ᠦᠰᠦᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠥᠷᠥ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/25
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠣᠷᠣᠨ ᠰᠠᠭᠤᠴᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠥᠭᠵᠢᠯᠲᠡ ᠶᠢᠨ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠠᠨ ᠭᠤᠣᠯ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠨᠠᠶᠢᠷᠠᠭᠤᠯᠤᠨ ᠵᠣᠬᠢᠶᠠᠭᠰᠠᠨ ᠶᠤᠮ᠃ ︽ᠲᠥᠯᠦᠪᠵᠢᠭᠦᠯᠭᠡ︾ ᠳᠤ ᠮᠠᠨ ᠤ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠰᠠᠭᠤᠷᠢ ᠬᠢᠭᠡᠳ ᠲᠤᠯᠭᠠᠷᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ᠢᠷᠡᠭᠡᠳᠦᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠷᠣᠨ ᠰᠠᠭᠤᠴᠠ ᠶᠢᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠪᠥᠬᠦ ᠣᠷᠣᠨ ᠤ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃ ᠪᠣᠳᠠᠲᠠᠢ ᠠᠭᠤᠯᠭ᠎ᠠ ᠶᠢᠨ ᠲᠠᠶᠢᠯᠤᠮᠵᠢ ᠨᠢ ᠳᠣᠣᠷᠠᠬᠢ ᠮᠡᠲᠦ᠄     ᠨᠢᠭᠡ᠂ ᠣᠷᠣᠨ ᠲᠣᠭᠠᠨ ᠤ ᠠᠬᠤᠢ ᠪᠠᠶᠢᠳᠠᠯ     ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠴᠡᠭᠡ᠃ 2017 ᠣᠨ ᠤ 10 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ︽ᠭᠡᠷ ᠪᠠᠶᠢᠰᠢᠩ ᠪᠣᠯ ᠰᠠᠭᠤᠬᠤ ᠶᠢᠨ ᠲᠥᠯᠥᠭᠡ ᠶᠤᠮ᠂ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠵᠤ᠂ ᠪᠥᠬᠦ ᠠᠷᠠᠳ ᠲᠦᠮᠡᠨ ᠢ ᠰᠠᠭᠤᠬᠤ ᠠᠴᠠ ᠣᠷᠣᠨ ᠰᠠᠭᠤᠴᠠ ᠲᠠᠢ ᠪᠣᠯᠭᠠᠨ᠎ᠠ ᠭᠡᠵᠦ ᠳᠤᠷᠠᠳᠤᠨ ᠭᠠᠷᠭᠠᠵᠠᠢ᠃ ᠲᠣᠰ ᠵᠢᠯ ᠤᠨ 12 ᠳ᠋ᠤᠭᠠᠷ ᠰᠠᠷ᠎ᠠ ᠳᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 8 ᠵᠦᠢᠯ ᠤᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠭᠠᠪᠠ᠃     ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠴᠡᠭᠡ᠃ 2022 ᠣᠨ ᠤ 4 ᠳ᠋ᠤᠭᠡᠷ ᠰᠠᠷ᠎ᠠ ᠶᠢᠨ 11 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠂ ᠬᠤᠷᠠᠯ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠭᠦᠯᠬᠦ ᠪᠣᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ ᠮᠥᠨ ᠪᠥᠭᠡᠳ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠠᠶᠢᠰᠢᠩ ᠢ ᠰᠠᠭᠤᠬᠤ ᠳᠤ ᠬᠡᠷᠡᠭᠯᠡᠬᠦ ᠠᠴᠠ ᠪᠢᠰᠢ ᠰᠠᠷᠢᠭᠠᠯᠠᠬᠤ ᠳᠤ ᠬᠡᠷᠡᠭᠯᠡᠬᠦ ᠦᠭᠡᠢ ᠪᠠᠶᠢᠷᠢ ᠲᠣᠭᠲᠠᠭᠠᠯᠲᠠ ᠶᠢ ᠥᠴᠥᠬᠡᠨ ᠴᠦ ᠭᠤᠶᠢᠪᠢᠰᠢ ᠦᠭᠡᠢ ᠪᠠᠷᠢᠮᠲᠠᠯᠠᠨ᠂ ᠭᠠᠵᠠᠷ ᠰᠢᠷᠣᠢ ᠶᠢᠨ ᠦᠨ᠎ᠡ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠭᠡᠷ ᠪᠠᠶᠢᠰᠢᠩ ᠭᠠᠵᠠᠷ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠪᠡ᠃   ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠴᠡᠭᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠦᠲᠦᠴᠡ ᠶᠢ ᠲᠣᠬᠢᠷᠠᠭᠤᠯᠬᠤ᠂ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠬᠤ ᠪᠣᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠭᠡᠵᠦ ᠵᠢᠭᠠᠵᠤ ᠭᠠᠷᠭᠠᠪᠠ᠃     ᠬᠤᠶᠠᠷ᠂ ︽ᠲᠥᠯᠦᠪᠵᠢᠭᠦᠯᠭᠡ︾ ᠶᠢᠨ ᠣᠨᠴᠠᠯᠢᠭ     ︽ᠲᠥᠯᠦᠪᠵᠢᠭᠦᠯᠭᠡ︾ ᠳᠤ ᠣᠷᠣᠨ ᠰᠠᠭᠤᠴᠠ ᠶᠢᠨ ᠬᠥᠭᠵᠢᠯᠲᠡ ᠶᠢᠨ ᠲᠤᠬᠠᠢ ᠲᠥᠪ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠰᠢᠨ᠎ᠡ ᠬᠠᠷᠠᠯᠲᠠ᠂ ᠰᠢᠨ᠎ᠡ ᠠᠷᠭ᠎ᠠ ᠬᠡᠮᠵᠢᠶ᠎ᠡ ᠵᠢᠴᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ︽ᠨᠢᠭᠡ ᠪᠠᠶᠢᠷᠢ ᠲᠣᠭᠲᠠᠭᠠᠯᠲᠠ︾᠂ ︽ᠬᠤᠶᠠᠷ ᠬᠠᠷᠠᠯᠲᠠ︾᠂ ︽ᠬᠤᠶᠠᠷ ᠲᠣᠭᠲᠠᠯᠴᠠᠭ᠎ᠠ︾᠂ ︽ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ︾᠂ ︽ᠳᠥᠷᠪᠡᠨ ᠴᠢᠬᠤᠯᠠ ᠪᠠᠲᠤᠯᠠᠭ᠎ᠠ︾ ᠭᠡᠬᠦ ᠮᠡᠲᠤ ᠪᠠᠷ ᠳ᠋ᠦᠩᠨᠡᠵᠦ ᠪᠣᠯᠣᠨ᠎ᠠ᠃     ︽ᠨᠢᠭᠡ ᠪᠠᠶᠢᠷᠢ ᠲᠣᠭᠲᠠᠭᠠᠯᠲᠠ︾ ᠭᠡᠳᠡᠭ ᠨᠢ ︽ᠭᠡᠷ ᠪᠠᠶᠢᠰᠢᠩ ᠢ ᠪᠣᠯ ᠰᠠᠭᠤᠬᠤ ᠶᠢᠨ ᠲᠥᠯᠥᠭᠡ ᠶᠤᠮ᠂ ᠬᠠᠷᠢᠨ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠳᠣᠪᠤᠶᠢᠯᠭᠠᠬᠤ ᠶᠢ ᠵᠢᠭᠠᠵᠤ ᠪᠣᠶ᠃     ︽ᠬᠤᠶᠠᠷ ᠬᠠᠷᠠᠯᠲᠠ︾ ᠭᠡᠳᠡᠭ ᠨᠢ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠵᠤ᠂ ᠰᠠᠭᠤᠭᠠᠯᠢ ᠠᠷᠠᠳ ᠤᠨ ᠤᠯᠠᠨ ᠡᠰᠢᠵᠢᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠬᠤ᠂ ᠣᠷᠣᠨ ᠰᠠᠭᠤᠴᠠ ᠶᠢᠨ ᠶᠠᠰᠤ ᠴᠢᠨᠠᠷ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠣᠷᠣᠨ ᠰᠠᠭᠤᠴᠠ ᠶᠢᠨ ᠲᠠᠯ᠎ᠠ ᠪᠠᠷ ᠬᠢ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃     ︽ᠬᠤᠶᠠᠷ ᠲᠣᠭᠲᠠᠯᠴᠠᠭ᠎ᠠ︾ ᠭᠡᠳᠡᠭ ᠨᠢ ᠣᠷᠣᠨ ᠰᠠᠭᠤᠴᠠ ᠶᠢᠨ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠲᠣᠭᠲᠠᠴᠠ ᠶᠢᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠶᠠᠩᠵᠤ ᠶᠢᠨ᠂ ᠤᠯᠠᠨ ᠠᠷᠭ᠎ᠠ ᠵᠠᠮ ᠢᠶᠠᠷ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠷ ᠭᠤᠣᠯ ᠪᠣᠯᠭᠠᠭᠰᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃     ︽ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ︾ ᠳᠤ ᠬᠤᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠪᠠ ᠣᠷᠣᠨ ᠰᠠᠭᠤᠴᠠ ᠶᠢᠨ ᠬᠠᠮᠢᠶᠠᠷᠤᠯᠲᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ᠂ ᠬᠠᠮᠲᠤ ᠪᠠᠷ ᠥᠮᠴᠢᠯᠡᠬᠦ ᠡᠷᠬᠡ ᠪᠦᠬᠦᠢ ᠣᠷᠣᠨ ᠰᠠᠭᠤᠴᠠ ᠶᠢ ᠬᠠᠶᠢᠨ ᠰᠦᠪᠡᠭᠴᠢᠯᠡᠬᠦ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ ᠬᠥᠭᠵᠢᠭᠦᠯᠬᠦ᠂ ᠨᠠᠰᠤᠵᠢᠯ ᠳᠤ ᠲᠣᠬᠢᠷᠠᠮᠵᠢᠲᠠᠢ ᠣᠷᠣᠨ ᠰᠠᠭᠤᠴᠠ ᠪᠠ ᠨᠠᠰᠤᠵᠢᠯ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠣᠷᠣᠨ ᠰᠠᠭᠤᠴᠠ ᠶᠢᠨ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠪᠠᠭᠲᠠᠨ᠎ᠠ᠃     ︽ᠲᠦᠷᠪᠡᠨ ᠴᠢᠬᠤᠯᠠ ᠪᠠᠲᠤᠯᠠᠭ᠎ᠠ︾ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠣᠷᠣᠨ ᠰᠠᠭᠤᠴᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠪᠠᠭᠲᠠᠨ᠎ᠠ᠃     ᠭᠤᠷᠪᠠ᠂ ︽ᠲᠥᠯᠦᠪᠵᠢᠭᠦᠯᠭᠡ︾ ᠶᠢᠨ ᠵᠢᠯᠤᠭᠤᠳᠬᠤ ᠦᠵᠡᠯ ᠰᠠᠨᠠᠭ᠎ᠠ     ︽ᠲᠥᠯᠦᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠨᠢᠭᠡ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠣᠷᠣᠨ ᠰᠠᠭᠤᠴᠠ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠪᠠᠷ ᠵᠣᠭᠰᠣᠯᠲᠠ ᠪᠣᠯᠭᠠᠵᠤ᠂ ︽ᠭᠡᠷ ᠪᠠᠶᠢᠰᠢᠩ ᠢ ᠪᠣᠯ ᠰᠠᠭᠤᠬᠤ ᠶᠢᠨ ᠲᠥᠯᠥᠭᠡ ᠶᠤᠮ᠂ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠣᠷᠣᠨ ᠰᠠᠭᠤᠴᠠ ᠶᠢᠨ ᠠᠷᠠᠳ ᠤᠨ ᠠᠮᠢᠳᠤᠷᠠᠯ ᠤᠨ ᠰᠢᠨᠵᠢ ᠴᠢᠨᠠᠷ ᠢ ᠲᠤᠪᠤᠶᠢᠯᠭᠠᠨ᠎ᠠ︔ ᠬᠤᠶᠠᠷ ᠲᠤ᠂ ᠣᠷᠣᠨ ᠰᠠᠭᠤᠴᠠ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠰᠢᠰᠲ᠋ᠧᠮ ᠪᠣᠯᠣᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ ᠭᠤᠷᠪᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠦᠭᠵᠢᠬᠦ ᠶᠢ ᠠᠬᠢᠭᠤᠯᠤᠨ᠎ᠠ᠃ ᠳᠥᠷᠪᠡ ᠳᠤ᠂ ᠬᠤᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ ᠪᠣᠯᠭᠠᠬᠤ ᠶᠢ ᠪᠡᠶᠡᠯᠡᠭᠦᠯᠦᠨ᠎ᠡ᠃     ᠳᠥᠷᠪᠡ᠂ ︽ᠲᠥᠯᠦᠪᠵᠢᠭᠦᠯᠭᠡ︾ ᠶᠢᠨ ᠬᠥᠭᠵᠢᠯᠲᠡ ᠶᠢᠨ ᠬᠠᠷᠠᠯᠲᠠ     2025 ᠣᠨ ᠪᠣᠯᠬᠤ ᠳᠤ᠂ ᠣᠷᠣᠨ ᠤ ᠪᠠᠶᠢᠳᠠᠯ ᠳᠤ ᠨᠡᠶᠢᠴᠡᠭᠰᠡᠨ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠦᠨᠳᠦᠰᠦᠨ ᠳᠤ ᠪᠠᠨ ᠪᠠᠶᠢᠭᠤᠯᠵᠤ᠂ ᠰᠠᠭᠤᠭᠠᠯᠢ ᠠᠷᠠᠳ ᠤᠨ ᠣᠯᠠᠨ ᠡᠰᠢᠵᠢᠭᠰᠡᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢ ᠤᠯᠠᠨ ᠡᠰᠢᠵᠢᠭᠦᠯᠦᠨ ᠨᠠᠷᠢᠯᠢᠭ ᠣᠨᠣᠴᠠᠲᠠᠢ ᠪᠠᠶᠢᠯᠭᠠᠵᠤ᠂ 2025 ᠣᠨ ᠪᠣᠯᠬᠤ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 5.8 ᠲᠦᠮᠡᠨ ᠢᠵᠢ ᠪᠦᠲᠦᠭᠡᠨ ᠪᠠᠶᠢᠭᠤᠯᠵᠤ᠂ ᠬᠤᠳᠠ ᠪᠠᠯᠭᠠᠰᠤᠨ ᠤ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 22 ᠲᠦᠮᠡᠨ ᠢᠵᠢ ᠥᠭᠡᠷᠡᠴᠢᠯᠡᠨ ᠵᠠᠰᠠᠬᠤ ᠶᠢ ᠪᠡᠶᠡᠯᠡᠭᠦᠯᠦᠨ᠎ᠡ᠃ ᠣᠷᠣᠨ ᠰᠠᠭᠤᠴᠠ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠵᠦ᠂ ᠬᠤᠲᠠ ᠪᠠᠯᠭᠠᠰᠤ ᠶᠢᠨ 120 ᠲᠦᠮᠡᠨ ᠡᠷᠦᠬᠡ ᠶᠢᠨ ᠬᠠᠭᠤᠴᠢᠨ ᠪᠠ ᠬᠠᠭᠤᠴᠢᠪᠳᠦᠷ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠦᠨ᠎ᠡ᠃ ᠣᠷᠣᠨ ᠰᠠᠭᠤᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠪᠠᠶᠢᠯᠭᠠᠵᠤ᠂ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠴᠡ ᠶᠢᠨ ᠨᠣᠷᠮ᠎ᠠ ᠶᠢ 90% ᠠᠴᠠ ᠳᠠᠪᠠᠭᠤᠯᠵᠤ᠂ ᠥᠮᠴᠢᠲᠡᠨ ᠤ ᠵᠥᠪᠯᠡᠯ ︵ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ︶ ᠢ ᠪᠠᠶᠢᠭᠤᠯᠤᠭᠰᠠᠨ ᠨᠣᠷᠮ ᠵᠶ᠎ᠠ 60%  ᠠᠴᠠ ᠳᠡᠭᠡᠭᠰᠢ ᠪᠠᠶᠢᠯᠭᠠᠨ᠎ᠠ᠃   ᠲᠠᠶᠢᠯᠤᠮᠵᠢ ᠬᠢᠭᠴᠢ᠄ ᠸᠠᠩ ᠬᠤᠶ ᠲᠢᠩ᠂ ᠬᠠᠷᠢᠯᠴᠠᠬᠤ ᠬᠡᠯᠪᠡᠷᠢ᠄ 0471-6945031 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ