ᠲᠦᠩᠯᠢᠶᠣᠣ ᠬᠤᠲᠠ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ︽ᠵᠠᠭᠤᠨ ᠡᠳᠦᠷ ᠤᠨ ᠠᠵᠢᠯᠯᠠᠭ᠎ᠠ︾ ᠶᠢ ᠪᠠᠬᠢᠵᠢᠭᠦᠯᠦᠨ ᠳᠡᠭᠡᠭᠰᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/21
    2022 ᠣᠨ ᠤ 9 ᠳ᠋ᠤᠭᠡᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠣ ᠬᠤᠲᠠ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ︽ᠵᠠᠭᠤᠨ ᠡᠳᠦᠷ ᠤᠨ ᠠᠵᠢᠯᠯᠠᠭ᠎ᠠ︾ ᠶᠢ ᠪᠠᠬᠢᠵᠢᠭᠦᠯᠦᠨ ᠳᠡᠭᠡᠭᠰᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ ᠵᠠᠰᠠᠬᠤ ᠠᠵᠢᠯ ᠤᠨ ︽ᠵᠠᠭᠤᠨ ᠡᠳᠦᠷ ᠤᠨ ᠠᠵᠢᠯᠯᠠᠭ᠎ᠠ︾ ᠶᠢ ᠪᠠᠬᠢᠵᠢᠭᠦᠯᠦᠨ ᠳᠡᠭᠡᠭᠰᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠲᠦᠩᠯᠢᠶᠣᠣ ᠬᠤᠲᠠ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠪᠠᠬᠢᠵᠢᠭᠦᠯᠦᠨ ᠳᠡᠭᠡᠭᠰᠢᠯᠡᠭᠦᠯᠬᠦ ᠬᠠᠮᠢᠶ᠎ᠠ ᠪᠦᠬᠦᠢ ᠠᠵᠢᠯ ᠳᠤ ᠳᠠᠬᠢᠨᠲᠠ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠼᠤᠤ ᠶᠢᠨ ᠱᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠦᠩᠯᠢᠶᠣᠣ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠦᠢ ᠬᠤᠸ ᠲᠤᠸ ᠲᠦᠩᠯᠢᠶᠣᠣ ᠬᠤᠲᠠ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ᠃
通辽市自建房安全专项整治“百日行动”巩固提升动员部署会议召开1.jpg 
    ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠲᠦᠩᠯᠢᠶᠣᠣ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠡᠮᠵᠢᠶᠡᠨ ᠤ ᠦᠨᠳᠦᠰᠦᠨ ᠱᠠᠲᠤᠨ ᠤ ᠺᠠᠳ᠋ᠷ ᠪᠠ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠢ ᠲᠤᠰᠬᠠᠶᠢᠯᠠᠨ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠬᠠᠷᠠᠯᠲᠠᠲᠤ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠣᠳᠣᠬᠢ ᠪᠠᠶᠢᠳᠠᠯ ᠢ ᠠᠩᠬ᠎ᠠ ᠠᠯᠬᠤᠮ ᠲᠣᠳᠣᠷᠬᠠᠢ ᠣᠶᠢᠯᠠᠭᠠᠵᠤ᠂ ᠨᠢᠭᠡ ᠪᠦᠯᠦᠭ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠬᠠᠮᠢᠶᠠᠷᠤᠨ ᠡᠵᠡᠮᠳᠡᠪᠡ ᠭᠡᠵᠡᠢ᠃
通辽市自建房安全专项整治“百日行动”巩固提升动员部署会议召开2.jpg 
    ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠦᠯᠡᠳᠡᠭᠡᠯ ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠬᠤ ᠬᠡᠷᠡᠭᠲᠡᠢ ᠮᠥᠷᠲᠡᠭᠡᠨ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠠᠶᠤᠯ ᠲᠦᠭᠰᠢᠭᠦᠷᠢ ᠶᠢᠨ ᠨᠡᠮᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠢ᠃ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠳᠦᠷᠢᠮ ᠢ ᠰᠦᠪᠡᠭᠴᠢᠯᠡᠨ ᠪᠠᠶᠢᠭᠤᠯᠵᠤ᠂ ᠣᠷᠣᠨ ᠨᠤᠲᠤᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠬᠤᠲᠠ ᠬᠥᠳᠡᠭᠡ ᠶᠢᠨ ᠭᠡᠷ ᠪᠠᠶᠢᠰᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠭᠡᠷ ᠪᠠᠶᠢᠰᠢᠩ ᠤᠨ ᠪᠥᠬᠦ ᠨᠠᠰᠤᠨ ᠤ ᠦᠶᠡᠯᠡᠯ ᠤᠨ ᠴᠢᠩᠭᠠᠳᠬᠠᠨ᠎ᠠ ᠭᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠬᠦᠴᠦᠨ ᠢᠶᠠᠨ ᠲᠥᠪᠯᠡᠷᠡᠭᠦᠯᠦᠨ 2 ᠰᠠᠷ᠎ᠠ ᠶᠢᠨ ᠬᠤᠭᠤᠴᠠᠭ᠎ᠠ ᠲᠠᠢ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠦᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2 ᠰᠠᠷ᠎ᠠ ᠶᠢᠨ ᠬᠤᠭᠤᠴᠠᠭ᠎ᠠ ᠲᠠᠢ ︽ᠡᠷᠭᠢᠵᠦ ᠦᠵᠡᠬᠦ︾ ᠠᠵᠢᠯᠯᠠᠭ᠎ᠠ ᠶᠢ ᠥᠷᠨᠢᠭᠦᠯᠵᠦ᠂ ᠳᠠᠯᠳᠠ ᠬᠡᠮ ᠣᠷᠣᠰᠢᠵᠤ ᠪᠠᠶᠢᠭ᠎ᠠ ᠭᠡᠷ ᠪᠠᠶᠢᠰᠢᠩ ᠤᠨ ᠠᠮᠦᠷ ᠲᠦᠪᠰᠢᠨ ᠢ ᠪᠣᠳᠠᠲᠠᠶᠢᠵᠢᠭᠤᠯᠤᠭᠰᠠᠨ ᠡᠰᠡᠬᠦ᠂ ᠳᠠᠯᠳᠠ ᠬᠡᠮ ᠣᠷᠣᠰᠢᠵᠤ ᠪᠠᠶᠢᠭ᠎ᠠ ᠭᠡᠷ ᠪᠠᠶᠢᠰᠢᠩ ᠢ ᠪᠣᠳᠠᠲᠠᠶᠢᠵᠢᠭᠤᠯᠤᠨ ᠬᠠᠮᠢᠶᠠᠷᠤᠨ ᠡᠵᠡᠮᠳᠡᠭᠰᠡᠨ ᠡᠰᠡᠬᠦ ᠶᠢ ᠤᠯᠠᠮ ᠨᠢᠭᠡ ᠠᠯᠬᠤᠮ ᠪᠠᠶᠢᠴᠠᠭᠠᠨ ᠲᠣᠳᠣᠯᠠᠵᠤ᠂ ᠲᠤᠬᠠᠢ ᠶᠢᠨ ᠲᠠᠯᠠᠪᠤᠷ ᠲᠤ ᠪᠢᠲᠡᠭᠦᠮᠵᠢᠯᠡᠨ ᠰᠡᠷᠡᠮᠵᠢᠯᠡᠭᠦᠯᠬᠦ ᠵᠢᠴᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠴᠡᠭᠴᠡᠯᠡᠨ ᠵᠠᠰᠠᠬᠤ ᠬᠠᠷᠢᠭᠤᠴᠠᠯᠭᠠᠲᠤ ᠨᠢᠭᠡᠴᠢ ᠵᠢᠴᠢ ᠬᠠᠷᠢᠭᠤᠴᠠᠯᠭᠠᠲᠠᠨ᠂ ᠬᠠᠮᠢᠶᠠᠷᠤᠨ ᠡᠵᠡᠮᠳᠡᠬᠦ ᠬᠠᠷᠢᠭᠤᠴᠠᠯᠭᠠᠲᠤ ᠨᠢᠭᠡᠴᠢ ᠵᠢᠴᠢ ᠬᠠᠷᠢᠭᠤᠴᠠᠯᠭᠠᠲᠠᠨ᠂ ᠬᠢᠨᠠᠨ ᠵᠢᠯᠤᠭᠤᠳᠬᠤ ᠬᠠᠷᠢᠭᠤᠴᠠᠯᠭᠠᠲᠤ ᠨᠢᠭᠡᠴᠢ ᠵᠢᠴᠢ ᠬᠠᠷᠢᠭᠤᠴᠠᠯᠭᠠᠲᠠᠨ ᠵᠢᠴᠢ ᠴᠡᠭᠴᠡᠯᠡᠨ ᠵᠠᠰᠠᠬᠤ ᠴᠠᠭ ᠤᠨ ᠬᠢᠵᠠᠭᠠᠷ ᠵᠡᠷᠭᠡ ᠶᠢ ᠨᠢᠭᠡᠳ ᠨᠢᠭᠡ ᠪᠠᠷ ᠲᠣᠳᠣᠷᠬᠠᠶᠢᠯᠠᠬᠤ ᠬᠡᠷᠡᠭᠲᠡᠢ᠃ ︽ᠨᠢᠭᠡ ᠭᠡᠷ ᠪᠠᠶᠢᠰᠢᠩ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠴᠡᠭᠴᠡᠯᠡᠨ ᠵᠠᠰᠠᠬᠤ ᠲᠥᠰᠥᠯ ᠢ ᠲᠣᠭᠲᠠᠭᠠᠵᠤ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠬᠦ ᠶᠢᠨ ᠬᠠᠮᠲᠤ ᠰᠡᠯᠪᠢᠨ ᠵᠠᠰᠠᠵᠤ ᠪᠠᠬᠢᠵᠢᠭᠦᠯᠬᠦ᠂ ᠨᠤᠷᠠᠭᠠᠵᠤ ᠲᠠᠬᠢᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠂ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠴᠡᠭᠴᠡᠯᠡᠨ ᠵᠠᠰᠠᠬᠤ ᠶᠢ ᠠᠬᠢᠭᠤᠯᠵᠤ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠵᠦ᠂ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠦᠭᠬᠦ ᠬᠡᠷᠡᠭᠳᠡᠢ ᠭᠡᠵᠡᠢ᠃    ᠲᠦᠩᠯᠢᠶᠣᠣ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ