ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠡᠷᠬᠢᠨ ᠬᠠᠷᠠᠬᠤ ᠠᠵᠢᠯ ᠢ ᠲᠣᠬᠢᠷᠠᠭᠤᠯᠤᠨ ᠠᠬᠢᠭᠤᠯᠬᠤ ᠸᠢᠳᠢᠤ᠋ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/30
    9 ᠳ᠋ᠤᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠥᠬᠦ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠡᠷᠬᠢᠨ ᠬᠠᠷᠠᠬᠤ ᠠᠵᠢᠯ ᠢ ᠲᠣᠬᠢᠷᠠᠭᠤᠯᠤᠨ ᠠᠬᠢᠭᠤᠯᠬᠤ ᠸᠢᠳᠢᠤ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠠᠴᠠ ᠬᠥᠬᠡᠬᠤᠲᠠ᠂ ᠪᠤᠭᠤᠲᠤ ᠬᠤᠳᠠ᠂ ᠬᠥᠯᠥᠨ ᠪᠤᠶᠢᠷ ᠬᠤᠳᠠ ᠶᠢᠨ ︽ᠵᠠᠭᠤᠨ ᠡᠳᠦᠷ ᠤᠨ ᠠᠵᠢᠯᠯᠠᠭ᠎ᠠ︾ ᠶᠢᠨ ᠠᠬᠢᠴᠠ ᠶᠢᠨ ᠪᠠᠶᠢᠳᠠᠯ ᠢ ᠡᠷᠬᠢᠨ ᠬᠠᠷᠠᠬᠤ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠠᠬᠢᠭᠤᠯᠬᠤ ᠲᠤᠬᠠᠢ ᠪᠠᠶᠢᠷᠢᠯᠠᠭᠤᠯᠵᠠᠢ᠃ 
自治区自建房安全专项整治工作领导小组办公室组织召开全区自建房安全专项整治“百日行动”回头看调度推进视频会议.jpg 
     ᠬᠤᠷᠠᠯ ᠠᠴᠠ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠰᠢᠨ ᠢ ᠨᠥᠯᠥᠭᠡᠯᠡᠬᠦ ᠲᠣᠪᠣᠶᠢᠮ᠎ᠠ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠦᠷᠢᠯᠡᠬᠦ ᠶᠢ ᠲᠦᠷᠭᠡᠳᠬᠡᠵᠦ᠂ ᠰᠡᠵᠢᠭᠯᠡᠯ ᠲᠠᠢ ᠠᠰᠠᠭᠤᠳᠠᠯ ᠢ ᠲᠦᠷᠭᠡᠨ ᠠᠷᠢᠯᠭᠠᠬᠤ ᠬᠡᠷᠡᠭᠲᠡᠢ᠃ ᠡᠯ᠎ᠡ ᠠᠶᠢᠮᠠᠭ ᠬᠤᠲᠠ ᠨ᠊ ᠶᠢᠨ ᠬᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ︽ᠵᠠᠭᠤᠨ ᠡᠳᠦᠷ ᠤᠨ ᠠᠵᠢᠯᠯᠠᠭ᠎ᠠ︾ ᠶᠢᠨ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ︽ᠡᠷᠬᠢᠨ ᠬᠠᠷᠠᠬᠤ︾ ᠠᠵᠢᠯ ᠤᠨ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ᠂ ᠠᠬᠢᠴᠠ ᠶᠢᠨ ᠲᠣᠬᠢᠷᠠᠭᠤᠯᠤᠯᠲᠠ ᠪᠠ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠵᠡᠷᠭᠡ ᠶᠢ ᠲᠣᠳᠣᠷᠬᠠᠶᠢᠯᠠᠨ ᠨᠠᠷᠢᠯᠢᠭᠵᠢᠭᠤᠯᠵᠤ᠂ ᠲᠤᠰᠬᠠᠢ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠭᠤᠭᠤᠵᠢᠭᠳᠠᠭᠰᠠᠨ ᠢ ᠪᠠᠶᠢᠴᠠᠭᠠᠵᠤ ᠳᠤᠲᠠᠭᠳᠠᠭᠰᠠᠨ ᠢ ᠨᠥᠬᠦᠪᠦᠷᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠬᠢᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠪᠠᠷᠢᠭᠰᠠᠨ ᠭᠡᠷ ᠪᠠᠶᠢᠰᠢᠩ᠂ ᠢᠯᠠᠩᠭᠤᠶ᠎ᠠ ᠣᠯᠠᠨ ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠠᠶᠤᠯ ᠲᠦᠭᠰᠢᠭᠦᠷᠢ ᠤᠴᠠᠷᠠᠭᠤᠯᠬᠤ ᠪᠠᠶᠢᠳᠠᠯ ᠣᠷᠣᠰᠢᠵᠤ ᠪᠠᠶᠢᠭ᠎ᠠ ᠥᠪᠡᠰᠦᠪᠡᠨ ᠪᠠᠷᠢᠭᠰᠠᠨ ᠭᠡᠷ ᠪᠠᠶᠢᠰᠢᠩ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠡᠲᠡᠭᠡᠳ ᠪᠣᠯᠭᠠᠵᠤ᠂ ︽ᠬᠥᠮᠥᠨ ᠨᠢ ᠨᠤᠷᠠᠬᠤ ᠠᠶᠤᠯᠲᠠᠢ ᠭᠡᠷ ᠪᠠᠶᠢᠰᠢᠩ ᠳᠤ ᠣᠷᠣᠬᠤ ᠦᠭᠡᠢ᠂ ᠨᠤᠷᠠᠬᠤ ᠠᠶᠤᠯᠲᠠᠢ ᠭᠡᠷ ᠪᠠᠶᠢᠰᠢᠩ ᠳᠤ ᠬᠥᠮᠥᠨ ᠣᠷᠣᠬᠤ ᠦᠭᠡᠢ︾ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠲᠦᠷᠦᠯ ᠬᠤᠪᠢᠶᠠᠨ ᠴᠡᠭᠴᠡᠯᠡᠨ ᠵᠠᠰᠠᠬᠤ ᠶᠢ ᠲᠦᠷᠭᠡᠳᠬᠡᠬᠦ ᠬᠡᠷᠡᠭᠲᠡᠢ᠃ ︽ᠨᠢᠭᠡ ᠭᠡᠷ ᠪᠠᠶᠢᠰᠢᠩ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠴᠡᠭᠴᠡᠯᠡᠨ ᠵᠠᠰᠠᠬᠤ ᠲᠥᠰᠥᠯ ᠢ ᠲᠣᠭᠲᠠᠭᠠᠵᠤ᠂ ︽ᠤᠷᠢᠳ ᠢᠶᠠᠷ ᠪᠠᠴᠢᠮ ᠲᠠᠷᠠᠭ᠎ᠠ ᠨᠢ ᠠᠯᠭᠤᠷᠯᠠᠬᠤ᠂ ᠤᠷᠢᠳ ᠢᠶᠠᠷ ᠶᠡᠭᠡ ᠲᠠᠷᠠᠭ᠎ᠠ ᠨᠢ ᠪᠠᠭ᠎ᠠ᠂ ᠲᠦᠷᠦᠯ ᠬᠤᠪᠢᠶᠠᠨ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠨ᠂ ᠬᠢᠨᠠᠨ ᠬᠠᠷᠭᠤᠭᠤᠯᠵᠤ ᠰᠢᠢᠳᠪᠦᠷᠢᠯᠡᠬᠦ ᠶᠢ ᠴᠢᠩᠳᠠᠯᠠᠵᠤ᠂ ᠤᠯᠠᠨ ᠠᠷᠭ᠎ᠠ ᠵᠠᠮ ᠢᠶᠠᠷ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠮᠤᠷ ᠲᠦᠪᠰᠢᠨ ᠤ ᠡ᠊ᠨᠳᠡᠯ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ ᠭᠡᠵᠦ ᠴᠢᠬᠤᠯᠠᠴᠢᠯᠠᠪᠠ᠃    ᠬᠤᠷᠠᠯ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ