ᠠᠶᠢᠮᠠᠭ ᠬᠤᠲᠠ ᠶᠢᠨ ᠰᠣᠨᠣᠰᠬᠠᠯ᠄ ᠡᠨᠡᠬᠦ ᠬᠠᠮᠲᠤᠷᠠᠯᠴᠠᠭᠠᠨ ᠤ ᠬᠡᠯᠡᠯᠴᠡᠭᠡᠷ ᠨᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠦᠷᠢᠶᠡᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠬᠤᠯᠪᠣᠭᠳᠠᠨ᠎ᠠ
ᠨᠡᠶᠢᠲᠡᠯᠡᠭᠰᠡᠨ ᠴᠠᠭ᠄
2023/3/23
   ᠤᠶᠢᠷ᠎ᠠ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠴᠧᠩᠳᠦ᠋ ᠬᠤᠲᠠ ᠳᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠧᠴᠤᠸᠠᠨ ᠤ ᠭᠠᠯ ᠤᠨᠲᠠᠷᠠᠭᠠᠬᠤ ᠰᠤᠳᠤᠯᠭᠠᠨ ᠤ ᠭᠠᠵᠠᠷ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠬᠡᠷ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠬᠠᠮᠲᠤ ᠪᠠᠷ ᠡᠬᠢᠯᠡᠭᠦᠯᠵᠦ᠂ ᠪᠦᠲᠦᠭᠡᠨ ᠪᠠᠢᠭᠤᠯᠤᠯᠲᠠ ᠶᠢᠨ ᠢᠨᠵᠧᠨᠧᠷᠢᠩ ᠤᠨ ᠬᠦᠷᠢᠶᠡᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃   ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠭᠦᠨᠵᠡᠭᠡᠶᠢᠷᠡᠭᠦᠯᠬᠦ᠂ ᠦᠷ᠎ᠡ ᠪᠦᠲᠦᠭᠡᠯ ᠢ ᠬᠤᠪᠢᠷᠠᠭᠤᠯᠬᠤ ᠪᠠ ᠵᠢᠱᠢᠶ᠎ᠡ ᠦᠵᠡᠭᠦᠯᠦᠨ ᠬᠡᠷᠡᠭᠯᠡᠬᠦ ᠶᠢ ᠴᠢᠩᠭᠠᠳᠬᠠᠬᠤ᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠭᠠᠯ ᠤᠨᠲᠠᠷᠠᠭᠠᠬᠤ ᠬᠢᠨᠠᠨ ᠵᠥᠪᠰᠢᠶᠡᠷᠡᠯ ᠤᠨ ᠥᠭᠡᠷᠡᠴᠢᠯᠡᠯᠲᠡ ᠶᠢ ᠰᠢᠯᠢᠳᠡᠭᠵᠢᠭᠦᠯᠬᠦ᠂ ᠭᠠᠯ ᠤᠨᠲᠠᠷᠠᠭᠠᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠬᠡᠷᠡᠭᠯᠡᠭᠡ᠂ ᠬᠤᠲᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠵᠢᠴᠢ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠰᠢᠨ᠎ᠡ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠯᠠᠨ ᠳᠡᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠠᠶᠢᠭᠤᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃   ᠲᠠᠷᠠᠭᠠᠴᠢ ᠶᠢᠨ ᠠᠯᠬᠤᠮ ᠳᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠭᠡᠯᠡᠯᠴᠡᠭᠡᠷ ᠤᠨ ᠡᠯ᠎ᠠ ᠳᠦᠷᠤᠯ ᠤᠨ ᠡᠬᠦᠷᠭᠡ ᠶᠢ ᠨᠠᠶᠢᠳᠠᠪᠤᠷᠢᠵᠢᠭᠤᠯᠤᠨ ᠦᠷ᠎ᠠ ᠪᠦᠳᠤᠮᠵᠢ ᠶᠢ ᠠᠬᠢᠭᠤᠯᠵᠤ᠂ ᠪᠥᠳᠤᠭᠡᠨ ᠪᠠᠶᠢᠭᠤᠯᠤᠯᠳᠠ ᠶᠢᠨ ᠢᠨᠵᠧᠨᠧᠷᠢᠩ ᠤᠨ ᠬᠥᠷᠢᠶ᠎ᠠ ᠴᠠᠷᠠᠭᠠᠨ ᠳᠠᠬᠢ ᠭᠠᠯ ᠤᠨᠳᠠᠷᠠᠭᠠᠬᠤ ᠠᠮᠤᠷ ᠲᠦᠪᠰᠢᠨ ᠤ ᠬᠦᠨᠳᠤ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠥᠭᠵᠢᠯᠳᠡ ᠳᠤ ᠤᠷᠳᠤᠰ ᠤᠨ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠭᠦᠨ᠎ᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ