠤᠷᠢᠲᠠᠨ ᠤ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠬᠡᠷᠡᠭᠴᠡᠭᠡ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ | ᠲᠦᠷᠦ ᠶᠢᠨ ᠲᠠᠯ᠎ᠠ ᠪᠠᠷ ᠴᠢᠳᠠᠪᠤᠷᠢᠲᠠᠨ ᠢ ᠬᠥᠮᠦᠵᠢᠭᠦᠯᠬᠦ᠂ ᠰᠢᠯᠭᠠᠨ ᠪᠠᠶᠢᠴᠠᠭᠠᠬᠤ᠂ ᠬᠡᠷᠡᠭᠯᠡᠬᠦ ᠶᠢ ᠪᠠᠷᠢᠮᠲᠠᠯᠠᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢ ᠴᠢᠳᠠᠪᠤᠷᠢᠲᠠᠨ ᠤ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠵᠤ᠂ ᠵᠡᠪᠰᠡᠭ ᠢ ᠢᠮᠠᠭᠲᠠ ᠨᠠᠮ ᠳᠠᠭᠠᠨ ᠦᠨᠡᠨᠴᠢ ᠰᠢᠳᠤᠷᠭᠤ | ᠨᠠᠶᠢᠳᠠᠪᠤᠷᠢᠲᠠᠢ ᠬᠥᠮᠦᠰ ᠤᠨ ᠭᠠᠷ ᠲᠤ ᠡᠵᠡᠮᠰᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠠᠶᠢᠨ ᠬᠢᠵᠦ ᠴᠢᠳᠠᠬᠤ᠂ ᠢᠯᠠᠭᠤᠭᠰᠠᠨ ᠳᠠᠶᠢᠨ ᠬᠢᠬᠦ ᠶᠢ | ᠴᠢᠳᠠᠪᠤᠷᠢᠲᠠᠨ ᠤ ᠠᠵᠢᠯ ᠤᠨ ᠵᠤᠷᠢᠯᠳᠠ ᠪᠠ ᠲᠤᠰᠤᠯᠳᠠ ᠪᠣᠯᠭᠠᠵᠤ᠂ ᠳᠠᠶᠢᠨ ᠤ ᠬᠡᠯᠪᠡᠷᠢ ᠶᠢᠨ ᠬᠤᠪᠢᠷᠠᠯᠲᠠ ᠶᠢᠨ ᠬᠠᠨᠳᠤᠰᠢ ᠶᠢ ᠴᠢᠩᠭ᠎ᠠ ᠳᠠᠭᠠᠵᠤ᠂ ᠳᠠᠶᠢᠨ ᠳᠤ | ᠪᠡᠯᠡᠳᠭᠡᠵᠦ ᠳᠠᠶᠢᠨ ᠬᠢᠬᠦ ᠴᠢᠳᠠᠪᠤᠷᠢᠲᠠᠨ ᠤ ᠬᠠᠩᠭᠠᠯᠭ᠎ᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠳᠤ ᠦᠶ᠎ᠡ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠯᠠᠩᠭᠤᠶ᠎ᠠ ᠴᠡᠷᠢᠭ ᠤᠨ ᠶᠠᠪᠤᠳᠠᠯ ᠤᠨ ᠳᠡᠭᠡᠳᠦ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠨᠢᠨ ᠮᠡᠳᠡᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠬᠡᠷᠡᠭᠯᠡᠭᠡᠨ ᠤ ᠴᠢᠳᠠᠪᠤᠷᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠴᠢᠳᠠᠪᠤᠷᠢ ᠬᠡᠪ ᠴᠢᠨᠠᠷ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠭᠦᠨᠵᠡᠭᠡᠢ | ᠰᠢᠢᠳᠪᠦᠷᠢᠯᠡᠵᠦ᠂ ᠴᠢᠳᠠᠪᠤᠷᠢᠲᠠᠨ ᠢ ᠲᠠᠨᠢᠬᠤ᠂ ᠴᠢᠳᠠᠪᠤᠷᠢᠲᠠᠨ ᠢ ᠴᠤᠭᠯᠠᠷᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠬᠡᠷᠡᠭᠯᠡᠬᠦ ᠵᠡᠷᠭᠡ ᠡᠯ᠎ᠡ | ᠲᠠᠯ᠎ᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ | ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠬᠥᠮᠦᠵᠢᠭᠦᠯᠬᠦ ᠠᠷᠭ᠎ᠠ ᠵᠠᠮ ᠢ ᠥᠷᠭᠡᠳᠭᠡᠵᠦ᠂ ᠬᠥᠮᠦᠵᠢᠭᠦᠯᠬᠦ ᠵᠠᠭᠪᠤᠷ ᠤᠨ ᠲᠠᠯ᠎ᠠ ᠪᠠᠷ ᠰᠢᠨ᠎ᠡ ᠶᠢ | ᠡᠭᠦᠳᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ ᠶᠡᠭᠡ ᠳᠡᠭᠡᠳᠦ | ᠰᠤᠷᠭᠠᠭᠤᠯᠢ ᠳᠤ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠴᠢᠬᠤᠯᠠ ᠶᠡᠭᠡ ᠡᠭᠦᠷᠭᠡ ᠪᠠ ᠲᠡᠮᠡᠴᠡᠯ ᠤᠨ ᠡᠮᠤᠨ᠎ᠠ ᠹᠷᠣᠨᠲ ᠲᠤ ᠴᠢᠳᠠᠪᠤᠷᠢᠲᠠᠨ ᠢ ᠬᠥᠮᠦᠵᠢᠭᠦᠯᠵᠦ | ᠢᠯᠡᠷᠡᠭᠦᠯᠬᠦ ᠶᠢ ᠪᠠᠷᠢᠮᠲᠠᠯᠠᠬᠤ ᠬᠡᠷᠡᠭᠲᠡᠢ᠃ ᠴᠡᠷᠢᠭ ᠤᠨ ᠶᠠᠪᠤᠳᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠡᠯ᠎ᠡ | ᠲᠦᠷᠦᠯ ᠤᠨ ᠬᠥᠮᠦᠰ ᠤᠨ ᠲᠤᠬᠠᠶᠢᠯᠠᠬᠰᠠᠨ ᠠᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠢᠰᠲ᠋ᠧᠮ ᠲᠠᠢ ᠲᠥᠯᠥᠪᠵᠢᠭᠦᠯᠵᠦ᠂ ᠨᠠᠷᠢᠯᠢᠭ ᠤᠨᠤᠪᠴᠢᠲᠠᠢ | ᠲᠤᠬᠢᠷᠠᠭᠤᠯᠤᠨ ᠵᠤᠬᠢᠴᠠᠭᠤᠯᠬᠤ ᠶᠢ ᠬᠡᠷᠡᠭᠵᠢᠭᠦᠯᠵᠦ᠂ ᠪᠠᠶᠢᠩᠭᠤᠵᠢᠭᠤᠯᠤᠭᠰᠠᠨ ᠡᠮᠬᠢ ᠵᠢᠷᠤᠮ ᠲᠠᠢ ᠰᠣᠯᠢᠯᠴᠠᠭ᠎ᠠ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠳᠤ | ᠦᠢᠯᠡᠴᠢᠯᠡᠬᠦ ᠤᠢᠢᠯᠠᠭᠠᠭᠳᠠᠬᠤᠨ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠦᠨᠡᠯᠡᠬᠦ᠂ ᠵᠥᠪ ᠴᠢᠭᠯᠡᠯ ᠢᠶᠠᠷ ᠤᠷᠮᠠᠰᠢᠭᠤᠯᠬᠤ᠂ ᠲᠡᠳᠬᠦᠨ ᠪᠠᠲᠤᠯᠠᠬᠤ ᠵᠡᠷᠭᠡ | ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ᠃ ᠴᠡᠷᠢᠭ ᠤᠨ ᠶᠠᠪᠤᠳᠠᠯ ᠤᠨ ᠲᠤᠬᠠᠶᠢᠯᠠᠬᠰᠠᠨ ᠠᠵᠢᠯ ᠤᠨ ᠬᠠᠷᠢᠴᠠᠭᠤᠯᠤᠭᠰᠠᠨ | ᠳᠠᠪᠠᠭᠤᠯᠢᠭ ᠲᠠᠢ ᠴᠢᠳᠠᠪᠤᠷᠢᠲᠠᠨ ᠤ ᠲᠦᠷᠢᠮ ᠤᠨ ᠰᠢᠰᠲ᠋ᠧᠮ ᠢ ᠪᠦᠷᠢᠯᠳᠦᠭᠦᠯᠵᠦ᠂ ᠲᠦᠷᠦ ᠶᠢᠨ ᠪᠤᠳᠤᠯᠭ᠎ᠠ ᠲᠦᠷᠢᠮ ᠤᠨ ᠢᠵᠢ ᠪᠦᠷᠢᠳᠦᠬᠦᠯᠦᠭᠰᠡᠨ | ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠲᠦᠷᠢᠮ ᠤᠨ ᠰᠣᠯᠢᠭᠳᠠᠯ ᠵᠣᠯᠭᠠᠯᠴᠠᠭ᠎ᠠ ᠶᠢ ᠰᠠᠶᠢᠲᠤᠷ ᠠᠳᠬᠤᠬᠤ ᠬᠡᠷᠡᠭᠲᠡᠢ ᠬᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠳᠤ ᠪᠦᠬᠦ ᠨᠠᠮ ᠪᠦᠬᠦ ᠤᠯᠤᠰ ᠡᠯ᠎ᠡ ᠲᠠᠯ᠎ᠠ ᠶᠢᠨ ᠬᠦᠴᠦᠲᠡᠢ ᠳᠡᠮᠵᠢᠯᠭᠡ ᠠᠴᠠ | ᠰᠠᠯᠵᠤ ᠴᠢᠳᠠᠬᠤ ᠦᠭᠡᠢ ᠶᠤᠮ᠃ ᠴᠡᠷᠢᠭ ᠠᠩᠭᠢ ᠪᠠ ᠣᠷᠣᠨ ᠨᠤᠲᠤᠭ ᠤᠨ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ | ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠯᠥᠪᠵᠢᠭᠦᠯᠭᠡ ᠶᠢ ᠵᠣᠯᠭᠠᠭᠤᠯᠬᠤ᠂ ᠲᠦᠷᠦ ᠶᠢᠨ ᠪᠤᠳᠤᠯᠭ᠎ᠠ ᠶᠢ ᠵᠣᠯᠭᠠᠭᠤᠯᠬᠤ᠂ ᠠᠵᠢᠯ ᠢ | ᠵᠣᠯᠭᠠᠭᠤᠯᠬᠤ ᠶᠢ ᠰᠠᠶᠢᠲᠤᠷ ᠬᠢᠵᠦ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠳᠤ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ | ᠭᠦᠨᠵᠡᠭᠡᠢ ᠠᠭᠤᠰᠤᠯᠴᠠᠵᠤ ᠤᠷᠤᠬᠤ ᠶᠢ ᠠᠬᠢᠭᠤᠯᠬᠤ ᠬᠡᠷᠡᠭᠲᠡᠢ᠃ ᠲᠥᠪ ᠤᠨ ᠪᠠ ᠲᠦᠷᠦ ᠶᠢᠨ ᠪᠠᠶᠢᠭᠤᠯᠭ᠎ᠠ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ | ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠬᠠᠯᠠᠮᠵᠢᠯᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠲᠣᠭᠲᠠᠭᠠᠬᠤ᠂ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠵᠡᠷᠭᠡ ᠲᠠᠯ᠎ᠠ ᠪᠠᠷ ᠲᠡᠮᠵᠢᠨ ᠬᠠᠮᠵᠢᠯᠴᠠᠵᠤ᠂ ᠴᠡᠷᠢᠭ ᠤᠨ ᠭᠡᠷ ᠪᠦᠯᠢ ᠶᠢᠨ ᠬᠢᠨ ᠤ ᠴᠡᠷᠢᠭ ᠢ ᠲᠠᠭᠠᠵᠤ ᠠᠵᠢᠯ ᠤᠯᠬᠤ᠂ ᠦᠷ᠎ᠡ ᠬᠡᠦᠬᠡᠳ ᠤᠨ ᠬᠢᠨᠢ | ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ᠂ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠴᠡᠷᠢᠭ ᠤᠨ ᠠᠯᠪᠠᠨ ᠠᠴᠠ | ᠪᠠᠭᠤᠬᠰᠠᠳ ᠤᠨ ᠪᠠᠲᠤᠯᠠᠭ᠎ᠠ ᠵᠡᠷᠭᠡ ᠲᠠᠯ᠎ᠠ ᠪᠠᠷ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠮᠠᠨ ᠤ | ᠴᠡᠷᠢᠭ ᠤᠨ ᠴᠢᠳᠠᠪᠤᠷᠢᠲᠠᠨ ᠤ ᠠᠵᠢᠯ ᠢ ᠨᠡᠩ ᠰᠠᠶᠢᠳᠤᠷ ᠬᠢᠵᠦ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠬᠡᠵᠤ ᠴᠢᠬᠤᠯᠠᠴᠢᠯᠠᠪᠠ᠃ | | |