ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ | 10 ᠰᠠᠯᠠᠭ᠎ᠠ ᠮᠥᠴᠢᠷ ᠬᠤᠯᠪᠣᠭᠠᠯᠠᠨ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ | ᠨᠠᠷᠢᠨ ᠳᠦᠷᠢᠮ︾ ︵ᠦᠪᠦᠷ ᠪᠠᠶᠢᠭᠤᠯᠤᠯᠲᠠ ᠪᠠᠲᠤᠯᠠᠭ᠎ᠠ ᠮᠥᠩᠭᠦ ﹇2022﹈ 96 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪ᠊᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠬᠡᠷᠡᠭᠵᠢᠭᠦᠯᠬᠦ ᠨᠠᠷᠢᠨ ᠳᠦᠷᠢᠮ︾ ᠢ ᠶᠠᠮᠠᠷ ᠠᠬᠤᠢ ᠪᠠᠶᠢᠳᠠᠯ ᠤᠨ ᠳᠣᠣᠷ᠎ᠠ ᠲᠣᠭᠲᠠᠭᠠᠵᠤ ᠨᠡᠶᠢᠲᠡᠯᠡᠭᠰᠡᠨ ᠪᠣᠶ︖ | ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ | ᠲᠥᠯᠥᠭᠡ᠂ 2021 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 22 ᠳ᠋ᠤᠭᠠᠷ ᠲᠣᠭᠠᠲᠤ︶ | ᠢ ᠳᠠᠷᠤᠮᠠᠯᠯᠠᠨ ᠲᠠᠷᠬᠠᠭᠠᠵᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ | ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠪᠠᠶᠢᠳᠠᠯ ᠳᠤ | ᠬᠢᠨᠠᠨ ᠰᠢᠨᠵᠢᠯᠡᠯᠲᠡ ᠪᠠ ᠦᠨᠡᠯᠡᠯᠲᠡ ᠬᠢᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ 2021 ᠣᠨ ᠤ 9 ᠳ᠋ᠤᠭᠡᠷ ᠰᠠᠷ᠎ᠠ ᠶᠢᠨ 23 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ | ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 53 ᠳ᠋ᠤᠭᠠᠷ | ᠲᠣᠭᠠᠲᠤ︶ ᠢ ᠨᠡᠶᠢᠲᠡᠯᠡᠵᠦ᠂ ᠡᠯ᠎ᠡ ᠭᠠᠵᠠᠷ ᠣᠷᠣᠨ ᠢ ᠲᠤᠬᠠᠢ ᠶᠢᠨ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ ᠬᠥᠭᠵᠢᠭᠦᠯᠵᠦ᠂ ᠠᠵᠢᠯ ᠤᠨ ᠭᠤᠣᠯᠳᠠᠯᠭ᠎ᠠ ᠶᠢ ᠲᠣᠳᠣᠷᠬᠠᠶᠢᠯᠠᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ | ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠬᠤ ᠬᠡᠷᠡᠭᠲᠡᠢ ᠭᠡᠵᠦ ᠱᠠᠭᠠᠷᠳᠠᠪᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢ ᠲᠦᠷᠭᠡᠳᠬᠡᠵᠦ᠂ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠣᠯᠠᠨ | ᠲᠦᠮᠡᠨ ᠤ ᠣᠷᠣᠨ ᠰᠠᠭᠤᠴᠠ ᠶᠢᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠨ᠂ ᠮᠠᠨ ᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠵᠡᠷᠭᠡ 10 ᠰᠠᠯᠠᠭ᠎ᠠ ᠮᠥᠴᠢᠷ ᠬᠤᠯᠪᠣᠭᠠᠯᠠᠵᠤ ᠪᠠᠶᠢᠭᠠᠳ ︽ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠪᠠ᠃ | ᠬᠤᠶᠠᠷ᠂ ︽ᠬᠡᠷᠡᠭᠵᠢᠭᠦᠯᠬᠦ ᠨᠠᠷᠢᠨ ᠳᠦᠷᠢᠮ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖ | ︽ᠬᠡᠷᠡᠭᠵᠢᠭᠦᠯᠬᠦ ᠨᠠᠷᠢᠨ ᠳᠦᠷᠢᠮ︾ ᠢ ᠶᠡᠷᠦᠩᠬᠡᠢ ᠱᠠᠭᠠᠷᠳᠠᠯᠭ᠎ᠠ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠯᠲᠡ ᠶᠢ ᠠᠬᠢᠭᠤᠯᠬᠤ᠂ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠴᠢᠩᠭᠠᠳᠬᠠᠬᠤ᠂ ᠡᠵᠡᠩᠨᠡᠯᠲᠡ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ | ᠵᠢᠷᠭᠤᠭᠠᠨ ᠬᠡᠰᠡᠭ 19 ᠵᠦᠢᠯ ᠤᠨ ᠠᠭᠤᠯᠭ᠎ᠠ ᠪᠠᠭᠲᠠᠨ᠎ᠠ᠃ | ᠭᠤᠷᠪᠠ᠂ ᠮᠠᠨ ᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠬᠠᠷᠠᠯᠲᠠ ᠨᠢ ᠶᠠᠭᠤ ᠪᠣᠶ︖ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ 5 ᠲᠦᠮᠡ 8 ᠮᠢᠩᠭᠠᠨ ᠢᠵᠢ ︵ᠲᠠᠰᠤᠯᠭ᠎ᠠ︶ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠤᠢ᠃ | ᠳᠥᠷᠪᠡ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠳᠤ ᠶᠠᠮᠠᠷ ᠶᠠᠮᠠᠷ ᠲᠡᠮᠵᠢᠯᠭᠡ ᠶᠢᠨ ᠲᠦᠷᠦ ᠶᠢᠨ ᠪᠣᠳᠣᠯᠭ᠎ᠠ ᠪᠠᠶᠢᠬᠤ | ᠪᠤᠢ︖ | ᠨᠢᠭᠡ ᠳᠤ᠂ ᠭᠠᠵᠠᠷ ᠰᠢᠷᠣᠢ ᠶᠢᠨ ᠲᠡᠮᠵᠢᠯᠭᠡ ᠶᠢᠨ ᠲᠥᠷᠥ ᠶᠢᠨ ᠪᠣᠳᠣᠯᠭ᠎ᠠ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠥᠪᠡᠷ ᠤᠨ ᠬᠢᠨᠢ ᠭᠠᠵᠠᠷ ᠰᠢᠷᠣᠢ᠂ ᠠᠵᠤ ᠦᠢᠯᠡᠰ ᠤᠨ ᠬᠦᠷᠢᠶᠡᠯᠡᠩ ᠤᠨ ᠢᠵᠢ | ᠪᠦᠷᠢᠳᠦᠭᠦᠯᠦᠨ ᠬᠡᠷᠡᠭᠯᠡᠬᠦ ᠭᠠᠵᠠᠷ ᠰᠢᠷᠣᠢ᠂ ᠦᠯᠡᠳᠡᠭᠡᠯ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠵᠢᠴᠢ ᠰᠢᠨ᠎ᠡ ᠪᠠᠷ ᠬᠠᠩᠭᠠᠬᠤ ᠤᠯᠤᠰ ᠤᠨ ᠥᠮᠴᠢᠯᠡᠯᠲᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠠᠰᠢᠭᠯᠠᠨ ᠪᠦᠲᠦᠭᠡᠨ ᠪᠠᠶᠢᠭᠤᠯᠬᠤ ᠪᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠪᠠᠶᠢᠭᠤᠯᠤᠨ᠎ᠠ᠃ ᠭᠤᠣᠯᠳᠠᠯᠭ᠎ᠠ ᠲᠠᠢ ᠬᠤᠲᠠ ᠪᠣᠯᠣᠨ ᠬᠥᠭᠵᠢᠭᠦᠯᠦᠯᠲᠡ ᠶᠢᠨ ᠠᠶᠢᠮᠠᠭ ᠬᠤᠲᠠ ᠨᠤᠭᠤᠳ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ | ᠳᠣᠲᠣᠷᠠᠬᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ | ᠳᠡᠭᠡᠭᠰᠢᠯᠡᠭᠦᠯᠦᠨ᠎ᠡ᠃ ᠣᠷᠣᠨ ᠰᠠᠭᠤᠴᠠ ᠳᠤ ᠬᠡᠷᠡᠭᠯᠡᠬᠦ ᠣᠨ ᠤ ᠭᠠᠵᠠᠷ ᠤᠨ ᠬᠠᠩᠭᠠᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠦᠶ᠎ᠡ ᠳᠤ᠂ | ᠲᠦᠷᠢᠶᠡᠰᠦᠨ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠠᠰ ᠲᠤ ᠨᠢ ᠵᠢᠭᠰᠠᠭᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠳᠤ ᠬᠡᠷᠡᠭᠯᠡᠬᠦ ᠭᠠᠵᠠᠷ ᠢ ᠤᠷᠢᠳ ᠢᠶᠠᠷ ᠲᠣᠬᠢᠷᠠᠭᠤᠯᠵᠤ᠂ ᠪᠠᠲᠤᠯᠠᠬᠤ ᠶᠣᠰᠣᠲᠠᠢ ᠶᠢ ᠨᠢ ᠴᠥᠮ ᠪᠠᠳᠤᠯᠠᠨ᠎ᠠ᠃ | ᠬᠤᠶᠠᠷ ᠲᠤ᠂ ᠪᠡᠯᠡ ᠮᠥᠩᠭᠦ ᠶᠢᠨ ᠲᠡᠮᠵᠢᠯᠭᠡ ᠶᠢᠨ ᠲᠥᠷᠥ ᠶᠢᠨ ᠪᠣᠳᠣᠯᠭ᠎ᠠ᠃ ᠲᠥᠪ ᠤᠨ ᠨᠥᠬᠦᠪᠦᠷᠢ ᠪᠡᠯᠡ ᠮᠥᠩᠭᠦ᠂ ᠲᠥᠪ ᠤᠨ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠤᠳᠤ ᠪᠠᠶᠢᠭ᠎ᠠ ᠪᠡᠯᠡ ᠮᠥᠩᠭᠦ ᠲᠠᠢ ᠪᠠᠨ ᠤᠶᠠᠯᠳᠤᠭᠤᠯᠤᠨ ᠳᠡᠮᠵᠢᠯᠭᠡ ᠦᠵᠡᠭᠦᠯᠬᠦ | ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠳᠤ | ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠲᠥᠷᠥᠯ ᠵᠦᠢᠯ ᠳᠤ ᠰᠠᠭᠤᠷᠢ ᠪᠡᠯᠡᠳᠬᠡᠮᠵᠢ ᠶᠢᠨ ᠬᠦᠷᠢᠶ᠎ᠡ ᠴᠠᠷᠠᠭ᠎ᠠ ᠳᠠᠬᠢ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ | ᠮᠥᠩᠭᠦ ︵RE-ITS︶ ᠶᠢᠨ ᠪᠠᠳᠤᠯᠠᠭ᠎ᠠ ᠶᠢ ᠲᠡᠮᠵᠢᠨ᠎ᠡ᠃ | ᠭᠤᠷᠪᠠ ᠳᠤ᠂ ᠭᠠᠶᠢᠯᠢ ᠰᠦᠢᠳᠬᠡᠯ ᠤᠨ ᠲᠡᠮᠵᠢᠯᠭᠡ ᠶᠢᠨ ᠲᠦᠷᠦ ᠶᠢᠨ ᠪᠣᠳᠣᠯᠭ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠲᠥᠷᠥᠯ ᠵᠦᠢᠯ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠥᠷᠲᠡᠭ ᠨᠡᠮᠡᠭᠳᠡᠯ ᠤᠨ ᠭᠠᠶᠢᠯᠢ᠂ ᠭᠡᠷ ᠬᠥᠷᠥᠩᠭᠡ ᠶᠢᠨ ᠭᠠᠶᠢᠯᠢ ᠶᠢ ᠬᠥᠩᠭᠡᠯᠡᠨ ᠲᠠᠲᠠᠪᠤᠷᠢᠯᠠᠵᠤ᠂ | ᠬᠤᠲᠠ ᠶᠢᠨ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠢ ᠬᠡᠯᠲᠦᠷᠢᠭᠦᠯᠦᠨ᠎ᠡ᠃ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠢ ᠪᠠ | ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠵᠤ᠂ ᠲᠥᠷᠥᠯ | ᠵᠦᠢᠯ ᠢ ᠦᠨᠡᠮᠰᠢᠬᠦ ᠪᠢᠴᠢᠭ ᠢ ᠣᠯᠣᠭᠰᠠᠨ ᠤ ᠳᠠᠷᠠᠭ᠎ᠠ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠦᠨ᠎ᠡ ᠬᠠᠩᠰᠢ ᠶᠢ ᠰᠠᠭᠤᠭᠠᠯᠢ ᠠᠷᠠᠳ ᠤᠨ ᠪᠠᠷᠢᠮᠵᠢᠶ᠎ᠠ | ᠶᠣᠰᠣᠭᠠᠷ ᠬᠡᠷᠡᠭᠵᠢᠭᠦᠯᠦᠨ᠎ᠡ᠃ | ᠲᠠᠪᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠳᠤ ᠶᠠᠮᠠᠷ ᠶᠠᠮᠠᠷ ᠭᠤᠤᠯ | ᠴᠣᠭᠴᠠ ᠣᠷᠣᠯᠴᠠᠵᠤ ᠪᠣᠯᠬᠤ ᠪᠤᠢ︖ | ︽ᠬᠡᠨ ᠪᠡᠯᠡ ᠣᠷᠣᠭᠤᠯᠪᠠᠯ ᠬᠡᠨ ᠦᠮᠴᠢᠯᠡᠵᠦ ᠬᠡᠨ ᠠᠰᠢᠭ ᠭᠥᠷᠳᠡᠬᠦ︾᠂ ᠣᠷᠣᠨ ᠰᠠᠭᠤᠴᠠ ᠲᠦᠷᠢᠶᠡᠰᠦᠯᠡᠬᠦ ᠠᠵᠤ ᠠᠬᠤᠶᠢᠯᠠᠯ᠂ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠵᠡᠷᠭᠡ ᠣᠯᠠᠨ ᠲᠠᠯ᠎ᠠ ᠶᠢᠨ ᠭᠤᠣᠯ ᠴᠣᠭᠴᠠ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠵᠡᠷᠭᠡ ᠡᠯ᠎ᠡ ᠲᠥᠷᠥᠯ ᠤᠨ ᠠᠵᠢᠯ ᠲᠥᠷᠥᠯ ᠤᠨ ᠬᠢᠨ ᠴᠥᠮ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠪᠡᠯᠡ ᠣᠷᠣᠭᠤᠯᠵᠤ ᠪᠦᠲᠦᠭᠡᠨ | ᠪᠠᠶᠢᠭᠤᠯᠬᠤ ᠪᠠ ᠡᠵᠡᠩᠨᠡᠬᠦ ᠳᠤ ᠣᠷᠣᠯᠴᠠᠵᠤ ᠪᠣᠯᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠩᠭᠠᠯᠭ᠎ᠠ ᠳᠤ ᠣᠷᠤᠯᠴᠠᠬᠤ ᠶᠢ ᠵᠣᠷᠢᠭᠵᠢᠭᠤᠯᠵᠤ᠂ ᠲᠤᠰᠬᠠᠶᠢᠵᠢᠭᠰᠠᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠢᠬᠦ ᠶᠢ | ᠵᠤᠷᠢᠭᠵᠢᠭᠤᠯᠤᠨ᠎ᠠ᠃ ᠵᠠᠰᠠᠭ ᠤᠨ ᠣᠷᠳᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠤᠯᠠ ᠲᠠᠯᠪᠢᠭᠳᠠᠵᠤ ᠪᠠᠶᠢᠭ᠎ᠠ ᠣᠷᠣᠨ ᠰᠠᠭᠤᠴᠠ ᠶᠢ | ᠥᠭᠡᠷᠡᠴᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠵᠤ ᠪᠣᠯᠣᠨ᠎ᠠ᠃ | ᠵᠢᠷᠭᠤᠭ᠎ᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠨᠢ | ᠶᠠᠭᠤ ᠪᠤᠢ︖ ᠭᠤᠣᠯᠳᠠᠭᠤ ᠬᠡᠨ ᠳᠤ ᠬᠠᠨᠳᠤᠭᠤᠯᠤᠨ ᠬᠠᠩᠭᠠᠬᠤ ᠪᠤᠢ︖ | ᠰᠢᠨ᠎ᠡ ᠪᠠᠷ ᠪᠠᠶᠢᠭᠤᠯᠬᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠳᠤ ᠪᠠᠷᠢᠯᠭ᠎ᠠ ᠶᠢᠨ ᠲᠠᠯᠠᠪᠠᠶ ᠨᠢ 70 ᠲᠡᠭᠰᠢ | ᠳᠥᠷᠪᠡᠯᠵᠢᠨ ᠮᠧᠲᠷ ᠠᠴᠠ ᠬᠡᠲᠦᠷᠡᠬᠦ ᠦᠭᠡᠢ ᠵᠢᠵᠢᠭ ᠭᠡᠷ ᠪᠠᠶᠢᠰᠢᠩ ᠢᠶᠠᠷ ᠭᠤᠣᠯ ᠪᠣᠯᠭᠠᠵᠤ᠂ ᠲᠣᠬᠢᠷᠠᠭᠤᠯᠬᠤ ᠬᠠᠷᠢᠴᠠᠯ ᠨᠢ 20% ᠠᠴᠠ ᠬᠡᠲᠦᠷᠡᠬᠦ ᠦᠭᠡᠢ | ᠮᠥᠷᠲᠡᠭᠡᠨ ᠲᠠᠯᠠᠪᠠᠶ ᠨᠢ 90 ᠲᠡᠭᠰᠢ ᠳᠥᠷᠪᠡᠯᠵᠢᠨ ᠮᠧᠲᠷ ᠠᠴᠠ ᠬᠡᠲᠦᠷᠡᠬᠦ ᠦᠭᠡᠢ ᠭᠡᠷ ᠪᠠᠶᠢᠰᠢᠩ ᠢᠶᠠᠷ ᠭᠤᠣᠯ ᠪᠣᠯᠭᠠᠵᠤ ᠪᠣᠯᠣᠨ᠎ᠠ᠃ ᠲᠦᠷᠢᠶᠡᠰᠦᠨ ᠮᠥᠩᠭᠦ ᠨᠢ | ᠠᠳᠠᠯᠢ ᠭᠠᠵᠠᠷ ᠤᠷᠤᠨ ᠤ ᠠᠳᠠᠯᠢ ᠶᠠᠰᠤ ᠴᠢᠨᠠᠷ ᠲᠠᠢ ᠵᠠᠬ᠎ᠠ ᠳᠡᠯᠭᠡᠭᠦᠷ ᠤᠨ ᠲᠦᠷᠢᠶᠡᠰᠦᠯᠡᠬᠦ ᠣᠷᠣᠨ ᠰᠠᠭᠤᠴᠠ ᠶᠢᠨ ᠲᠦᠷᠢᠶᠡᠰᠦᠨ ᠮᠥᠩᠭᠦ ᠠᠴᠠ ᠳᠣᠣᠷ᠎ᠠ ᠪᠠᠶᠢᠬᠤ | ᠬᠡᠷᠡᠭᠲᠡᠢ᠃ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ ᠭᠤᠣᠯᠳᠠᠭᠤ ᠨᠥᠬᠦᠴᠡᠯ ᠳᠤ ᠨᠡᠶᠢᠴᠡᠬᠦ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ | ᠬᠥᠮᠥᠰ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠵᠦ᠂ ᠵᠠᠷᠴᠢᠮ ᠳᠡᠭᠡᠷ᠎ᠡ ᠪᠠᠨ ᠣᠷᠣᠯᠭ᠎ᠠ ᠶᠢᠨ ᠬᠢᠵᠠᠭᠠᠷᠯᠠᠯ ᠭᠠᠷᠭᠠᠬᠤ ᠦᠭᠡᠢ᠂ | ᠲᠤᠬᠠᠢ ᠶᠢᠨ ᠭᠠᠵᠠᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠰᠢᠨ᠎ᠡ ᠪᠠᠷ ᠠᠵᠢᠯ ᠣᠯᠣᠭᠰᠠᠨ᠂ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠭᠤᠤᠯᠴᠢᠯᠠᠨ ᠬᠢᠵᠦ ᠪᠠᠶᠢᠭ᠎ᠠ ᠰᠢᠨ᠎ᠡ ᠬᠤᠲᠠ ᠶᠢᠨ ᠠᠷᠠᠳ ᠲᠤ ᠤᠷᠢᠳ ᠢᠶᠠᠷ ᠬᠠᠩᠭᠠᠨ ᠪᠠᠲᠤᠯᠠᠨ᠎ᠠ᠃ | ᠲᠠᠶᠢᠯᠪᠤᠷᠢᠯᠠᠭᠴᠢ᠄ ᠰᠦᠨ ᠢᠦᠢ ᠴᠧᠨ᠂ ᠬᠠᠷᠢᠯᠴᠠᠬᠤ ᠤᠳᠠᠰᠤ᠄ 6289768 | |