﹇ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠥᠪᠯᠡᠯᠭᠡ ᠥᠭᠬᠦ ᠦᠢᠯᠡᠴᠢᠯᠡᠭᠡ﹈ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠤᠶᠢᠰᠢᠯᠠᠭᠤᠯᠤᠨ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ︱ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ︵2023 ᠣᠨ ᠤ ᠠᠷᠪᠠᠨ ᠵᠢᠷᠭᠤᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/11/17
    ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠤᠶᠢᠰᠢᠯᠠᠭᠤᠯᠤᠨ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ     ᠪᠠᠶᠢᠩᠭᠤ ᠲᠣᠬᠢᠶᠠᠯᠳᠤᠬᠤ ᠠᠰᠠᠭᠤᠳᠠᠯ ︵ᠨᠢᠭᠡ︶     ᠶᠠᠮᠠᠷ ᠶᠠᠮᠠᠷ ᠬᠢᠷᠢ ᠬᠡᠮ ᠢ ᠦᠷᠭᠦᠯᠵᠢᠯᠡᠭᠦᠯᠬᠦ ᠴᠢᠬᠤᠯᠠᠲᠠᠢ ᠪᠣᠶ︖ ᠶᠠᠭᠠᠬᠢᠵᠤ ᠭᠦᠢᠴᠡᠳᠭᠡᠬᠦ ᠪᠤᠢ︖ ᠬᠠᠷᠢᠭᠤᠯᠲᠠ᠄     1. ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠣᠯᠭᠤᠭᠰᠠᠨ ᠪᠠᠷᠢᠯᠭ᠎ᠠ ᠶᠢᠨ ᠬᠠᠶᠢᠨ ᠪᠠᠶᠢᠴᠠᠭᠠᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠦᠭᠦᠷᠪᠡᠯ ᠲᠣᠰ ᠡᠳᠦᠷ ᠠᠴᠠ ᠡᠬᠢᠯᠡᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠳᠤᠳᠬᠠᠬᠤ ᠪᠠᠷ ᠭᠤᠶᠤᠴᠢᠯᠠᠵᠦ ᠪᠤᠯᠤᠨ᠎ᠠ᠃ ᠬᠢᠷᠢ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠰᠡᠭᠦᠯᠡᠷ ᠳᠦᠭᠦᠷᠪᠡᠯ᠂ ᠬᠤᠯᠪᠣᠭᠳᠠᠯ ᠪᠦᠬᠦᠢ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠦᠨ ᠳᠤ ᠬᠢᠷᠢ ᠭᠡᠮ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢ ᠤᠷᠳᠤᠳᠬᠠᠬᠤ ᠪᠠᠷ ᠭᠤᠶᠤᠴᠢᠯᠠᠵᠦ ᠪᠤᠯᠤᠨ᠎ᠠ᠃ ᠪᠣᠳᠠᠲᠠᠢ ᠭᠦᠢᠴᠡᠳᠬᠡᠬᠦ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ 2023 ᠣᠨ ᠤ 10 ᠳ᠋ᠤᠭᠠᠷ ᠰᠠᠷ᠎ᠠ ᠶᠢᠨ 30 ᠤ ᠡᠳᠦᠷ ᠨᠡᠶᠢᠲᠡᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠶᠢᠩᠭᠤ ᠲᠣᠬᠢᠶᠠᠯᠳᠤᠬᠤ ᠠᠰᠠᠭᠤᠳᠠᠯ ᠤᠨ ᠬᠠᠷᠢᠭᠤᠯᠲᠠ ︵2023 ᠣᠨ ᠤ ᠠᠷᠪᠠᠨ ᠲᠠᠪᠤᠳᠤᠭᠠᠷ ᠬᠤᠭᠤᠴᠠᠭ᠎ᠠ︶ ᠪᠠᠷ ᠯᠠᠪᠯᠠᠯᠲᠠ ᠪᠣᠯᠭᠠᠨ᠎ᠠ᠃     2. ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠢᠨᠠᠨ ᠣᠯᠭᠤᠭᠰᠠᠨ ᠪᠠᠷᠢᠯᠭ᠎ᠠ ᠶᠢᠨ ᠬᠠᠶᠢᠨ ᠪᠠᠶᠢᠴᠠᠭᠠᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ᠄ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠦᠭᠦᠷᠪᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠬᠢᠷᠢ ᠭᠡᠮ ᠤᠨ ᠦᠨᠠᠮᠯᠠᠯ ᠤᠨ ᠬᠦᠴᠦᠨ ᠲᠠᠢ ᠬᠤᠭᠤᠴᠠᠭ᠎ᠠ ᠶᠢ ᠤᠷᠳᠤᠳᠬᠠᠬᠤ ᠪᠠᠷ ᠭᠤᠶᠤᠴᠢᠯᠠᠵᠦ ᠪᠤᠯᠤᠨ᠎ᠠ᠃ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠰᠡᠭᠦᠯᠡᠷ ᠳᠦᠭᠦᠷᠪᠡᠯ᠂ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 3 ᠰᠠᠷ᠎ᠠ ᠶᠢᠨ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠬᠢᠷᠢ ᠭᠡᠮ ᠤᠨ ᠦᠨᠠᠮᠯᠠᠯ ᠤᠨ ᠬᠦᠴᠦᠨ ᠲᠠᠢ ᠬᠤᠭᠤᠴᠠᠭ᠎ᠠ ᠶᠢ ᠤᠷᠳᠤᠳᠬᠠᠬᠤ ᠪᠠᠷ ᠭᠤᠶᠤᠴᠢᠯᠠᠵᠦ ᠪᠤᠯᠤᠨ᠎ᠠ᠃ ᠠᠵᠤ ᠠᠬᠤᠶᠢᠯᠠᠯ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠰᠢᠭᠤᠳ ᠨᠡᠪᠲᠡᠷᠡᠬᠦ ᠰᠠᠯᠠᠭ᠎ᠠ ᠮᠥᠴᠢᠷ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︾ ᠤᠨ ᠭᠦᠢᠴᠡᠳᠬᠡᠬᠦ ᠴᠢᠬᠤᠯᠠᠲᠠᠢ ᠵᠦᠢᠯᠡᠰ ᠢ ᠰᠣᠩᠭᠤᠵᠤ᠂ ᠬᠡᠷᠡᠭ ᠭᠦᠢᠴᠡᠳᠬᠡᠬᠦ ᠵᠦᠭᠯᠡᠭᠦᠷ ᠢ ᠪᠠᠶᠢᠴᠠᠭᠠᠨ ᠦᠵᠡᠭᠰᠡᠨ ᠤ ᠳᠠᠷᠠᠭ᠎ᠠ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠣᠪᠴᠢᠳᠠᠪᠠᠯ ᠪᠣᠯᠴᠢᠬᠠᠨ᠎ᠠ᠃    3. ᠡᠯ᠎ᠡ ᠠᠶᠢᠮᠠᠭ ᠬᠤᠲᠠ ᠶᠢᠨ ᠬᠢᠨᠠᠨ ᠣᠯᠭᠤᠭᠰᠠᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠭᠡᠮ ︵ᠦᠨᠡᠮᠯᠡᠯ ᠤᠨ ᠳ᠋ᠤᠭᠠᠷᠯᠠᠯ D3 ᠡᠬᠢᠯᠡᠯᠲᠡ ᠲᠠᠢ︶᠂ ᠬᠠᠭᠤᠴᠢᠨ ᠬᠡᠪᠯᠡᠯ ᠤᠨ ᠬᠥᠳᠡᠯᠮᠦᠷᠢ ᠦᠢᠯᠡᠴᠢᠯᠡᠭᠡᠨ ᠤ ᠬᠤᠪᠢᠶᠠᠨ ᠳᠠᠭᠠᠭᠠᠴᠢᠯᠠᠬᠤ ︵ᠴᠠᠬᠤᠯᠠᠭᠤᠷ ᠤᠨ ᠠᠵᠢᠯ ᠤᠨ ᠬᠤᠪᠢᠶᠠᠨ ᠳᠠᠭᠠᠭᠠᠴᠢᠯᠠᠬᠤ ᠪᠠ ᠬᠡᠪ ᠬᠠᠪᠲᠠᠰᠤ ᠶᠢᠨ ᠠᠵᠢᠯ ᠤᠨ ᠬᠤᠪᠢᠶᠠᠨ ᠳᠠᠭᠠᠭᠠᠴᠢᠯᠠᠬᠤ ᠠᠴᠠ ᠪᠤᠰᠤᠳ︶ ᠵᠢᠴᠢ ᠬᠥᠳᠡᠯᠮᠦᠷᠢ ᠦᠢᠯᠡᠴᠢᠯᠡᠭᠡᠨ ᠤ ᠳᠠᠩᠰᠠᠯᠠᠭᠰᠠᠨ ᠦᠨᠡᠮᠯᠡᠯ ᠢ ᠦᠷᠭᠦᠯᠵᠢᠯᠡᠭᠦᠯᠬᠦ ᠠᠷᠭ᠎ᠠ ᠶᠢ ᠬᠠᠷᠠᠬᠠᠨ ᠲᠣᠳᠣᠷᠬᠠᠶᠢᠯᠠᠭᠠᠳᠤᠢ ᠪᠠᠶᠢᠪᠠᠯ᠂ ᠦᠷᠭᠦᠯᠵᠢᠯᠡᠭᠦᠯᠬᠦ ᠭᠤᠶᠤᠴᠢᠯᠠᠯ ᠢᠶᠠᠨ ᠲᠦᠷ ᠲᠤᠰᠢᠶᠠᠬᠤ ᠴᠢᠬᠤᠯᠠ ᠦᠭᠡᠢ᠃ 4. ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠢ ᠬᠢᠨᠠᠨ ᠲᠠᠷᠬᠠᠭᠠᠵᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠴᠢᠳᠠᠮᠵᠢ᠂ ᠵᠢᠱᠢᠶᠡᠯᠡᠪᠡᠯ ᠴᠢᠮᠡᠭᠡ ᠬᠤᠯᠪᠣᠭᠠᠨ ᠤ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠪᠠ ᠲᠡᠮᠦᠷ ᠵᠠᠮ ᠤᠨ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ ᠶᠢᠨ ᠭᠤᠷᠪᠠᠳᠤᠭᠠᠷ ᠳᠡᠰ ᠢ ᠲᠦᠷ ᠦᠷᠭᠦᠯᠵᠢᠯᠡᠭᠦᠯᠬᠦ ᠴᠢᠬᠤᠯᠠ ᠦᠭᠡᠢ᠃      ᠪᠠᠶᠢᠩᠭᠤ ᠲᠣᠬᠢᠶᠠᠯᠳᠤᠬᠤ ᠠᠰᠠᠭᠤᠳᠠᠯ ︵ᠬᠤᠶᠠᠷ︶    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠢᠨᠠᠨ ᠣᠯᠭᠤᠭᠰᠠᠨ ᠬᠢᠷᠢ ᠬᠡᠮ ᠢ ᠦᠷᠭᠦᠯᠵᠢᠯᠡᠭᠦᠯᠬᠦ ᠳᠤ ᠶᠠᠮᠠᠷ ᠶᠠᠮᠠᠷ ᠠᠭᠤᠯᠭ᠎ᠠ ᠶᠢ ᠦᠨᠡᠯᠡᠯᠳᠡ ᠬᠢᠬᠦ ᠴᠢᠬᠤᠯᠠᠳᠠᠢ ᠪᠤᠢ︖ᠬᠠᠷᠢᠭᠤᠯᠲᠠ᠄     1. ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ᠄ ᠠᠵᠤ ᠠᠬᠤᠶᠢᠯᠠᠯ ᠤᠳ ᠬᠢᠷᠢ ᠬᠡᠮ ᠤᠨ ᠪᠠᠷᠢᠮᠵᠢᠶ᠎ᠠ ᠶᠢᠨ ᠬᠠᠷᠠᠭᠠᠯᠵᠠᠭᠰᠠᠨ ᠲᠠᠰ ᠤᠨ ᠱᠠᠭᠠᠷᠳᠠᠯᠭ᠎ᠠ ᠶᠣᠰᠣᠭᠠᠷ ᠴᠡᠪᠡᠷ ᠡᠳ᠋ ᠬᠥᠷᠥᠩᠭᠡ᠂ ᠭᠤᠣᠯ ᠪᠣᠯᠬᠤ ᠬᠥᠮᠥᠰ᠂ ᠪᠠᠷᠢᠯᠭ᠎ᠠ ᠶᠢᠨ ᠠᠵᠢᠯ ᠤᠨ ᠠᠮᠵᠢᠯᠲᠠ ᠪᠦᠲᠦᠮᠵᠢ᠂ ᠮᠡᠷᠭᠡᠵᠢᠯ ᠤᠨ ᠲᠣᠨᠤᠭ ᠲᠥᠬᠦᠭᠡᠷᠦᠮᠵᠢ ᠵᠡᠷᠭᠡ ᠳᠤ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ ᠠᠮᠠᠯᠠᠯᠲᠠ ᠬᠢᠬᠦ ᠬᠡᠷᠡᠭᠲᠡᠢ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠮᠥᠰ ᠲᠤ ᠬᠢᠨᠠᠨ ᠪᠠᠶᠢᠴᠠᠭᠠᠯᠲᠠ ᠬᠢᠨ᠎ᠡ ︵ᠲᠤᠰᠬᠠᠢ ᠮᠡᠷᠭᠡᠵᠢᠯ ᠤᠨ ᠳᠠᠭᠠᠭᠠᠴᠢᠯᠠᠯᠲᠠ ᠶᠢᠨ ᠨᠢᠭᠡᠳᠦᠭᠡᠷ ᠳᠡᠰ ᠨᠢ ᠬᠠᠷᠠᠭᠠᠯᠵᠠᠭᠰᠠᠨ ᠲᠠᠰ ᠤᠨ ᠬᠢᠷᠢ ᠬᠡᠮ ᠤᠨ ᠪᠠᠷᠢᠮᠵᠢᠶ᠎ᠠ ᠪᠠᠷ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠮᠥᠰ ᠲᠤ ᠬᠢᠨᠠᠨ ᠪᠠᠶᠢᠴᠠᠭᠠᠯᠲᠠ ᠬᠢᠨ᠎ᠡ᠃ ᠪᠠᠷᠢᠯᠭ᠎ᠠ ᠶᠢᠨ ᠠᠵᠢᠯ ᠤᠨ ᠶᠡᠷᠦᠩᠬᠡᠢ ᠳᠠᠭᠠᠭᠠᠴᠢᠯᠠᠯᠲᠠ᠂ ᠲᠤᠰᠬᠠᠢ ᠮᠡᠷᠭᠡᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠬᠡᠮ ᠢ ᠬᠠᠷᠠᠭᠠᠯᠵᠠᠭᠰᠠᠨ ᠬᠠᠮᠤᠭ ᠤᠨ ᠳᠣᠣᠷ᠎ᠠ ᠲᠠᠰ ᠤᠨ ᠬᠢᠷᠢ ᠬᠡᠮ ᠤᠨ ᠪᠠᠷᠢᠮᠵᠢᠶ᠎ᠠ ᠪᠠᠷ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠮᠥᠰ ᠲᠤ ᠬᠢᠨᠠᠨ ᠪᠠᠶᠢᠴᠠᠭᠠᠯᠲᠠ ᠬᠢᠵᠦ᠂ ᠳᠠᠩᠰᠠᠯᠠᠭᠤᠯᠤᠭᠰᠠᠨ ᠬᠥᠮᠥᠰ ᠤᠨ ᠲᠤᠰᠬᠠᠢ ᠮᠡᠷᠭᠡᠵᠢᠯ ᠤᠨ ᠬᠢᠷᠢ ᠬᠡᠮ ᠢ ᠱᠠᠭᠠᠷᠳᠠᠬᠤ ᠦᠭᠡᠢ᠂ ᠬᠠᠮᠤᠭ ᠤᠨ ᠳᠣᠣᠷ᠎ᠠ ᠲᠠᠰ ᠤᠨ ᠬᠢᠷᠢ ᠬᠡᠮ ᠤᠨ ᠪᠠᠷᠢᠮᠵᠢᠶ᠎ᠠ ᠪᠠᠷ ᠮᠡᠷᠭᠡᠵᠢᠯ ᠤᠨ ᠴᠣᠯᠠ ᠲᠠᠢ ᠬᠥᠮᠥᠰ ᠲᠤ ᠦᠨᠡᠯᠡᠯᠳᠡ ᠬᠢᠨ᠎ᠡ᠃︶    2. ᠪᠠᠷᠢᠯᠭ᠎ᠠ ᠶᠢᠨ ᠬᠠᠶᠢᠨ ᠪᠠᠶᠢᠴᠠᠭᠠᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠷᠢ ᠬᠡᠮ ᠢ ᠦᠷᠭᠦᠯᠵᠢᠯᠡᠭᠦᠯᠬᠦ᠄ ᠠᠵᠤ ᠠᠬᠤᠶᠢᠯᠠᠯ ᠤᠳ ᠬᠢᠷᠢ ᠬᠡᠮ ᠤᠨ ᠪᠠᠷᠢᠮᠵᠢᠶ᠎ᠠ ᠶᠢᠨ ᠬᠠᠷᠠᠭᠠᠯᠵᠠᠭᠰᠠᠨ ᠲᠠᠰ ᠤᠨ ᠱᠠᠭᠠᠷᠳᠠᠯᠭ᠎ᠠ ᠶᠣᠰᠣᠭᠠᠷ ᠬᠢᠷᠢ ᠬᠡᠮ ᠪᠠ ᠢᠲᠡᠭᠡᠯ ᠬᠦᠨᠳᠦ᠂ ᠮᠡᠷᠭᠡᠵᠢᠯ ᠤᠨ ᠨᠥᠬᠦᠴᠡᠯ᠂ ᠮᠡᠷᠭᠡᠵᠢᠯ ᠤᠨ ᠲᠣᠨᠤᠭ ᠲᠥᠬᠦᠭᠡᠷᠦᠮᠵᠢ ᠵᠢᠴᠢ ᠬᠠᠮᠢᠶᠠᠷᠤᠯᠲᠠ ᠶᠢᠨ ᠬᠢᠷᠢ ᠬᠡᠮᠵᠢᠶ᠎ᠡ ᠵᠡᠷᠭᠡ ᠳᠤ ᠥᠪᠡᠷ ᠤᠨ ᠪᠠᠶᠢᠴᠠᠭᠠᠯᠲᠠ ᠬᠢᠬᠦ ᠶᠢᠨ ᠬᠠᠮᠲᠤ᠂ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ ᠠᠮᠠᠯᠠᠯᠲᠠ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠠᠵᠤ ᠠᠬᠤᠶᠢᠯᠠᠯ ᠤᠨ ᠮᠡᠳᠡᠭᠦᠯᠦᠭᠰᠡᠨ ᠪᠠᠶᠢᠳᠠᠯ ᠳᠤ ᠦᠨᠡᠯᠡᠯᠳᠡ ᠬᠢᠨ᠎ᠡ᠃    3. ᠬᠢᠨᠠᠨ ᠬᠠᠮᠢᠠᠷᠤᠯᠳᠠ ᠶᠢᠨ ᠬᠢᠷᠢ ᠬᠡᠮ  ᠢ ᠦᠷᠭᠦᠯᠵᠢᠯᠡᠭᠦᠯᠬᠦ᠄ ᠬᠢᠷᠢ ᠬᠡᠮ ᠤᠨ ᠪᠠᠷᠢᠮᠵᠢᠶ᠎ᠠ ᠲᠠᠢ ᠬᠠᠷᠢᠴᠠᠭᠤᠯᠤᠨ ᠳᠠᠩᠰᠠᠯᠠᠭᠤᠯᠤᠭᠰᠠᠨ ᠬᠥᠮᠥᠰ ᠲᠤ ᠦᠨᠡᠯᠡᠯᠳᠡ ᠬᠢᠨ᠎ᠡ ᠃     ᠪᠠᠶᠢᠩᠭᠤ ᠲᠣᠬᠢᠶᠠᠯᠳᠤᠬᠤ ᠠᠰᠠᠭᠤᠳᠠᠯ ︵ᠭᠤᠷᠪᠠ︶    ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠤᠷᠲᠤᠳᠬᠠᠬᠤ᠂ ᠪᠠᠷᠢᠯᠭ᠎ᠠ ᠶᠢᠨ ᠠᠵᠢᠯ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠤᠨ ᠬᠢᠷᠢ ᠬᠡᠮ ᠤᠨ ᠮᠡᠷᠭᠡᠵᠢᠯ ᠤᠨ ᠬᠠᠷᠢᠭᠤᠴᠠᠯᠭᠠᠲᠠᠨ ᠤ ᠠᠵᠢᠯ ᠤᠨ ᠪᠦᠲᠦᠮᠵᠢ ᠶᠢ ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠲᠡᠯᠭᠡᠭᠦᠷ ᠬᠢᠨᠠᠨ ᠬᠠᠮᠢᠶᠠᠷᠤᠯᠳᠠ ᠶᠢᠨ ᠲᠠᠪᠴᠠᠩ ᠳᠤ ᠤᠷᠤᠭᠤᠯᠬᠤ ᠴᠢᠬᠤᠯᠠᠳᠠᠢ ᠤᠤ︖ ᠬᠠᠷᠢᠭᠤᠯᠲᠠ᠄ ᠠᠵᠤ ᠠᠬᠤᠶᠢᠯᠠᠯ ᠬᠢᠷᠢ ᠬᠡᠮ ᠢᠶᠠᠨ ᠦᠷᠭᠦᠯᠵᠢᠯᠡᠭᠦᠯᠬᠦ ᠭᠤᠶᠤᠴᠢᠯᠠᠯ ᠳᠡᠪᠰᠢᠭᠦᠯᠬᠦ ᠳᠡᠭᠡᠨ᠂ ᠮᠡᠷᠭᠡᠵᠢᠯ ᠤᠨ ᠬᠠᠷᠢᠭᠤᠴᠠᠯᠭᠠᠲᠠᠨ ᠤ ᠬᠤᠪᠢ ᠬᠥᠮᠥᠨ ᠤ ᠠᠵᠢᠯ ᠤᠨ ᠪᠦᠲᠦᠮᠵᠢ ᠳᠤ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠬᠤ ᠠᠮᠠᠯᠠᠯᠲᠠ ᠬᠢᠬᠦ ᠬᠡᠷᠡᠭᠲᠡᠢ᠃ ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠬᠤ ᠡᠰᠡᠬᠦ ᠶᠢ ᠬᠢᠨᠠᠨ ᠰᠢᠯᠭᠠᠬᠤ ᠦᠭᠡᠢ᠃      ᠪᠠᠶᠢᠩᠭᠤ ᠲᠣᠬᠢᠶᠠᠯᠳᠤᠬᠤ ᠠᠰᠠᠭᠤᠳᠠᠯ ︵ᠳᠥᠷᠪᠡ︶    ᠠᠳᠠᠯᠢ ᠨᠢᠭᠡᠨ ᠬᠢᠷᠢ ᠬᠡᠮ ᠤᠨ ᠦᠨᠡᠮᠯᠡᠯ ᠳᠤ ᠶᠠᠮᠤᠨ ᠤ ᠲᠠᠰ ᠤᠨ ᠬᠢᠷᠢ ᠬᠡᠮ ᠲᠠᠢ ᠮᠥᠷᠲᠡᠭᠡᠨ ᠲᠢᠩᠬᠢᠮ ᠤᠨ ᠲᠠᠰ ᠤᠨ ᠬᠢᠷᠢ ᠬᠡᠮ ᠲᠠᠢ ᠪᠠᠶᠢᠪᠠᠯ ᠬᠤᠭᠤᠴᠠᠭ᠎ᠠ ᠶᠢ ᠤᠷᠲᠤᠳᠬᠠᠬᠤ ᠪᠠᠷ ᠬᠠᠮᠲᠤ ᠳᠤᠨᠢ ᠭᠤᠶᠤᠴᠢᠯᠠᠵᠤ ᠪᠣᠯᠣᠨ᠎ᠠ ᠤᠤ ᠦᠭᠡᠢ ᠤᠤ︖ ᠬᠠᠷᠢᠭᠤᠯᠲᠠ᠄ ᠠᠳᠠᠯᠢ ᠨᠢᠭᠡᠨ ᠬᠢᠷᠢ ᠬᠡᠮ ᠤᠨ ᠦᠨᠡᠮᠯᠡᠯ ᠳᠡᠭᠡᠷ᠎ᠡ ᠶᠠᠮᠤᠨ ᠤ ᠲᠠᠰ ᠤᠨ ᠬᠢᠷᠢ ᠬᠡᠮ ᠲᠠᠢ ᠮᠥᠷᠲᠡᠭᠡᠨ ᠲᠢᠩᠬᠢᠮ ᠤᠨ ᠲᠠᠰ ᠤᠨ ᠡᠷᠬᠡ ᠮᠡᠳᠡᠯ ᠤᠨ ᠬᠢᠷᠢ ᠬᠡᠮ ᠲᠠᠢ ᠠᠵᠤ ᠠᠬᠤᠶᠢᠯᠠᠯ ᠨᠢ ᠬᠢᠨᠠᠨ ᠵᠥᠪᠰᠢᠶᠡᠷᠡᠬᠦ ᠡᠷᠬᠡ ᠮᠡᠳᠡᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠲᠣᠰ ᠲᠣᠰ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠦᠷᠭᠦᠯᠵᠢᠯᠡᠭᠦᠯᠬᠦ ᠭᠤᠶᠤᠴᠢᠯᠠᠯ ᠭᠠᠷᠭᠠᠬᠤ ᠬᠡᠷᠡᠭᠲᠡᠢ᠃ ᠶᠠᠮᠤᠨ ᠤ ᠲᠠᠰ ᠤᠨ ᠬᠢᠷᠢ ᠬᠡᠮ ᠢ ᠦᠷᠭᠦᠯᠵᠢᠯᠡᠭᠦᠯᠬᠦ ᠦᠨᠡᠮᠯᠡᠯ ᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠢᠷᠢ ᠬᠡᠮ ᠤᠨ ᠦᠨᠡᠮᠯᠡᠯ ᠢ ᠰᠣᠯᠢᠵᠤ ᠣᠯᠭᠤᠨ᠎ᠠ᠃      ᠪᠠᠶᠢᠩᠭᠤ ᠲᠣᠬᠢᠶᠠᠯᠳᠤᠬᠤ ᠠᠰᠠᠭᠤᠳᠠᠯ ︵ᠲᠠᠪᠤ︶    ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠢᠮᠡᠭᠡ ᠬᠤᠯᠪᠣᠭ᠎ᠠ ᠵᠡᠷᠭᠡ ᠶᠢᠨ ᠬᠢᠷᠢ ᠬᠡᠮ ᠢ ᠦᠷᠭᠦᠯᠵᠢᠯᠡᠭᠦᠯᠬᠦ ᠳᠤ ᠬᠤᠯᠪᠣᠭᠳᠠᠪᠠᠯ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠦᠷᠭᠦᠯᠵᠢᠯᠡᠭᠦᠯᠬᠦ ᠭᠤᠶᠤᠴᠢᠯᠠᠯ ᠢᠶᠠᠨ ᠲᠤᠰᠢᠶᠠᠬᠤ ᠴᠢᠬᠤᠯᠠᠲᠠᠢ ᠤᠤ︖ ᠬᠠᠷᠢᠭᠤᠯᠲᠠ᠄ ᠴᠢᠬᠤᠯᠠ ᠦᠭᠡᠢ᠂ ᠵᠥᠪᠬᠡᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠬᠢᠷᠢ ᠬᠡᠮ ᠢ ᠤᠷᠲᠤᠳᠬᠠᠬᠤ ᠭᠤᠶᠤᠴᠢᠯᠠᠯ ᠢᠶᠠᠨ ᠲᠤᠰᠢᠶᠠᠪᠠᠯ ᠪᠣᠯᠴᠢᠬᠠᠨ᠎ᠠ᠃  ᠯᠠᠪᠯᠠᠯᠭ᠎ᠠ ᠠᠪᠬᠤ ᠬᠡᠯᠪᠡᠷᠢ     ᠭᠦᠢᠴᠡᠳᠭᠡᠬᠦ ᠶᠠᠪᠤᠴᠠ ᠳᠤ ᠪᠠᠰᠠ ᠬᠦᠴᠢᠷᠳᠡᠯ ᠲᠠᠢ ᠪᠠᠶᠢᠪᠠᠯ᠂ ᠲᠠ ᠪᠠᠰᠠ ᠡᠶᠢᠮᠦ ᠬᠡᠳᠦᠨ ᠲᠠᠯ᠎ᠠ ᠪᠠᠷ ᠰᠢᠢᠳᠪᠦᠷᠢᠯᠡᠵᠦ ᠪᠣᠯᠣᠨ᠎ᠠ᠄     1. ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ - ᠲᠤᠰᠬᠠᠢ ᠰᠡᠳᠦᠪᠲᠦ ᠲᠤᠰᠬᠠᠢ ᠪᠤᠯᠤᠩ - ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠤᠰᠬᠠᠢ ᠪᠤᠯᠤᠩ - ᠪᠠᠶᠢᠩᠭᠤ ᠲᠣᠬᠢᠶᠠᠯᠳᠤᠬᠤ ᠠᠰᠠᠭᠤᠳᠠᠯ ᠠᠴᠠ ᠬᠠᠮᠢᠶ᠎ᠠ ᠪᠦᠬᠦᠢ ᠠᠭᠤᠯᠭ᠎ᠠ ᠶᠢ ᠪᠠᠶᠢᠴᠠᠭᠠᠨ ᠯᠠᠪᠯᠠᠵᠦ ᠪᠤᠯᠤᠨ᠎ᠠ᠃    2. ᠯᠠᠪᠯᠠᠯᠭ᠎ᠠ ᠠᠪᠬᠤ ᠤᠲᠠᠰᠤ᠄    0471-6945165 ︵ᠲᠦᠷᠦ ᠶᠢᠨ ᠪᠣᠳᠣᠯᠭ᠎ᠠ ᠶᠢᠨ ᠯᠠᠪᠯᠠᠯᠭ᠎ᠠ︶     0471-6945002 ︵ᠦᠨᠡᠮᠯᠡᠯ ᠠᠪᠬᠤ᠂ ᠮᠠᠲ᠋ᠧᠷᠢᠶᠠᠯ ᠪᠠᠶᠢᠴᠠᠭᠠᠬᠤ᠂ ᠰᠢᠤᠳᠠᠨ ᠢᠶᠠᠷ ᠢᠯᠡᠭᠡᠬᠦ ᠶᠢ ᠤᠷᠤᠯᠠᠨ ᠭᠦᠢᠴᠡᠳᠭᠡᠬᠦ︶  
ᠢᠷᠡᠯᠲᠡ᠄ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ