ᠲᠦᠩᠯᠢᠶᠣᠤ ᠬᠤᠳᠠ ᠶᠢᠨ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠴᠢᠩᠭᠠᠳᠬᠠᠵᠤ ᠰᠢᠲᠠᠮᠠᠬᠠᠢ ᠬᠡᠢ ᠶᠢᠨ ᠠᠮᠤᠷ ᠲᠦᠪᠰᠢᠨ ᠲᠣᠭᠲᠠᠭᠤᠨ ᠢᠶᠠᠷ ᠬᠠᠩᠭᠠᠬᠤ ᠶᠢ ᠡᠷᠡᠰ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/1/30
    ᠲᠦᠩᠯᠢᠶᠣᠤ ᠬᠤᠲᠠ ᠶᠢᠨ ᠰᠢᠲᠠᠮᠠᠬᠠᠶ ᠬᠡᠶ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ᠂ ᠲᠣᠭᠲᠠᠭᠤᠨ ᠬᠠᠩᠭᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠢᠯᠡᠳᠪᠦᠷᠢᠯᠡᠯ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢ ᠠᠮᠤᠷ ᠲᠦᠪᠰᠢᠨ ᠲᠣᠭᠲᠠᠭᠤᠨ ᠢᠶᠠᠷ ᠬᠡᠷᠡᠭᠯᠡᠬᠦ ᠶᠢ ᠡᠷᠡᠰ ᠪᠠᠲᠤᠯᠠᠵᠤ ᠪᠠᠶᠢᠨ᠎ᠠ ᠃ 
【盟市动态】全力加强通辽市燃气安全生产供应保障工作 坚决保证燃气安全平稳供应1.jpg 
    ᠨᠢᠭᠡ ᠳᠤ ᠲᠦᠩᠯᠢᠶᠣᠤ ᠬᠤᠲᠠ ᠶᠢᠨ ᠶᠡᠭᠡ ᠵᠢᠭᠰᠠᠭᠠᠨ ᠪᠠᠶᠢᠴᠠᠭᠠᠯᠲᠠ ᠴᠡᠭᠴᠡᠯᠡᠨ ᠵᠠᠰᠠᠯᠲᠠ ᠶᠢᠨ ᠠᠵᠢᠯ ᠢ ᠦᠷᠨᠢᠭᠦᠯᠪᠡ ᠃ 4ᠰᠢᠪᠠᠳᠠᠨ ᠪᠠᠶᠢᠴᠠᠭᠠᠬᠤ ᠠᠵᠢᠯ ᠤᠨ ᠳᠤᠭᠤᠶᠢᠯᠠᠩ ᠢ ᠪᠠᠶᠢᠭᠤᠯᠵᠤ᠂ ᠪᠥᠬᠦ ᠬᠤᠲᠠ ᠶᠢᠨ 9 ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠰᠢᠪᠠᠳᠠᠨ ᠪᠠᠶᠢᠴᠠᠭᠠᠬᠤ ᠠᠵᠢᠯ ᠢ ᠥᠷᠨᠢᠭᠦᠯᠵᠦ᠂ ᠢᠯᠡᠷᠡᠭᠦᠯᠦᠭᠰᠡᠨ ᠳᠠᠯᠳᠠ ᠬᠡᠮ ᠤᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠲᠤᠬᠠᠶ ᠶᠢᠨ ᠭᠠᠵᠠᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠪᠣᠯᠬᠤ ᠳᠠᠯᠳᠠ ᠬᠡᠮ ᠤᠨ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ ᠥᠬᠡᠶ ᠠᠰᠠᠭᠤᠳᠠᠯ ᠢ ᠲᠡᠮᠳᠡᠭᠯᠡᠨ ᠲᠣᠭᠤᠷᠢᠨ ᠪᠠᠶᠢᠴᠠᠭᠠᠬᠤ ᠶᠢ ᠴᠢᠩᠭᠠᠳᠬᠠᠨ᠂ ᠲᠦᠩᠯᠢᠶᠣᠤ ᠬᠤᠲᠠ ᠶᠢᠨ ᠰᠢᠲᠠᠮᠠᠬᠠᠶ ᠬᠡᠶ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠢ ᠡᠷᠡᠰ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
【盟市动态】全力加强通辽市燃气安全生产供应保障工作 坚决保证燃气安全平稳供应2.jpg 
    ᠬᠤᠶᠠᠷ ᠲᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠪᠡ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠢᠲᠠᠮᠠᠬᠠᠶ ᠬᠡᠶ ᠶᠢᠨ ᠠᠵᠤ ᠠᠬᠤᠶᠢᠯᠠᠯ ᠤᠳ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠵᠢᠯ ᠤᠨ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ 24 ᠴᠠᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠬᠠᠯᠠᠭᠤᠨ ᠤᠲᠠᠰᠤ ᠶᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠲᠡᠷᠭᠡ ᠬᠥᠰᠬᠡ ᠳᠣᠭᠢᠷᠠᠭᠤᠯᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠲᠣᠨᠤᠭ ᠲᠥᠬᠦᠭᠡᠷᠦᠮᠵᠢ ᠶᠢ ᠪᠡᠯᠡᠳᠬᠡᠬᠦ᠂ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ ᠬᠡᠷᠡᠭ ᠤᠨ ᠰᠤᠷᠢᠯᠳᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
【盟市动态】全力加强通辽市燃气安全生产供应保障工作 坚决保证燃气安全平稳供应3.jpg 
    ᠭᠤᠷᠪᠠ ᠳᠤ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠭᠦᠢᠴᠡᠳ ᠪᠠᠶᠢᠬᠤ ᠶᠢ ᠪᠠᠲᠤᠯᠠᠪᠠ ᠃ ᠡᠯ᠎ᠡ ᠭᠠᠵᠠᠷ ᠤᠨ ᠬᠤᠭᠤᠯᠠᠶ ᠰᠤᠪᠠᠭ ᠢᠶᠠᠷ ᠳᠠᠮᠵᠢᠭᠤᠯᠬᠤ ᠰᠢᠲᠠᠮᠠᠬᠠᠶ ᠬᠡᠶ ᠶᠢᠨ ᠠᠵᠤ ᠠᠬᠤᠶᠢᠯᠠᠯ ᠤᠳ ᠬᠠᠳᠠᠭᠠᠯᠠᠬᠤ ᠰᠠᠪᠠ ᠶᠢᠨ ᠰᠢᠩᠭᠡᠨ ᠤ ᠲᠦᠪᠰᠢᠨ ᠢ 80% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠶᠢᠨ ᠬᠠᠮᠲᠤ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠲᠦᠷᠢᠶᠡᠰᠦᠯᠡᠬᠦ ᠭᠡᠷ᠎ᠡ ᠲᠣᠭᠲᠠᠭᠰᠠᠨ ᠪᠠᠶᠢᠳᠠᠯ ᠢ ᠥᠪᠡᠰᠦᠪᠡᠨ ᠪᠠᠶᠢᠴᠠᠭᠠᠵᠤ ᠂ ᠰᠢᠲᠠᠮᠠᠬᠠᠶ ᠬᠡᠶ ᠬᠠᠳᠠᠭᠠᠯᠠᠬᠤ ᠪᠡᠯᠡᠳᠬᠡᠮᠵᠢ ᠶᠢᠨ ᠲᠦᠷᠢᠶᠡᠰᠦᠯᠡᠭᠦᠯᠦᠭᠴᠢ ᠲᠠᠢ ᠰᠢᠲᠠᠮᠠᠬᠠᠶ ᠬᠡᠶ ᠶᠢᠨ ᠬᠠᠳᠠᠭᠠᠯᠠᠮᠵᠢ ᠶᠢᠨ ᠬᠡᠮᠵᠢᠶ᠎ᠡ  ᠶᠢᠨ ᠬᠠᠨᠤᠮᠵᠢ ᠶᠢᠨ ᠪᠠᠶᠢᠳᠠᠯ   ᠢ ᠲᠣᠭᠲᠠᠭᠠᠬᠤ᠎ ᠶᠢ ᠵᠣᠯᠭᠠᠭᠤᠯᠤᠨ᠂ ᠣᠯᠠᠨ ᠲᠠᠯ᠎ᠠ ᠠᠴᠠ ᠬᠠᠩᠭᠠᠯᠭ᠎ᠠ ᠶᠢᠨ ᠠᠵᠢᠯ ᠤᠨ ᠪᠡᠯᠡᠳᠬᠡᠯ ᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ 
【盟市动态】全力加强通辽市燃气安全生产供应保障工作 坚决保证燃气安全平稳供应4.jpg 
  
ᠢᠷᠡᠯᠲᠡ᠄ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ