ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠣᠷᠣᠨ ᠪᠦᠰᠡ ᠶᠢᠨ ᠴᠥᠷᠬᠡᠯᠡᠭᠡ ᠶᠢᠨ ᠮᠡᠷᠭᠡᠵᠢᠯ ᠢ ᠬᠡᠷᠡᠭᠯᠡᠨ ᠰᠦᠯᠵᠢᠶᠡᠨ ᠲᠡᠭᠡᠷ᠎ᠡ ᠲᠤᠬᠠᠶᠢᠯᠠᠭᠰᠠᠨ ᠠᠵᠢᠯ ᠭᠦᠢᠴᠡᠳᠭᠡᠬᠦ ᠬᠤᠷᠳᠤᠴᠠ ᠶᠢ ᠶᠡᠭᠡ ᠪᠠᠷ ᠲᠦᠷᠭᠡᠳᠭᠡᠪᠡ
ᠨᠡᠶᠢᠲᠡᠯᠡᠭᠰᠡᠨ ᠴᠠᠭ᠄
2022/9/27
    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠡᠳᠦᠪ︾ ᠤᠨ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠤᠨ ︽ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠠᠬᠤᠢ ᠪᠠᠶᠢᠳᠠᠯ ᠳᠠᠬᠢ ᠣᠷᠣᠨ ᠪᠦᠰᠡ ᠶᠢᠨ ᠴᠥᠷᠬᠡᠯᠡᠭᠡ ᠪᠠ ᠮᠡᠳᠡᠭᠡ ᠵᠠᠩᠭᠢ ᠶᠢᠨ ᠲᠣᠪᠴᠢᠯᠠᠯ ᠳᠤ ᠰᠠᠭᠤᠷᠢᠯᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠠᠭᠪᠤᠷ ᠤᠨ ᠰᠤᠳᠤᠯᠤᠯ︾ ᠭᠡᠬᠦ ᠰᠡᠳᠦᠪ ᠤᠨ ᠦᠷ᠎ᠡ ᠪᠦᠲᠦᠭᠡᠯ ᠢ SCI ᠬᠤᠭᠤᠴᠠᠭᠠᠲᠤ ᠰᠡᠳᠬᠦᠯ ᠳᠤ ᠣᠷᠣᠭᠤᠯᠪᠠ᠃ ᠲᠣᠰ ᠰᠡᠳᠦᠪ ᠨᠢ ᠣᠷᠣᠨ ᠪᠦᠰᠡ ᠶᠢᠨ ᠴᠥᠷᠬᠡᠯᠡᠭᠡ ᠪᠠ ᠲᠣᠭᠠᠨ ᠤ ᠲᠣᠪᠴᠢᠯᠠᠯ ᠤᠨ ᠮᠡᠷᠭᠡᠵᠢᠯ ᠳᠤ ᠰᠠᠭᠤᠷᠢᠯᠠᠨ᠂ ᠬᠠᠮᠲᠤ ᠪᠠᠷ ᠡᠳ᠋ᠯᠡᠬᠦ ᠠᠭᠤᠯᠭ᠎ᠠ᠂ ᠬᠠᠮᠵᠢᠯᠴᠠᠬᠤ ᠠᠵᠢᠯᠯᠠᠭ᠎ᠠ ᠶᠢ ᠮᠥᠷᠳᠡᠵᠦ ᠬᠢᠨᠠᠨ ᠪᠤᠳᠤᠵᠤ ᠪᠣᠯᠬᠤ ᠶᠢ ᠪᠡᠶᠡᠯᠡᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠴᠢᠨᠠᠭᠰᠢᠯᠠᠪᠠᠯ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ︽ᠮᠠᠲ᠋ᠧᠷᠢᠶᠠᠯ ᠦᠭᠡᠢ︾ ︽ᠰᠧᠺᠦ᠋ᠨ᠋ᠳ᠋ ᠢᠶᠠᠷ ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠡᠯᠡ ᠮᠥᠩᠭᠦ ᠶᠢᠨ ᠲᠥᠪ ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠳᠤ ᠨᠢᠭᠡᠨᠲᠡ ︽ᠮᠠᠲ᠋ᠧᠷᠢᠶᠠᠯ ᠦᠭᠡᠢ︾ ᠭᠤᠶᠤᠴᠢᠯᠠᠯ ᠭᠠᠷᠭᠠᠬᠤ ᠪᠠ ᠪᠥᠬᠦ ᠡᠳᠦᠷ ᠤᠨ ︽ᠰᠧᠺᠦ᠋ᠨ᠋ᠳ᠋ ᠢᠶᠠᠷ ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠴᠥᠮ ᠰᠢᠰᠲ᠋ᠧᠮ ᠠᠴᠠ ᠠᠶᠠᠨᠳᠠᠭᠠᠨ ᠪᠡᠶᠡᠯᠡᠭᠦᠯᠵᠦ᠂ ᠬᠤᠯᠪᠣᠭᠳᠠᠬᠤ ᠪᠡᠯᠡ ᠮᠥᠩᠭᠦ ᠶᠢ ᠴᠠᠭ ᠲᠤᠬᠠᠢ ᠳᠤ ᠨᠢ ᠲᠠᠩᠰᠠᠨ ᠳᠤ ᠣᠷᠣᠭᠤᠯᠬᠤ ᠪᠣᠯᠣᠨ᠎ᠠ᠃ ᠭᠠᠳᠠᠭᠠᠳᠤ ᠲᠠᠢ ᠬᠤᠯᠪᠣᠭᠰᠠᠨ ᠨᠢᠭᠡᠴᠢ ᠶᠢᠨ ᠲᠤᠭ᠎ᠠ ᠪᠠᠷᠢᠮᠲᠠ ᠵᠢᠴᠢ ᠱᠠᠲᠤ ᠦᠶ᠎ᠡ ᠶᠢᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠠᠪᠴᠤ ᠬᠡᠷᠡᠭᠯᠡᠬᠦ ᠳᠤ ᠴᠥᠮ ᠮᠡᠳᠡᠭᠡ ᠵᠠᠩᠭᠢ ᠶᠢᠨ ᠲᠣᠪᠴᠢᠯᠠᠯ ᠤᠨ ᠬᠡᠯᠪᠡᠷᠢ ᠪᠠᠷ ᠲᠡᠮᠳᠡᠭᠯᠡᠵᠦ᠂ ᠪᠥᠬᠦ ᠶᠠᠪᠤᠴᠠ ᠶᠢ ᠮᠥᠷᠳᠡᠵᠦ ᠪᠠᠶᠢᠭᠠᠳ ᠬᠢᠨᠠᠨ ᠪᠤᠳᠤᠵᠤ ᠪᠣᠯᠣᠨ᠎ᠠ᠃ ᠶᠠᠮᠠᠷ ᠨᠢᠭᠡᠨ ᠭᠠᠷᠭᠠᠨ ᠠᠪᠬᠤ ᠲᠥᠷᠥᠯ ᠤᠨ ᠲᠤᠬᠠᠶᠢᠯᠠᠭᠰᠠᠨ ᠠᠵᠢᠯ ᠢᠶᠠᠷ ᠵᠢᠱᠢᠶᠡᠯᠡᠪᠡᠯ᠂ ᠥᠭᠡᠷᠡᠴᠢᠯᠡᠭᠰᠡᠨ ᠤ ᠳᠠᠷᠠᠭ᠎ᠠ ᠰᠠᠷ᠎ᠠ ᠳᠤ 467 ᠬᠤᠪᠢ ᠠᠮᠵᠢᠯᠲᠠ ᠲᠠᠢ ᠪᠠᠷ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 109.4% ᠪᠠᠷ ᠳᠡᠭᠡᠭᠰᠢᠯᠡᠵᠡᠢ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠢᠳᠡᠪᠬᠢᠲᠡᠢ ᠰᠦᠪᠡᠭᠴᠢᠯᠡᠨ ᠬᠡᠷᠡᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠪᠠᠷ ᠪᠣᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ