ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠠᠰ ᠳᠡᠪᠰᠢᠬᠦ ᠶᠢ ᠳᠥᠯᠭᠢᠨ ᠠᠬᠢᠭᠤᠯᠤᠶ᠎ᠠ 【 ᠲᠡᠷᠢᠭᠦᠨ ᠤ ᠨᠢᠭᠡᠴᠡ ︵ᠲᠠᠪᠤ︶ 】
ᠨᠡᠶᠢᠲᠡᠯᠡᠭᠰᠡᠨ ᠴᠠᠭ᠄
2023/1/11
    — ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠠᠰᠤ ᠴᠢᠨᠠᠷᠲᠤ ᠳ᠋ᠦᠩᠱᠧᠩ ᠤᠨ ᠪᠥᠲᠥᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠤᠲᠠ ᠶᠢᠨ ᠬᠠᠮᠢᠶᠠᠷᠤᠯᠲᠠ ᠪᠠᠷ ᠬᠠᠷᠠᠯᠲᠠ ᠪᠣᠯᠭᠠᠨ᠂ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠬᠤᠲᠠ ᠶᠢᠨ ᠨᠠᠷᠢᠯᠢᠬᠵᠢᠭᠤᠯᠤᠭᠰᠠᠨ᠂ ᠬᠠᠤᠯᠢᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠲᠠᠰ ᠳᠡᠪᠰᠢᠬᠦ ᠶᠢ ᠳᠥᠯᠭᠢᠨ ᠠᠬᠢᠭᠤᠯᠪᠠ᠃ ᠤᠷᠢᠳ ᠬᠤᠵᠢᠳ ᠤᠷᠳᠤᠰ ᠬᠤᠳᠠ ᠶᠢᠨ ᠲᠠᠪᠤᠳᠤᠭᠠᠷ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠳᠠ ᠶᠢᠨ ᠠᠵᠢᠯ ᠤᠨ ᠲᠡᠷᠢᠭᠦᠨ ᠤ ᠬᠠᠮᠲᠤ᠂ 2018 ᠣᠨ ᠠᠴᠠ 2021 ᠣᠨ ᠪᠣᠯᠲᠠᠯᠠᠬᠢ ︽ᠲᠠᠪᠤ ᠶᠢ ᠨᠢᠭᠡ ᠴᠤᠬᠴᠠᠵᠢᠭᠤᠯᠬᠤ︾ ᠪᠣᠳᠠᠲᠤ ᠠᠮᠵᠢᠯᠲᠠ ᠪᠠᠷ ᠲᠤᠪᠤᠶᠢᠮ᠎ᠠ ᠨᠢᠭᠡᠴᠡ᠂ 2022 ᠣᠨ ᠤ ᠥᠪᠡᠷᠲᠡᠭᠡᠨ ᠵᠠᠰᠠᠬᠤ ᠣᠷᠣᠨ ᠤ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠡᠷᠢᠭᠦᠨ ᠤ ᠨᠢᠭᠡᠴᠡ ᠵᠡᠷᠭᠡ ᠢᠷᠠᠭᠤ ᠠᠯᠳᠠᠷ ᠢᠶᠠᠷ ᠦᠨᠡᠯᠡᠭᠳᠡᠪᠡ᠃     ᠨᠢᠭᠡ ᠳᠤ ︽ᠦᠢᠯᠡᠴᠢᠯᠡᠭᠡᠨ ᠤ ᠬᠡᠯᠪᠡᠷᠢ︾ ᠪᠦᠬᠦᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ︽ᠬᠠᠤᠯᠢ ᠬᠡᠷᠡᠭᠵᠢᠭᠦᠯᠬᠦ ᠬᠤᠪᠢᠶᠠᠷᠢ ᠠᠩᠭᠢ ᠨᠢ ᠬᠡᠷᠡᠭ ᠡᠷᠬᠢᠯᠡᠬᠦ ᠭᠠᠵᠠᠷ ᠲᠤ᠂ ᠬᠠᠤᠯᠢ ᠬᠡᠷᠡᠭᠵᠢᠭᠦᠯᠬᠦ ᠳᠤᠮᠳᠠ ᠠᠩᠭᠢ ᠨᠢ ᠨᠡᠶᠢᠭᠡᠮ ᠲᠣᠭᠤᠷᠢᠭ ᠲᠤ᠂ ᠬᠠᠤᠯᠢ ᠬᠡᠷᠡᠭᠵᠢᠭᠦᠯᠬᠦ ᠭᠡᠰᠢᠭᠦᠳ ᠨᠢ ᠬᠡᠰᠡᠭ ᠲᠣᠭᠤᠷᠢᠭ ᠲᠤ ᠵᠣᠬᠢᠴᠠᠯᠳᠤᠬᠤ︾ ᠬᠠᠮᠢᠶᠠᠷᠤᠯᠲᠠ ᠶᠢᠨ ᠵᠠᠭᠪᠤᠷ ᠶᠣᠰᠣᠭᠠᠷ᠂ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃     ᠬᠤᠶᠠᠷ ᠲᠤ ᠠᠵᠢᠯ ᠲᠥᠷᠥᠯ ᠤᠨ ᠣᠨᠴᠠᠯᠢᠭ ᠢ ᠳᠣᠪᠤᠶᠢᠯᠭᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠬᠡᠮᠵᠢᠨ ᠲᠣᠭᠲᠠᠭᠠᠬᠤ ᠰᠢᠰᠲ᠋ᠧᠮᠵᠢ ᠪᠠᠷ ᠪᠠᠷᠢᠮᠵᠢᠶ᠎ᠠ ᠪᠣᠯᠭᠠᠨ᠂ ︽ᠪᠤᠵᠠᠷ ᠪᠤᠷᠲᠠᠭ ᠢ ᠵᠠᠰᠠᠬᠤ᠂ ᠡᠷᠦᠶ ᠬᠤᠷᠤᠶ ᠦᠭᠡᠶ ᠶᠢ ᠵᠠᠰᠠᠬᠤ᠂ ᠪᠠᠷᠤᠭᠲᠠᠶ ᠶᠢ ᠵᠠᠰᠠᠬᠤ︾ ᠪᠠᠷ ᠭᠤᠣᠯᠳᠠᠯᠭ᠎ᠠ ᠪᠣᠯᠭᠠᠨ ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠲᠣᠣᠷᠵᠢᠭᠤᠯᠤᠨ ᠬᠠᠮᠢᠶᠠᠷᠬᠤ᠂ ᠨᠡᠭᠦᠳᠡᠯ ᠬᠤᠳᠠᠯᠳᠤᠭᠠᠴᠢᠨ ᠢ ᠣᠷᠣᠨ ᠬᠤᠪᠢᠶᠠᠨ ᠬᠠᠮᠢᠶᠠᠷᠬᠤ᠂ ᠲᠣᠭᠲᠠᠩᠭᠤᠶ ᠪᠠᠶᠢᠳᠠᠯ ᠲᠠᠢ ᠲᠡᠷᠭᠡ ᠬᠥᠰᠬᠡ ᠶᠢ ᠳᠡᠰ ᠬᠤᠪᠢᠶᠠᠨ ᠬᠠᠮᠢᠶᠠᠷᠬᠤ᠂ ᠪᠠᠷᠢᠯᠭ᠎ᠠ ᠶᠢᠨ ᠭᠠᠵᠠᠷ ᠤᠨ ᠳᠠᠩᠰᠠ ᠡᠪᠬᠡᠮᠡᠯ ᠪᠠᠶᠢᠭᠤᠯᠬᠤ ᠮᠠᠶ᠋ᠢᠭ ᠤᠨ ᠬᠠᠮᠢᠶᠠᠷᠤᠯᠲᠠ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠥᠨᠳᠥᠷ ᠳᠠᠷᠤᠯᠲᠠᠲᠤ ᠮᠠᠶ᠋ᠢᠭ ᠤᠨ ᠬᠠᠮᠢᠶᠠᠷᠤᠯᠲᠠ᠂ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠢ ᠮᠥᠷᠳᠡᠬᠦ ᠮᠠᠶ᠋ᠢᠭ ᠤᠨ ᠬᠠᠮᠢᠶᠠᠷᠤᠯᠲᠠ ᠵᠡᠷᠭᠡ ᠵᠠᠭᠪᠤᠷ ᠢ ᠪᠦᠬᠦ ᠲᠠᠯ᠎ᠠ ᠪᠠᠷ ᠶᠠᠪᠤᠭᠤᠯᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠪᠣᠯᠪᠠᠰᠤᠨ ᠳᠤ ᠥᠩᠭᠡ ᠨᠡᠮᠡᠷᠢᠯᠡᠪᠡ᠃     ᠭᠤᠷᠪᠠ ᠳᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢ ᠠᠬᠢᠭᠤᠯᠪᠠ᠃ ᠬᠠᠤᠯᠢ ᠬᠡᠷᠡᠭᠵᠢᠭᠦᠯᠬᠦ ᠶᠠᠪᠤᠴᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠦᠬᠦ ᠲᠠᠯ᠎ᠠ ᠪᠠᠷ ᠶᠠᠪᠤᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ᠂ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠴᠢᠩᠭ᠎ᠠ ᠠᠳᠬᠤᠵᠤ᠂ ᠬᠢᠨᠠᠮᠠᠭᠠᠶ ᠬᠢᠨᠠᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ ᠡᠭᠦᠷᠭᠡᠯᠡᠭᠴᠢ ᠶᠢ ︽ᠠᠯᠳᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠤᠨ ᠶᠣᠰᠣᠭᠠᠷ ᠨᠡᠬᠡᠮᠵᠢᠯᠡᠬᠦ ᠬᠡᠷᠡᠭᠲᠡᠶ᠃ ᠬᠠᠤᠯᠢ ᠬᠡᠷᠡᠭᠵᠢᠭᠦᠯᠬᠦ ᠠᠵᠢᠯᠲᠠᠨ ᠤ ᠡᠷᠬᠡ ᠲᠡᠭᠰᠢ᠂ ᠲᠥᠪ ᠭᠤᠤᠯᠴᠢ᠂ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ