ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/20
   ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠭᠠᠨᠴᠠᠪ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 15 ᠤ ᠡᠳᠦᠷ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠠᠯᠪᠠᠨ ᠭᠡᠷ ᠠᠴᠠ ᠪᠥᠬᠦ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃   ᠬᠤᠷᠠᠯ ᠠᠴᠠ᠂ ᠠᠮᠠᠯᠠᠯᠲᠠ ᠶᠢᠨ ᠳᠦᠷᠢᠮ ᠤᠨ ᠵᠦᠢᠯᠡᠰ ᠤᠨ ᠨᠠᠷᠢᠨ ᠳᠠᠩᠰᠠ ᠶᠢ ᠨᠠᠷᠢᠨ ᠬᠢᠨᠠᠮᠠᠭᠠᠢ ᠡᠮᠬᠢᠯᠡᠵᠦ᠂ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠠᠯᠠᠯᠲᠠ ᠶᠢᠨ ᠲᠦᠷᠢᠮ ᠳᠠᠬᠢ ᠳᠤᠲᠠᠭᠤ ᠬᠤᠶᠢᠰᠢᠯᠠᠭᠤᠯᠬᠤ ᠶᠢ ᠠᠭᠤᠴᠢᠯᠠᠨ ᠠᠯᠬᠤᠮ ᠬᠤᠪᠢᠶᠠᠨ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠪᠠᠷᠢᠬᠤ ᠵᠢᠷᠤᠭ ᠢ ᠬᠢᠨᠠᠨ ᠪᠠᠶᠢᠴᠠᠭᠠᠬᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢ ᠵᠥᠪᠰᠢᠶᠡᠷᠡᠬᠦ᠂ ᠳᠠᠩᠰᠠ ᠡᠪᠬᠡᠮᠡᠯ ᠢ ᠰᠢᠯᠭᠠᠨ ᠠᠪᠬᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢ ᠮᠡᠳᠡᠭᠦᠯᠦᠨ ᠤᠭᠰᠠᠷᠠᠬᠤ ᠵᠡᠷᠭᠡ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠭᠦᠢᠴᠡᠳ ᠬᠡᠷᠡᠭᠯᠡᠨ᠂ ᠰᠢᠯᠵᠢᠭᠦᠯᠦᠨ ᠬᠤᠳᠠᠯᠳᠤᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ︽ᠪᠠᠷᠢᠮᠵᠢᠶᠠᠲᠤ ᠭᠠᠵᠠᠷ︾ ᠬᠠᠩᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠥᠰᠥᠯ ᠲᠠᠢ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ︵ᠳᠠᠷᠤᠢ ︽ᠭᠠᠵᠠᠷ ᠰᠢᠷᠣᠢ ᠠᠪᠤᠪᠠᠯ ᠳᠠᠷᠤᠢ ᠠᠵᠢᠯ ᠡᠬᠢᠯᠡᠭᠦᠯᠬᠦ︾︶ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠬᠤ ᠨᠥᠬᠦᠴᠡᠯ᠂ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠲᠥᠰᠥᠯ ᠲᠠᠢ ᠰᠢᠯᠵᠢᠭᠦᠯᠦᠨ ᠬᠤᠳᠠᠯᠳᠤᠬᠤ ︽ᠪᠠᠷᠢᠮᠵᠢᠶᠠᠲᠤ ᠭᠠᠵᠠᠷ︾ ᠲᠤ ︽ᠭᠠᠵᠠᠷ ᠰᠢᠷᠣᠢ ᠠᠪᠤᠪᠠᠯ ᠳᠠᠷᠤᠢ ᠠᠵᠢᠯ ᠡᠬᠢᠯᠡᠭᠦᠯᠬᠦ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃   ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠬᠤᠶᠠᠷ ᠰᠢᠯᠢᠳᠡᠭ︾᠂ ︽ᠭᠤᠷᠪᠠ ᠶᠢ ᠪᠠᠭᠠᠰᠬᠠᠬᠤ︾ ᠠᠵᠢᠯ ᠤᠨ ᠡᠭᠦᠷᠭᠡ ᠶᠢ ᠦᠨᠡᠨᠬᠦ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠲᠦᠷᠭᠡᠨ ᠢᠶᠠᠷ ᠭᠠᠵᠠᠷ ᠣᠯᠬᠤ᠂ ᠵᠥᠪᠰᠢᠶᠡᠷᠡᠯ ᠣᠯᠬᠤ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ