ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠬᠡᠮᠵᠢᠭᠳᠡᠯ ᠳᠤ ᠬᠦᠷᠭᠡᠬᠦ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠢᠯᠴᠢ ᠬᠠᠩᠭᠠᠯᠭ᠎ᠠ ᠶᠢᠨ | ᠬᠡᠮᠵᠢᠯᠲᠡ ᠶᠢᠨ ᠰᠦᠢᠳᠬᠡᠯ ᠬᠤᠷᠢᠶᠠᠬᠤ ᠥᠭᠡᠷᠡᠴᠢᠯᠡᠯᠲᠡ ᠶᠢ ᠠᠬᠢᠭᠤᠯᠵᠤ᠂ ᠢᠯᠴᠢ ᠬᠠᠩᠭᠠᠯᠭ᠎ᠠ ᠶᠢᠨ ᠣᠶᠤᠨᠴᠢᠯᠠᠯᠲᠠ ᠶᠢ ᠪᠡᠶᠡᠯᠡᠭᠦᠯᠦᠨ᠂ ᠡᠨᠧᠷᠭᠢ ᠠᠷᠪᠢᠯᠠᠵᠤ | ᠪᠣᠬᠢᠷᠲᠤᠯ ᠢ ᠪᠠᠭᠠᠰᠬᠠᠬᠤ ᠶᠢ ᠠᠬᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠥᠯ︾ ︵ | ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠯ᠎ᠡ ᠭᠠᠵᠠᠷ ᠤᠨ ᠬᠢᠨ ᠤ ︽ᠬᠡᠷᠡᠭᠵᠢᠭᠦᠯᠬᠦ ᠲᠥᠰᠥᠯ︾ ᠤᠨ | ᠠᠭᠤᠯᠭ᠎ᠠ ᠶᠢ ᠨᠠᠩ ᠰᠠᠶᠢᠲᠤᠷ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠳᠤ ᠲᠥᠬᠦᠮ ᠦᠵᠡᠭᠦᠯᠬᠦ ᠶᠢᠨ | ᠲᠥᠯᠥᠭᠡ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠡᠳᠦᠷ ᠢᠷᠡᠬᠦᠶ᠎ᠡ ᠳᠡᠭᠡᠭᠰᠢᠯᠡᠬᠦ ᠶᠢ ᠳᠠᠭᠠᠯᠳᠤᠨ᠂ ᠬᠡᠷᠡᠭᠯᠡᠭᠴᠢᠳ ᠤᠨ ᠢᠯᠴᠢ ᠬᠡᠷᠡᠭᠯᠡᠬᠦ ᠶᠢ ᠥᠪᠡᠷᠮᠢᠴᠡᠵᠢᠭᠦᠯᠬᠦ | ᠪᠠ ᠲᠠᠭᠠᠯᠠᠮᠵᠢᠲᠠᠢ ᠴᠢᠨᠠᠷ ᠢ ᠳᠡᠭᠡᠭᠰᠢᠯᠡᠭᠦᠯᠬᠦ ᠱᠠᠭᠠᠷᠳᠠᠯᠭ᠎ᠠ ᠤᠯᠠᠮ ᠠᠴᠠ ᠤᠯᠠᠮ ᠲᠤᠯᠭᠠᠮ᠎ᠠ ᠪᠣᠯᠵᠤ᠂ ᠤᠯᠠᠮᠵᠢᠯᠠᠯᠲᠤ ᠢᠯᠴᠢ ᠬᠠᠩᠭᠠᠬᠤ ᠶᠠᠪᠤᠴᠠ ᠨᠢ | ᠬᠡᠷᠡᠭᠯᠡᠭᠴᠢᠳ ᠤᠨ ᠬᠡᠷᠡᠭᠴᠡᠭᠡ ᠪᠠᠨ ᠦᠨᠳᠦᠰᠦᠯᠡᠨ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠪᠠᠨ ᠲᠣᠬᠢᠷᠠᠭᠤᠯᠵᠤ ᠴᠢᠳᠠᠬᠤ ᠦᠭᠡᠢ ᠪᠣᠯᠵᠠᠢ᠃ ᠢᠯᠴᠢ ᠬᠠᠩᠭᠠᠬᠤ | ᠬᠡᠮᠵᠢᠯᠲᠡ ᠶᠢ ᠬᠡᠷᠡᠭᠵᠢᠭᠦᠯᠬᠦ ᠨᠢ ᠢᠯᠴᠢ ᠬᠠᠩᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠢᠯᠴᠢ ᠬᠠᠩᠭᠠᠬᠤ ᠠᠵᠤ ᠠᠬᠤᠶᠢᠯᠠᠯ ᠬᠢᠭᠡᠳ ᠢᠯᠴᠢ | ᠬᠡᠷᠡᠭᠯᠡᠬᠦ ᠡᠷᠦᠬᠡ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠨᠡᠶᠢᠭᠡᠮ ᠤᠨ ᠡᠨᠧᠷᠭᠢ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ | ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠡᠶᠡᠯᠡᠭᠦᠯᠬᠦ ᠳᠤ ᠠᠰᠢᠭᠲᠠᠢ ᠶᠤᠮ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢ ᠠᠷᠪᠢᠯᠠᠨ ᠭᠠᠮᠨᠠᠬᠤ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠳᠤ᠂ ᠤᠯᠤᠰ ᠠᠴᠠ | ᠠᠷᠭ᠎ᠠ ᠬᠡᠮᠵᠢᠶ᠎ᠡ ᠠᠪᠴᠤ᠂ ᠲᠥᠪᠯᠡᠷᠡᠭᠦᠯᠦᠨ ᠢᠯᠴᠢ ᠬᠠᠩᠭᠠᠬᠤ ᠶᠢ ᠬᠡᠷᠡᠭᠵᠢᠭᠦᠯᠵᠦ ᠪᠠᠶᠢᠭ᠎ᠠ ᠪᠠᠷᠢᠯᠭ᠎ᠠ ᠳᠤ ᠢᠯᠴᠢ ᠬᠠᠩᠭᠠᠬᠤ ᠶᠢ ᠡᠷᠦᠭᠡ ᠬᠤᠪᠢᠶᠠᠨ ᠬᠡᠮᠵᠢᠬᠦ᠂ | ᠢᠯᠴᠢ ᠬᠡᠷᠡᠭᠯᠡᠭᠰᠡᠨ ᠬᠡᠮᠵᠢᠶ᠎ᠡ ᠪᠠᠷ ᠰᠦᠢᠳᠬᠡᠯ ᠬᠤᠷᠢᠶᠠᠬᠤ ᠳᠦᠷᠢᠮ ᠢ ᠠᠯᠬᠤᠮ ᠲᠡᠷᠠᠭ᠎ᠠ ᠲᠠᠢ ᠪᠠᠷ ᠬᠡᠷᠡᠭᠵᠢᠭᠦᠯᠦᠨ᠎ᠡ᠃ ᠰᠢᠨ᠎ᠡ ᠪᠠᠷ ᠪᠠᠶᠢᠭᠤᠯᠬᠤ ᠪᠤᠶᠤ ᠨᠢᠭᠡᠨᠲᠡ | ᠪᠠᠶᠢᠭ᠎ᠠ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠳᠤ᠂ ᠲᠣᠭᠲᠠᠭᠠᠯ ᠶᠣᠰᠣᠭᠠᠷ ᠢᠯᠴᠢ ᠬᠡᠷᠡᠭᠯᠡᠬᠦ ᠬᠡᠮᠵᠢᠯᠲᠡ ᠶᠢᠨ ᠲᠣᠨᠣᠭᠯᠠᠯ᠂ ᠭᠡᠷ ᠳᠣᠲᠣᠷᠠᠬᠢ | ᠳᠤᠯᠠᠭᠠᠨ ᠢ ᠲᠣᠬᠢᠷᠠᠭᠤᠯᠤᠨ ᠡᠵᠡᠮᠳᠡᠬᠦ ᠲᠣᠨᠣᠭᠯᠠᠯ ᠪᠣᠯᠣᠨ ᠢᠯᠴᠢ ᠬᠠᠩᠭᠠᠬᠤ ᠰᠢᠰᠲ᠋ᠧᠮ ᠢ ᠲᠣᠬᠢᠷᠠᠭᠤᠯᠤᠨ ᠡᠵᠡᠮᠳᠡᠬᠦ ᠲᠣᠨᠣᠭᠯᠠᠯ ᠤᠭᠰᠠᠷᠠᠬᠤ ᠬᠡᠷᠡᠭᠲᠡᠢ᠃ ︽ | ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠳᠦᠷᠢᠮ︾ ᠤᠨ ᠶᠢᠰᠦᠳᠦᠭᠡᠷ ᠵᠦᠢᠯ ᠳᠤ᠂ ᠤᠯᠤᠰ ᠠᠴᠠ ᠢᠯᠴᠢ ᠬᠠᠩᠭᠠᠬᠤ ᠪᠠᠶᠢᠭᠤᠯᠤᠯ ᠤᠨ | ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ᠂ ᠢᠯᠴᠢ ᠬᠠᠩᠭᠠᠬᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠥᠪᠯᠡᠷᠡᠭᠦᠯᠦᠨ | ᠢᠯᠴᠢ ᠬᠠᠩᠭᠠᠬᠤ ᠶᠢ ᠵᠣᠷᠢᠭᠵᠢᠭᠤᠯᠤᠨ ᠬᠥᠭᠵᠢᠭᠦᠯᠵᠦ᠂ ᠢᠯᠴᠢ ᠬᠡᠷᠡᠭᠯᠡᠬᠦ ᠬᠡᠮᠵᠢᠶ᠎ᠡ ᠪᠠᠷ ᠰᠦᠢᠳᠬᠡᠯ ᠬᠤᠷᠢᠶᠠᠬᠤ ᠳᠦᠷᠢᠮ ᠢ ᠠᠯᠬᠤᠮ ᠠᠯᠬᠤᠮ ᠢᠶᠠᠷ | ᠬᠡᠷᠡᠭᠵᠢᠭᠦᠯᠦᠨ᠎ᠡ᠃ ᠠᠷᠪᠠᠨ ᠨᠠᠢᠮᠠᠳᠤᠭᠠᠷ ᠵᠦᠢᠯ ᠳᠤ᠂ ᠲᠥᠪᠯᠡᠷᠡᠭᠦᠯᠦᠨ ᠢᠯᠴᠢ ᠬᠠᠩᠭᠠᠬᠤ ᠶᠢ ᠬᠡᠷᠡᠭᠵᠢᠭᠦᠯᠵᠦ ᠪᠠᠶᠢᠭ᠎ᠠ ᠪᠠᠷᠢᠯᠭ᠎ᠠ ᠳᠤ ᠢᠯᠴᠢ ᠬᠠᠩᠭᠠᠬᠤ | ᠰᠢᠰᠲ᠋ᠧᠮ ᠤᠨ ᠲᠣᠬᠢᠷᠠᠭᠤᠯᠤᠨ ᠡᠵᠡᠮᠳᠡᠬᠦ ᠲᠣᠨᠣᠭᠯᠠᠯ᠂ ᠢᠯᠴᠢ ᠬᠡᠷᠡᠭᠯᠡᠬᠦ ᠬᠡᠮᠵᠢᠯᠲᠡ ᠶᠢᠨ ᠲᠣᠨᠣᠭᠯᠠᠯ ᠪᠠ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ | ᠲᠣᠬᠢᠷᠠᠭᠤᠯᠤᠨ ᠡᠵᠡᠮᠳᠡᠬᠦ ᠲᠣᠨᠣᠭᠯᠠᠯ ᠤᠭᠰᠠᠷᠠᠬᠤ ᠬᠡᠷᠡᠭᠲᠡᠢ᠃ ᠣᠷᠣᠨ ᠰᠠᠭᠤᠴᠠ ᠶᠢᠨ ᠪᠠᠷᠢᠯᠭ᠎ᠠ ᠳᠤ ᠤᠭᠰᠠᠷᠠᠭᠰᠠᠨ ᠢᠯᠴᠢ ᠶᠢᠨ ᠬᠡᠮᠵᠢᠯᠲᠡ ᠶᠢᠨ ᠲᠣᠨᠣᠭᠯᠠᠯ ᠨᠢ | ᠡᠷᠦᠭᠡ ᠬᠤᠪᠢᠶᠠᠨ ᠬᠡᠮᠵᠢᠬᠦ ᠱᠠᠭᠠᠷᠳᠠᠯᠭ᠎ᠠ ᠶᠢ ᠬᠠᠩᠭᠠᠵᠤ ᠴᠢᠳᠠᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ | ᠢᠯᠴᠢ ᠬᠠᠩᠭᠠᠬᠤ ᠳᠦᠷᠢᠮ︾ ᠤᠨ ᠠᠷᠪᠠᠨ ᠳᠥᠷᠪᠡᠳᠦᠭᠡᠷ ᠵᠦᠢᠯ ᠳᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠨᠢ ᠤᠯᠤᠰ ᠤᠨ ᠪᠠᠷᠢᠯᠭ᠎ᠠ ᠶᠢᠨ ᠡᠨᠧᠷᠭᠢ | ᠠᠷᠪᠢᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ ᠢᠯᠴᠢ ᠬᠠᠩᠭᠠᠬᠤ ᠰᠢᠰᠲ᠋ᠧᠮ ᠳᠤ ᠡᠷᠦᠭᠡ ᠬᠤᠪᠢᠶᠠᠨ ᠡᠵᠡᠮᠳᠡᠬᠦ ᠲᠣᠨᠣᠭᠯᠠᠯ᠂ ᠳᠤᠯᠠᠭᠠᠨ ᠤ | ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠨᠣᠭᠯᠠᠯ ᠪᠠ ᠢᠯᠴᠢ ᠶᠢ ᠬᠡᠮᠵᠢᠬᠦ ᠲᠣᠨᠣᠭᠯᠠᠯ ᠤᠭᠰᠠᠷᠠᠬᠤ ᠬᠡᠷᠡᠭᠲᠡᠢ᠃ ᠨᠢᠭᠡᠨᠲᠡ ᠪᠠᠶᠢᠭ᠎ᠠ ᠪᠠᠷᠢᠯᠭ᠎ᠠ ᠨᠢ ᠤᠯᠤᠰ ᠤᠨ | ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠲᠤ ᠨᠡᠶᠢᠴᠡᠬᠦ ᠦᠭᠡᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠯᠥᠪᠯᠡᠭᠡ ᠶᠢ ᠲᠣᠭᠲᠠᠭᠠᠵᠤ᠂ ᠢᠯᠴᠢ ᠬᠠᠩᠭᠠᠬᠤ ᠰᠢᠰᠲ᠋ᠧᠮ ᠳᠤ ᠡᠷᠥᠭᠡ ᠬᠤᠪᠢᠶᠠᠨ ᠡᠵᠡᠮᠳᠡᠬᠦ | ᠲᠣᠨᠣᠭᠯᠠᠯ᠂ ᠳᠤᠯᠠᠭᠠᠨ ᠤ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠨᠣᠭᠯᠠᠯ ᠪᠣᠯᠣᠨ ᠢᠯᠴᠢ ᠶᠢ ᠬᠡᠮᠵᠢᠬᠦ ᠲᠣᠨᠣᠭᠯᠠᠯ ᠢ ᠠᠯᠬᠤᠮ ᠠᠯᠬᠤᠮ ᠢᠶᠠᠷ ᠤᠭᠰᠠᠷᠠᠬᠤ | ᠬᠡᠷᠡᠭᠲᠡᠢ ᠭᠡᠵᠦ ᠲᠤᠭᠳᠠᠭᠠᠪᠠ᠃ | 2022 ᠣᠨ ᠤ 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠄ ︽ | ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ | ᠬᠤᠷᠢᠶᠠᠬᠤ ᠶᠢ ᠳᠡᠯᠭᠡᠷᠡᠭᠦᠯᠦᠨ᠂ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠲᠡᠮᠳᠡᠭ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠪᠠᠷᠢᠯᠭ᠎ᠠ ᠶᠢᠨ | ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠥᠷᠨᠢᠭᠦᠯᠬᠦ ᠲᠤᠬᠠᠢ ᠭᠦᠨᠵᠡᠭᠡᠢ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠡᠯ᠎ᠡ ᠠᠶᠢᠮᠠᠭ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ | ᠬᠠᠮᠤᠭ ᠡᠴᠦᠰ ᠲᠤ ︽ᠬᠡᠷᠡᠭᠵᠢᠭᠦᠯᠬᠦ ᠲᠥᠰᠥᠯ︾ ᠢ ᠲᠣᠭᠲᠠᠭᠠᠨ ᠨᠡᠶᠢᠲᠡᠯᠡᠪᠡ᠃ | ᠬᠤᠶᠠᠷ᠂ ︽ᠬᠡᠷᠡᠭᠵᠢᠭᠦᠯᠬᠦ ᠲᠥᠰᠥᠯ︾ ᠳᠤ ᠶᠠᠮᠠᠷ ᠶᠠᠮᠠᠷ ᠠᠵᠢᠯ ᠤᠨ ᠬᠠᠷᠠᠯᠲᠠ ᠶᠢ ᠳᠤᠷᠠᠳᠤᠨ ᠭᠠᠷᠭᠠᠭᠰᠠᠨ ᠪᠤᠢ︖ | 2022 - 2024 ᠣᠨ ᠤ ᠢᠯᠴᠢ ᠬᠠᠩᠭᠠᠬᠤ ᠬᠤᠭᠤᠴᠠᠭᠠᠨ ᠳᠤ᠂ ᠤᠷᠢᠳ ᠢᠶᠠᠷ ᠬᠥᠬᠡᠬᠤᠲᠠ᠂ ᠪᠤᠭᠤᠲᠤ᠂ ᠦᠬᠠᠢ ᠬᠤᠲᠠ ᠳᠤ ᠢᠯᠴᠢ ᠬᠠᠩᠭᠠᠬᠤ ᠶᠢ | ᠬᠡᠮᠵᠢᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠢᠯᠴᠢ ᠬᠠᠩᠭᠠᠬᠤ ᠰᠢᠰᠲ᠋ᠧᠮ ᠤᠨ | ᠡᠨᠧᠷᠭᠢ ᠠᠷᠪᠢᠯᠠᠬᠤ ᠪᠠᠷ ᠭᠤᠣᠯᠳᠠᠯᠭ᠎ᠠ ᠪᠣᠯᠭᠠᠵᠤ᠂ ᠪᠤᠰᠤᠳ ᠠᠶᠢᠮᠠᠭ ᠬᠤᠲᠠ ᠨᠤᠭᠤᠳ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠢᠯᠴᠢ ᠬᠠᠩᠭᠠᠬᠤ ᠶᠢ ᠬᠡᠮᠵᠢᠬᠦ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠥᠷᠨᠢᠭᠦᠯᠵᠦ᠂ ᠢᠯᠴᠢ ᠬᠠᠩᠭᠠᠬᠤ ᠬᠠᠮᠢᠶᠠᠷᠤᠯᠲᠠ ᠶᠢᠨ ᠣᠶᠤᠨᠴᠢᠯᠠᠯᠲᠠ ᠶᠢ | ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠤᠨ᠎ᠠ ᠭᠡᠵᠦ | ᠲᠣᠳᠣᠷᠬᠠᠢ ᠲᠣᠭᠲᠠᠭᠠᠪᠠ᠃ | ᠭᠤᠷᠪᠠ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢᠨ ᠲᠥᠯᠥᠭᠡ᠂ ︽ᠬᠡᠷᠡᠭᠵᠢᠭᠦᠯᠬᠦ ᠲᠥᠰᠥᠯ︾ ᠳᠤ ᠪᠣᠳᠠᠲᠠᠢ ᠶᠠᠮᠠᠷ ᠶᠠᠮᠠᠷ | ᠡᠭᠦᠷᠭᠡ ᠶᠢᠨ ᠲᠣᠬᠢᠷᠠᠭᠤᠯᠤᠯᠲᠠ ᠬᠢᠭᠰᠡᠨ ᠪᠣᠶ︖ | ᠡᠭᠦᠨ ᠳᠤ ᠭᠤᠣᠯᠳᠠᠭᠤ ᠲᠦᠷᠪᠡᠨ ᠵᠦᠢᠯ ᠤᠨ ᠡᠭᠦᠷᠭᠡ ᠬᠤᠯᠪᠣᠭᠳᠠᠨ᠎ᠠ᠄ | ᠨᠢᠭᠡ ᠳᠤ᠂ ᠬᠥᠬᠡᠬᠤᠲᠠ ᠳᠤ ᠲᠥᠪᠯᠡᠷᠡᠭᠦᠯᠦᠨ ᠢᠯᠴᠢ ᠬᠠᠩᠭᠠᠬᠤ ᠶᠢ ᠬᠡᠷᠡᠭᠵᠢᠭᠦᠯᠵᠦ ᠪᠠᠶᠢᠭ᠎ᠠ ᠮᠥᠷᠲᠡᠭᠡᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠳᠤ | ᠬᠦᠷᠦᠭᠰᠡᠨ ᠡᠯ᠎ᠡ ᠱᠠᠲᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠡᠷᠡᠭᠯᠡᠬᠦ ᠭᠡᠷ ᠪᠠᠶᠢᠰᠢᠩ ︵ᠨᠢᠭᠡᠨᠲᠡ ᠪᠠᠶᠢᠭ᠎ᠠ ᠲᠠᠩ ᠴᠣᠭᠴᠠᠲᠤ ᠣᠯᠠᠨ ᠨᠡᠶᠢᠲᠡ ᠶᠢᠨ | ᠪᠠᠷᠢᠯᠭ᠎ᠠ︶ ᠤᠨ ᠲᠤᠷᠰᠢᠯᠲᠠ ᠶᠢᠨ ᠴᠡᠭ ᠤᠨ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠶᠢᠨ ᠬᠠᠮᠲᠤ᠂ ᠵᠣᠬᠢᠬᠤ ᠬᠡᠮᠵᠢᠶᠡᠨ ᠤ ᠲᠥᠪᠯᠡᠷᠡᠭᠦᠯᠦᠨ ᠢᠯᠴᠢ ᠬᠠᠩᠭᠠᠬᠤ ᠶᠢ | ᠬᠡᠷᠡᠭᠵᠢᠭᠦᠯᠵᠦ ᠪᠠᠶᠢᠭ᠎ᠠ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠰᠣᠩᠭᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ | 2022 ᠣᠨ ᠤ ᠢᠯᠴᠢ ᠬᠠᠩᠭᠠᠬᠤ ᠬᠤᠭᠤᠴᠠᠭ᠎ᠠ ᠠᠴᠠ ᠡᠮᠦᠨ᠎ᠡ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠡᠷᠡᠭᠯᠡᠬᠦ ᠭᠡᠷ ᠪᠠᠶᠢᠰᠢᠩ ᠤᠨ ᠢᠯᠴᠢ ᠬᠠᠩᠭᠠᠬᠤ | ᠬᠡᠮᠵᠢᠯᠲᠡ ᠶᠢᠨ ᠲᠣᠨᠤᠭ ᠲᠥᠬᠦᠭᠡᠷᠦᠮᠵᠢ ᠶᠢ ᠤᠭᠰᠠᠷᠠᠬᠤ ᠪᠤᠶᠤ ᠤᠤᠯ ᠤᠨ ᠪᠠᠶᠢᠭᠰᠠᠨ ᠢᠯᠴᠢ ᠬᠠᠩᠭᠠᠬᠤ ᠬᠡᠮᠵᠢᠯᠲᠡ ᠶᠢᠨ ᠲᠣᠨᠤᠭ ᠲᠥᠬᠦᠭᠡᠷᠦᠮᠵᠢ ᠶᠢ ᠰᠡᠯᠪᠢᠨ | ᠵᠠᠰᠠᠬᠤ ᠪᠠ ᠰᠢᠨᠡᠳᠬᠡᠬᠦ ᠶᠢ ᠪᠡᠶᠡᠯᠡᠭᠦᠯᠦᠨ᠎ᠡ︔ 2022 ᠣᠨ - 2023 ᠣᠨ ᠤ ᠢᠯᠴᠢ ᠬᠠᠩᠭᠠᠬᠤ ᠬᠤᠭᠤᠴᠠᠭᠠᠨ ᠳᠤ ᠢᠯᠴᠢ ᠬᠠᠩᠭᠠᠯᠭ᠎ᠠ ᠶᠢᠨ ᠬᠡᠮᠵᠢᠯᠲᠡ ᠶᠢᠨ | ᠰᠦᠢᠳᠬᠡᠯ ᠬᠤᠷᠢᠶᠠᠬᠤ ᠲᠤᠭ᠎ᠠ ᠪᠠᠷᠢᠮᠲᠠ ᠶᠢ ᠴᠤᠭᠯᠠᠭᠤᠯᠬᠤ ᠶᠢ ᠬᠡᠷᠡᠭᠵᠢᠭᠦᠯᠵᠦ᠂ 2023 ᠣᠨ - 2024 ᠣᠨ ᠤ ᠢᠯᠴᠢ ᠬᠠᠩᠭᠠᠬᠤ ᠬᠤᠭᠤᠴᠠᠭᠠᠨ ᠳᠤ | ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃ | ᠬᠤᠶᠠᠷ ᠲᠤ᠂ ᠪᠤᠭᠤᠲᠤ ᠬᠤᠲᠠ ᠶᠢᠨ ᠵᠣᠬᠢᠬᠤ ᠬᠡᠮᠵᠢᠶ᠎ᠡ ᠪᠠᠷ ᠲᠥᠪᠯᠡᠷᠡᠭᠦᠯᠦᠨ ᠢᠯᠴᠢ ᠬᠠᠩᠭᠠᠬᠤ ᠶᠢ ᠬᠡᠷᠡᠭᠵᠢᠭᠦᠯᠵᠦ ᠪᠠᠶᠢᠭ᠎ᠠ ᠰᠢᠨ᠎ᠡ ᠪᠠᠷ ᠪᠠᠶᠢᠭᠤᠯᠤᠭᠰᠠᠨ | ᠠᠷᠠᠳ ᠤᠨ ᠬᠡᠷᠡᠭᠯᠡᠭᠡᠨ ᠤ ᠪᠠᠷᠢᠯᠭ᠎ᠠ ᠪᠣᠯᠣᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠳᠤ ᠬᠦᠷᠦᠭᠰᠡᠨ ᠡᠯ᠎ᠡ ᠱᠠᠲᠤᠨ ᠤ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠬᠡᠷᠡᠭᠯᠡᠬᠦ ᠭᠡᠷ ᠪᠠᠶᠢᠰᠢᠩ ︵ᠨᠢᠭᠡᠨᠲᠡ ᠪᠠᠶᠢᠭ᠎ᠠ ᠲᠠᠩ ᠴᠣᠭᠴᠠᠲᠤ ᠣᠯᠠᠨ ᠨᠡᠶᠢᠲᠡ ᠶᠢᠨ ᠪᠠᠷᠢᠯᠭ᠎ᠠ︶ ᠢ ᠰᠣᠩᠭᠤᠵᠤ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠦᠨ᠎ᠡ᠃ 2022 ᠣᠨ ᠤ ᠢᠯᠴᠢ ᠬᠠᠩᠭᠠᠬᠤ ᠬᠤᠭᠤᠴᠠᠭ᠎ᠠ ᠠᠴᠠ ᠡᠮᠦᠨ᠎ᠡ ᠢᠯᠴᠢ ᠬᠠᠩᠭᠠᠬᠤ ᠬᠡᠮᠵᠢᠯᠲᠡ ᠶᠢᠨ ᠲᠣᠨᠤᠭ ᠲᠥᠬᠦᠭᠡᠷᠦᠮᠵᠢ ᠶᠢ | ᠤᠭᠰᠠᠷᠠᠬᠤ ᠪᠤᠶᠤ ᠤᠤᠯ ᠤᠨ ᠪᠠᠶᠢᠭᠰᠠᠨ ᠢᠯᠴᠢ ᠬᠠᠩᠭᠠᠬᠤ ᠬᠡᠮᠵᠢᠯᠲᠡ ᠶᠢᠨ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠪᠠ ᠰᠢᠨᠡᠳᠬᠡᠬᠦ ᠠᠵᠢᠯ ᠢ | ᠪᠡᠶᠡᠯᠡᠭᠦᠯᠦᠨ᠎ᠡ︔ 2022 ᠣᠨ - 2023 ᠣᠨ ᠤ ᠢᠯᠴᠢ ᠬᠠᠩᠭᠠᠬᠤ ᠬᠤᠭᠤᠴᠠᠭᠠᠨ ᠳᠤ ᠢᠯᠴᠢ ᠬᠠᠩᠭᠠᠯᠭ᠎ᠠ ᠶᠢᠨ ᠬᠡᠮᠵᠢᠯᠲᠡ ᠶᠢᠨ ᠰᠦᠢᠳᠬᠡᠯ ᠬᠤᠷᠢᠶᠠᠬᠤ | ᠲᠤᠭ᠎ᠠ ᠪᠠᠷᠢᠮᠲᠠ ᠶᠢ ᠴᠤᠭᠯᠠᠭᠤᠯᠬᠤ ᠶᠢ ᠬᠡᠷᠡᠭᠵᠢᠭᠦᠯᠵᠦ᠂ 2023 ᠣᠨ - 2024 ᠣᠨ ᠤ ᠢᠯᠴᠢ ᠬᠠᠩᠭᠠᠬᠤ ᠬᠤᠭᠤᠴᠠᠭᠠᠨ ᠳᠤ ᠢᠯᠴᠢ ᠬᠠᠩᠭᠠᠯᠭ᠎ᠠ ᠶᠢᠨ | ᠬᠡᠮᠵᠢᠯᠲᠡ ᠶᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠃ | ᠭᠤᠷᠪᠠ ᠳᠤ᠂ ᠦᠬᠠᠢ ᠬᠤᠳᠠ ᠶᠢᠨ ᠬᠢᠨ ᠤᠤᠯ ᠤᠨ ᠳᠤᠯᠠᠭᠠᠯᠭ᠎ᠠ ᠶᠢᠨ ᠬᠡᠮᠵᠢᠯᠲᠡ ᠶᠢᠨ ᠠᠵᠢᠯ ᠢᠶᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠴᠧᠩᠳᠧ ᠬᠤᠳᠠ | ᠵᠡᠷᠭᠡ ᠲᠡᠷᠢᠭᠦᠨ ᠤ ᠭᠠᠵᠠᠷ ᠣᠷᠣᠨ ᠤ ᠳᠤᠯᠠᠭᠠᠯᠭ᠎ᠠ ᠶᠢᠨ ᠬᠡᠮᠵᠢᠯᠲᠡ ᠶᠢᠨ ᠠᠵᠢᠯ ᠤᠨ ᠲᠤᠷᠰᠢᠯᠭ᠎ᠠ ᠶᠢ ᠰᠢᠩᠭᠡᠬᠡᠨ ᠠᠪᠴᠤ᠂ ᠵᠥᠷᠢᠶ᠎ᠡ ᠪᠠ ᠬᠦᠷᠦᠯᠴᠡᠬᠦ ᠦᠭᠡᠢ | ᠲᠠᠯ᠎ᠠ ᠪᠠᠨ ᠡᠷᠢᠨ ᠭᠠᠷᠭᠠᠵᠤ᠂ ᠳᠤᠯᠠᠭᠠᠯᠭ᠎ᠠ ᠶᠢᠨ ᠣᠶᠤᠨᠴᠢᠯᠠᠯᠲᠠ ᠶᠢᠨ ᠥᠭᠡᠷᠡᠴᠢᠯᠡᠯᠲᠡ ᠪᠠ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠬᠦ ᠶᠢ | ᠭᠤᠣᠯᠳᠠᠯᠭ᠎ᠠ ᠲᠠᠢ ᠥᠷᠨᠢᠭᠦᠯᠵᠦ᠂ ᠬᠡᠪᠴᠢᠶ᠎ᠡ ᠶᠢ ᠨᠢ ᠠᠯᠬᠤᠮ ᠠᠯᠬᠤᠮ ᠢᠶᠠᠷ ᠥᠷᠭᠡᠳᠬᠡᠨ᠎ᠡ᠃ | ᠳᠥᠷᠪᠡ ᠳᠤ᠂ ᠬᠥᠬᠡᠬᠤᠲᠠ᠂ ᠪᠤᠭᠤᠲᠤ᠂ ᠦᠬᠠᠢ ᠬᠤᠲᠠ 2022 ᠣᠨ ᠤ 9 ᠳ᠋ᠤᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠲᠤᠷᠰᠢᠯᠲᠠ ᠶᠢᠨ | ᠴᠡᠭ ᠤᠨ ᠠᠵᠢᠯ ᠤᠨ ᠲᠥᠰᠥᠯ ᠢᠶᠠᠨ ᠨᠠᠶᠢᠷᠠᠭᠤᠯᠤᠨ ᠵᠣᠬᠢᠶᠠᠨ᠎ᠠ᠃ | ᠳᠥᠷᠪᠡ᠂ ︽ᠬᠡᠷᠡᠭᠵᠢᠭᠦᠯᠬᠦ ᠲᠥᠰᠥᠯ︾ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠬᠡᠷᠬᠢᠨ ᠪᠠᠲᠤᠯᠠᠬᠤ ᠪᠤᠢ︖ | ︽ᠬᠡᠷᠡᠭᠵᠢᠭᠦᠯᠬᠦ ᠲᠥᠰᠥᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠲᠢᠩᠬᠢᠮ ᠠᠴᠠ ᠡᠯ᠎ᠡ ᠭᠠᠵᠠᠷ ᠤᠨ ᠬᠢᠨ ᠢ | ᠵᠢᠯᠣᠭᠤᠳᠤᠨ ᠳᠣᠣᠷᠠᠬᠢ ᠠᠵᠢᠯ ᠤᠳ ᠢ ᠪᠣᠳᠠᠲᠠᠢ ᠪᠠᠷ ᠰᠠᠶᠢᠲᠤᠷ ᠬᠢᠨ᠎ᠡ᠄ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ᠂ ᠪᠤᠭᠤᠲᠤ ᠬᠤᠲᠠ᠂ | ᠦᠬᠠᠢ ᠬᠤᠲᠠ ᠶᠢᠨ ᠵᠠᠰᠠᠭ ᠤᠨ ᠣᠷᠳᠣᠨ ᠤ ᠢᠯᠴᠢ ᠬᠠᠩᠭᠠᠬᠤ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠢ ᠲᠣᠰ | ᠲᠣᠰ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠮᠲᠤ ᠪᠠᠷ ᠠᠬᠢᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠲᠤᠷᠰᠢᠯᠲᠠ ᠶᠢᠨ | ᠴᠡᠭ ᠤᠨ ᠠᠵᠢᠯ ᠢ ᠵᠢᠯᠣᠭᠤᠳᠤᠨ ᠥᠷᠨᠢᠭᠦᠯᠦᠨ᠎ᠡ᠃ | ᠬᠤᠶᠠᠷ ᠲᠤ᠂ ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠨ᠎ᠠ᠃ ᠢᠯᠴᠢ ᠬᠠᠩᠭᠠᠬᠤ ᠬᠡᠮᠵᠢᠯᠳᠡ ᠶᠢᠨ ᠠᠵᠢᠯ ᠳᠤ ᠬᠢᠨᠠᠯᠲᠠ ᠲᠠᠯᠪᠢᠵᠤ | ᠵᠢᠯᠤᠭᠤᠳᠬᠤ ᠪᠠᠨ ᠴᠢᠩᠭᠠᠳᠬᠠᠵᠤ᠂ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠤᠨ᠂ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠰᠢᠯᠭᠠᠨ ᠬᠢᠨᠠᠵᠤ ᠰᠢᠯᠭᠠᠨ | ᠲᠣᠭᠲᠠᠭᠠᠬᠤ ᠶᠢ ᠴᠢᠩᠭᠠᠷᠠᠭᠤᠯᠤᠨ᠎ᠠ᠃ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠪᠠ ᠰᠤᠳᠤᠯᠤᠨ ᠮᠠᠭᠠᠳᠯᠠᠵᠤ᠂ ᠲᠤᠷᠰᠢᠯᠲᠠ ᠶᠢᠨ | ᠴᠡᠭ ᠤᠨ ᠠᠵᠢᠯ ᠤᠨ ᠲᠤᠷᠰᠢᠯᠭ᠎ᠠ ᠶᠢ ᠳ᠋ᠦᠩᠨᠡᠨ᠂ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ | ᠭᠤᠷᠪᠠ ᠳᠤ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠰᠢᠮᠳᠠᠭᠤᠯᠤᠨ ᠨᠠᠶᠢᠳᠠᠪᠤᠷᠢᠵᠢᠭᠤᠯᠬᠤ᠂ ᠲᠤᠭ᠎ᠠ ᠪᠠᠷᠢᠮᠲᠠ ᠴᠤᠭᠯᠠᠭᠤᠯᠬᠤ᠂ ᠠᠰᠠᠭᠤᠳᠠᠯ ᠢ ᠰᠤᠳᠤᠯᠬᠤ᠂ ᠵᠥᠷᠢᠴᠡᠯ ᠢ ᠠᠷᠢᠯᠭᠠᠬᠤ ᠵᠡᠷᠭᠡ ᠠᠵᠢᠯ ᠢ ᠬᠢᠨᠠᠮᠠᠭᠠᠢ | ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠬᠤ ᠬᠡᠮᠵᠢᠯᠳᠡ ᠶᠢᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠬᠦ ᠳᠤ ᠭᠦᠢᠴᠡᠳ | ᠬᠠᠮᠢᠶᠠᠷᠤᠯᠲᠠ ᠶᠢᠨ ᠲᠤᠷᠰᠢᠯᠭ᠎ᠠ ᠪᠠ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢᠨ ᠬᠤᠷᠠᠮᠳᠤᠭᠤᠯᠤᠯ ᠢ ᠬᠠᠩᠭᠠᠨ᠎ᠠ᠃ | ᠳᠥᠷᠪᠡ ᠳᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠢᠯᠴᠢ ᠬᠠᠩᠭᠠᠬᠤ ᠬᠡᠮᠵᠢᠯᠲᠡ ᠶᠢᠨ ᠤᠬᠠᠭᠤᠯᠭ᠎ᠠ ᠪᠠ ᠬᠥᠲᠥᠯᠥᠨ | ᠵᠢᠯᠤᠭᠤᠳᠬᠤ ᠶᠢ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠵᠤ ᠪᠠᠶᠢᠭᠠᠳ ᠢᠯᠴᠢ ᠬᠠᠩᠭᠠᠬᠤ ᠬᠡᠮᠵᠢᠯᠲᠡ ᠶᠢᠨ ᠮᠡᠳᠡᠯᠭᠡ᠂ ᠢᠯᠴᠢ ᠬᠠᠩᠭᠠᠬᠤ | ᠬᠡᠮᠵᠢᠯᠲᠡ ᠶᠢᠨ ᠴᠢᠬᠤᠯᠠ ᠠᠴᠢ ᠬᠤᠯᠪᠣᠭᠳᠠᠯ᠂ ᠬᠠᠷᠠᠯᠲᠠᠲᠤ ᠡᠭᠦᠷᠭᠡ ᠵᠢᠴᠢ ᠴᠢᠬᠤᠯᠠ ᠠᠷᠭ᠎ᠠ ᠬᠡᠮᠵᠢᠶ᠎ᠡ ᠤᠬᠠᠭᠤᠯᠵᠤ᠂ ᠢᠯᠴᠢ ᠬᠡᠷᠡᠭᠯᠡᠬᠦ ᠡᠷᠦᠬᠡ ᠶᠢᠨ | ᠣᠶᠢᠯᠠᠭᠠᠯᠲᠠ ᠪᠠ ᠳᠡᠮᠵᠢᠯᠭᠡ ᠶᠢ ᠴᠢᠷᠮᠠᠶᠢᠨ ᠣᠯᠵᠤ᠂ ᠢᠯᠴᠢ ᠬᠡᠷᠡᠭᠯᠡᠬᠦ ᠡᠷᠦᠬᠡ ᠶᠢᠨ ᠢᠯᠴᠢ ᠬᠠᠩᠭᠠᠬᠤ ᠬᠡᠮᠵᠢᠯᠲᠡ ᠶᠢᠨ ᠥᠭᠡᠷᠡᠴᠢᠯᠡᠯᠲᠡ ᠳᠤ ᠣᠷᠤᠯᠴᠠᠬᠤ | ᠢᠳᠡᠪᠬᠢᠵᠢᠯ ᠢ ᠳᠡᠭᠡᠭᠰᠢᠯᠡᠭᠦᠯᠦᠨ᠂ ᠢᠯᠴᠢ ᠬᠠᠩᠭᠠᠬᠤ ᠬᠡᠮᠵᠢᠯᠲᠡ ᠶᠢᠨ ᠬᠡᠢ ᠲᠤᠷᠰᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠳᠤᠯᠠᠨ᠎ᠠ᠃ | ᠲᠠᠶᠢᠯᠤᠮᠵᠢ ᠬᠢᠭᠴᠢ᠄ ᠭᠦᠸᠧ ᠹᠧᠩ᠂ ᠬᠠᠷᠢᠯᠴᠠᠬᠤ ᠤᠲᠠᠰᠤ᠄ 6539294 | |