ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠤᠰᠤ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠤᠨ ᠲᠤᠰᠬᠠᠢ ᠮᠡᠷᠭᠡᠵᠢᠯᠲᠡᠨ ᠤ ᠦᠨᠡᠯᠡᠯᠳᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/27
    9 ᠳ᠋ᠤᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠤᠰᠤ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠭᠡᠵᠦ ᠲᠣᠪᠴᠢᠯᠠᠨ᠎ᠠ︶ ᠤᠨ ᠲᠤᠰᠬᠠᠢ ᠮᠡᠷᠭᠡᠵᠢᠯᠲᠡᠨ ᠤ ᠦᠨᠡᠯᠡᠯᠳᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠤᠯᠤᠰ ᠤᠨ ᠬᠤᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠪᠠᠲᠤᠯᠠᠭ᠎ᠠ ᠶᠢᠨ ᠲᠥᠪ᠂ ᠬᠥᠬᠡᠬᠤᠲᠠ ᠶᠢᠨ ᠤᠰᠤ ᠬᠠᠩᠭᠠᠬᠤ ᠤᠰᠤ ᠵᠠᠯᠠᠬᠤ ᠦᠢᠯᠡᠴᠢᠯᠡᠭᠡᠨ ᠤ ᠲᠥᠪ᠂ ᠪᠤᠭᠤᠲᠤ ᠶᠢᠨ ᠱᠸᠦ ᠴᠤᠸᠠᠩ ᠤᠰᠤᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠲᠠ ᠶᠢᠨ ᠤᠰᠤ ᠬᠠᠩᠭᠠᠬᠤ ᠲᠦᠯᠦᠪᠵᠢᠭᠦᠯᠦᠯᠭᠡ᠂ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠣᠷᠣᠨ ᠪᠦᠰᠡ ᠶᠢᠨ ᠲᠤᠰᠬᠠᠢ ᠮᠡᠷᠭᠡᠵᠢᠯᠲᠡᠨ ᠦᠨᠡᠯᠡᠯᠳᠡ ᠶᠢᠨ ᠬᠤᠷᠠᠯ ᠳᠤ ᠣᠷᠣᠯᠴᠠᠵᠠᠢ᠃ 
自治区城乡人居环境发展促进中心组织召开《内蒙古自治区城市供水突发事件应急预案》专家评审会.jpg 
     ᠬᠤᠷᠠᠯ ᠳᠡᠭᠡᠷ᠎ᠡ᠂ ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠢ ᠨᠠᠶᠢᠷᠠᠭᠤᠯᠤᠨ ᠵᠣᠬᠢᠶᠠᠬᠤ ᠪᠦᠯᠬᠦᠮ ᠠᠴᠠ ᠦᠨᠡᠯᠡᠯᠳᠡ ᠶᠢᠨ ᠲᠤᠰᠬᠠᠢ ᠮᠡᠷᠭᠡᠵᠢᠯᠳᠡᠳ ᠲᠤ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ᠂ ᠵᠣᠷᠢᠯᠭ᠎ᠠ᠂ ᠦᠨᠳᠦᠰᠦᠯᠡᠯ᠂ ᠲᠥᠰᠥᠯ ᠤᠨ ᠭᠤᠣᠯ ᠠᠭᠤᠯᠭ᠎ᠠ᠂ ᠰᠠᠨᠠᠯ ᠬᠤᠷᠢᠶᠠᠭᠰᠠᠨ ᠵᠡᠷᠭᠡ ᠪᠠᠶᠢᠳᠠᠯ ᠢ ᠲᠠᠨᠢᠯᠴᠠᠭᠤᠯᠵᠠᠢ᠂ ᠦᠨᠡᠯᠡᠯᠳᠡ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠴᠢᠮ ᠪᠠᠶᠢᠳᠠᠯ ᠢ  ᠠᠷᠭᠠᠴᠠᠭᠠᠬᠤ ᠲᠥᠰᠥᠯ ᠳᠤ ᠰᠢᠰᠲ᠋ᠧᠮ ᠲᠠᠢ ᠬᠢᠨᠠᠨ ᠪᠠᠶᠢᠴᠠᠭᠠᠯᠲᠠ ᠪᠠ ᠶᠠᠷᠢᠯᠴᠠᠭ᠎ᠠ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ ᠪᠠ ᠰᠠᠨᠠᠭᠤᠯᠭ᠎ᠠ ᠳᠤᠷᠠᠳᠴᠠᠢ᠃   ︽ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠰᠥᠯ ᠢᠶᠠᠷ ᠦᠨᠳᠦᠰᠦᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠤᠰᠤ ᠬᠠᠩᠭᠠᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠠᠭᠤᠯᠭ᠎ᠠ ᠶᠢ ᠲᠥᠷᠥᠯ ᠱᠠᠲᠤ ᠬᠤᠪᠢᠶᠠᠨ ᠲᠣᠳᠣᠷᠬᠠᠶᠢᠯᠠᠵᠤ᠂ ᠬᠤᠲᠠ ᠶᠢᠨ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠠ ᠬᠤᠲᠠ ᠶᠢᠨ ᠤᠰᠤ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠬᠠᠩᠭᠠᠭᠰᠠᠨ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ ᠤᠨ ᠬᠠᠮᠢᠶ᠎ᠠ ᠪᠦᠬᠦᠢ ᠠᠵᠢᠯᠲᠠᠨ᠂ ᠬᠡᠰᠡᠭ ᠲᠤᠰᠬᠠᠢ ᠮᠡᠷᠭᠡᠵᠢᠯᠲᠡᠨ ᠬᠥᠬᠡᠬᠤᠲᠠ ᠶᠢᠨ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ ᠂ ᠬᠡᠰᠡᠭ ᠲᠤᠰᠬᠠᠢ ᠮᠡᠷᠭᠡᠵᠢᠯᠲᠡᠨ ᠪᠡᠭᠡᠵᠢᠩ ᠠᠴᠠ ᠸᠢᠳᠢᠤ᠋ ᠬᠡᠯᠪᠡᠷᠢ ᠪᠠᠷ ᠬᠤᠷᠠᠯ ᠳᠤ ᠣᠷᠣᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ