ᠬᠠᠤᠯᠢ ᠬᠡᠷᠡᠭᠵᠢᠭᠦᠯᠬᠦ ᠵᠢᠱᠢᠶᠡᠴᠢ ︵ᠨᠠᠶᠮᠠ︶ | —ᠣᠷᠳᠣᠰ ᠬᠤᠲᠠ ᠶᠢᠨ ᠳᠠᠯᠠᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠿᠧᠨ ᠰᠦ᠋ | | ᠿᠧᠨ ᠰᠦ᠋᠂ ᠡᠷᠡᠭᠲᠡᠶ᠂ 1966 ᠣᠨ ᠤ 9 ᠳ᠋ᠤᠭᠡᠷ ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠣᠷᠳᠣᠰ | ᠬᠤᠲᠠ ᠶᠢᠨ ᠳᠠᠯᠠᠳ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ | ᠰᠢᠨᠡᠪᠠᠯᠭᠠᠰᠤᠨ ᠶᠡᠭᠡ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ ᠤᠯᠠᠨ ᠵᠢᠯ ᠤᠨ ᠲᠤᠷᠰᠢ᠂ ᠲᠡᠷᠡ ︽ᠭᠡᠰᠢᠭᠦᠳ ᠤᠨ ᠬᠡᠪ ᠪᠣᠯᠪᠠᠰᠤᠷᠠᠯ ᠢ | ᠴᠢᠩᠭ᠎ᠠ ᠠᠳᠬᠤᠵᠤ᠂ ᠡᠩᠨᠡᠭᠡ ᠶᠢᠨ ᠪᠦᠬᠦᠯᠢ ᠴᠣᠭᠴᠠ ᠶᠢᠨ ᠬᠠᠤᠯᠢ ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠲᠦᠷᠢ ᠲᠥᠷᠬᠦ ᠶᠢ | ᠪᠠᠶᠢᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠤᠳᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ︾ ᠪᠠᠷ ᠦᠢᠯᠡᠴᠢᠯᠡᠭᠡᠨ ᠤ ᠵᠣᠷᠢᠯᠲᠠ ᠪᠠᠨ | ᠪᠣᠯᠭᠠᠵᠤ᠂ ᠠᠩᠭᠢ ᠶᠢᠨ ᠭᠡᠰᠢᠭᠦᠳ ᠢᠶᠠᠨ ᠳᠠᠭᠠᠭᠤᠯᠤᠨ ᠬᠤᠳᠠ ᠶᠢᠨ ᠴᠡᠪᠡᠷ ᠲᠡᠭᠰᠢ᠂ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠢ ᠬᠠᠮᠠᠭᠠᠯᠠᠬᠤ ᠪᠠᠷ ᠬᠦᠴᠦᠯᠡᠪᠡ | ᠃ ᠤᠷᠢᠳ ᠬᠤᠵᠢᠳ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠠᠵᠢᠯ ᠢᠶᠠᠨ ᠬᠠᠶᠢᠷᠠᠯᠠᠨ ᠦᠶᠯᠡᠰ ᠢᠶᠠᠨ ᠳᠡᠭᠡᠳᠦᠯᠡᠭᠰᠡᠨ ᠵᠢᠱᠢᠶᠡᠴᠢ︾᠂ ︽ᠬᠠᠮᠤᠭ | ᠤᠨ ᠭᠤᠶᠣ ᠬᠤᠲᠠ ᠶᠢᠨ ᠬᠠᠮᠢᠶᠠᠷᠤᠭᠴᠢ︾᠂ ︽ᠬᠠᠤᠯᠢ ᠬᠡᠷᠡᠭᠵᠢᠭᠦᠯᠬᠦ ᠴᠢᠳᠠᠪᠤᠷᠢᠲᠠᠨ︾᠂ ︽ᠬᠠᠷᠠᠯᠲᠠᠲᠤ ᠬᠢᠨᠠᠨ ᠰᠢᠯᠭᠠᠯᠲᠠ ᠳᠠᠬᠢ ᠲᠡᠷᠢᠭᠦᠨ ᠤ ᠬᠤᠪᠢ | ᠬᠥᠮᠦᠨ︾᠂ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠡᠷᠢᠭᠦᠨ ᠤ ᠬᠤᠪᠢ ᠬᠥᠮᠦᠨ︾ ᠵᠡᠷᠭᠡ ᠢᠷᠠᠭᠤ ᠠᠯᠳᠠᠷ ᠢ ᠭᠥᠷᠳᠡᠪᠡ᠃ | | | | | | ᠨᠢᠭᠡ ᠳᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠡᠢ᠃ ᠬᠤᠲᠠ ᠶᠢᠨ ᠬᠠᠮᠢᠶᠠᠷᠤᠯᠲᠠ | ᠶᠢ ᠵᠢᠷᠤᠮᠵᠢᠭᠤᠯᠤᠨ ᠬᠠᠤᠯᠢ ᠬᠡᠷᠡᠭᠵᠢᠭᠦᠯᠦᠯᠲᠡ ᠶᠢᠨ ᠶᠠᠪᠤᠴᠠ ᠳᠤ᠂ ᠬᠠᠷᠢᠶ᠎ᠠ ᠣᠷᠣᠨ ᠤ ᠳᠣᠲᠣᠷ᠎ᠠ ᠬᠤᠲᠠ ᠶᠢᠨ ᠬᠠᠮᠢᠶᠠᠷᠤᠯᠲᠠ ᠶᠢᠨ ᠠᠷᠠᠳ ᠲᠤ ᠲᠥᠬᠦᠮ | ᠦᠵᠡᠭᠦᠯᠬᠦ ᠥᠷᠥᠭᠡ ᠲᠥᠯᠥᠪᠵᠢᠭᠦᠯᠦᠨ ᠪᠠᠶᠢᠷᠢᠯᠠᠭᠤᠯᠵᠤ᠂ ᠳᠤᠭᠤᠶ ᠲᠡᠷᠭᠡ ᠰᠡᠯᠪᠢᠨ ᠵᠠᠰᠠᠬᠤ᠂ ᠲᠦᠯᠬᠢᠭᠦᠷ ᠲᠠᠭᠠᠷᠠᠭᠤᠯᠬᠤ ᠨᠠᠰᠤᠲᠠᠳ ᠲᠤ ᠲᠠᠯᠠᠪᠤᠷ ᠬᠠᠩᠭᠠᠵᠤ᠂ | ᠬᠤᠲᠠ ᠶᠢᠨ ᠣᠷᠴᠢᠨ ᠲᠣᠭᠤᠷᠢᠨ ᠢ ᠭᠤᠶᠣᠵᠢᠭᠤᠯᠵᠤ᠂ ᠪᠠᠭᠤᠷᠠᠶᠢᠴᠤᠤᠯ ᠤᠨ ᠠᠵᠢᠯ ᠤᠯᠬᠤ ᠳᠤ ᠲᠥᠬᠦᠮ ᠦᠵᠡᠭᠦᠯᠦᠭᠰᠡᠨ ᠮᠥᠷᠲᠡᠭᠡᠨ ᠪᠠᠰᠠ ᠰᠠᠭᠤᠭᠠᠯᠢ | ᠲᠣᠭᠤᠷᠢᠭ ᠤᠨ ᠰᠠᠭᠤᠭᠠᠯᠢ ᠠᠷᠠᠳ ᠲᠤ ᠲᠥᠬᠦᠮ ᠦᠵᠡᠭᠦᠯᠵᠡᠢ᠃ | ᠬᠤᠶᠠᠷ ᠲᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠵᠠᠢ᠃ ᠲᠥᠪᠯᠡᠷᠡᠭᠦᠯᠦᠨ ᠬᠡᠷᠡᠭ ᠰᠢᠢᠳᠪᠦᠷᠢᠯᠡᠬᠦ ᠲᠥᠪ ᠢ ᠪᠠᠶᠢᠭᠤᠯᠵᠤ | ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠤ ᠬᠠᠮᠲᠤ ᠬᠡᠷᠡᠭ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠵᠠᠢ᠃ | ᠭᠤᠷᠪᠠ ᠳᠤ᠂ ᠠᠷᠠᠳ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠡᠢ᠃ ᠠᠷᠠᠳ ᠣᠯᠠᠨ ᠤ ᠠᠩᠬᠠᠷᠴᠤ ᠪᠠᠶᠢᠭ᠎ᠠ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠵᠤ᠂ ᠲᠡᠭᠦᠨ ᠤ ᠬᠠᠷᠢᠭᠤᠴᠠᠵᠤ ᠪᠠᠶᠢᠭ᠎ᠠ ᠬᠡᠰᠡᠭ ᠣᠷᠣᠨ ᠳᠣᠲᠣᠷ᠎ᠠ ᠨᠡᠭᠦᠳᠡᠯ ᠳᠡᠯᠭᠡᠭᠡ | ᠮᠠᠶᠢᠮᠠᠶ᠂ ᠲᠥᠪᠯᠡᠷᠡᠭᠦᠯᠦᠨ ᠬᠤᠳᠠᠯᠳᠤᠬᠤ ᠴᠡᠭ ᠭᠠᠷᠭᠠᠵᠤ᠂ 90 ᠭᠠᠷᠤᠶ ᠡᠷᠦᠬᠡ ᠬᠤᠪᠢ ᠶᠢᠨ ᠬᠤᠳᠠᠯᠳᠤᠭᠠᠴᠢᠨ ᠢ ᠲᠥᠪᠬᠢᠨᠡᠭᠦᠯᠵᠦ᠂ ᠠᠷᠠᠳ ᠣᠯᠠᠨ ᠳᠤ ᠰᠠᠶᠢᠨ | ᠶᠠᠪᠤᠳᠠᠯ ᠬᠢᠵᠦ᠂ ᠪᠣᠳᠠᠲᠤ ᠶᠠᠪᠤᠳᠠᠯ ᠬᠢᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢᠨ ᠬᠠᠮᠢᠶᠠᠷᠤᠭᠴᠢ ᠶᠢᠨ ᠦᠨᠡᠨᠴᠢ ᠰᠢᠳᠤᠷᠭᠤ ᠡᠭᠦᠷᠭᠡᠯᠡᠯ ᠢ | ᠲᠠᠶᠢᠯᠪᠤᠷᠢᠯᠠᠵᠠᠢ᠃ | |