ᠭᠤᠶᠠᠴᠢ ᠥᠬᠡᠶ ᠵᠢᠳᠬᠦᠵᠦ ᠰᠠᠶᠢᠨ ᠰᠠᠶᠢᠬᠠᠨ ᠬᠤᠲᠠ ᠪᠠᠨ ᠴᠢᠮᠡᠭᠯᠡᠶ᠎ᠡ ﹇ᠬᠠᠤᠯᠢ ᠬᠡᠷᠡᠭᠵᠢᠭᠦᠯᠬᠦ ᠵᠢᠱᠢᠶᠡᠴᠢ ︵ᠶᠢᠰᠦ︶﹈
ᠨᠡᠶᠢᠲᠡᠯᠡᠭᠰᠡᠨ ᠴᠠᠭ᠄
2023/3/27
                 — ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ                       ᠬᠡᠷᠡᠭᠵᠢᠭᠦᠯᠬᠦ ᠲᠣᠪᠴᠢᠶᠠᠨ ᠤ ᠬᠠᠤᠯᠢ ᠬᠡᠷᠡᠭᠵᠢᠭᠦᠯᠬᠦ ᠨᠢᠭᠡᠳᠦᠭᠡᠷ ᠶᠡᠭᠡ ᠠᠩᠭᠢ ᠶᠢᠨ ᠳᠠᠷᠤᠭ᠎ᠠ ᠯᠢᠦ ᠱᠢ ᠲᠤᠤ    ᠯᠢᠦ ᠱᠢ ᠲᠤᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠬᠢᠭᠰᠡᠨ ᠠᠴᠠ ᠨᠠᠭᠠᠰᠢ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠤᠷᠲᠠᠯ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠬᠦ ᠪᠠ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠬᠦ ᠢᠷᠠᠭᠤ ᠠᠯᠳᠠᠷᠲᠤ ᠤᠯᠠᠮᠵᠢᠯᠠᠯ ᠢᠶᠠᠨ ᠢᠮᠠᠭᠲᠠ ᠪᠠᠷᠢᠮᠲᠠᠯᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠬᠠᠤᠯᠢ ᠬᠡᠷᠡᠭᠵᠢᠭᠦᠯᠬᠦ ᠠᠵᠢᠯ ᠤᠨ ᠡᠮᠦᠨ᠎ᠡ ᠹᠷᠣᠨᠲ ᠢ ᠪᠠᠲᠤ ᠰᠠᠬᠢᠪᠠ᠃
3.jpg
   ᠨᠢᠭᠡ᠂ ᠤᠳᠤᠷᠢᠳᠤᠯᠭ᠎ᠠ ᠪᠠᠨ ᠴᠢᠩᠭᠠᠳᠬᠠᠨ᠂ ᠬᠠᠮᠢᠶᠠᠷᠤᠯᠲᠠ ᠪᠠᠨ ᠵᠢᠷᠤᠮᠵᠢᠭᠤᠯᠵᠤ᠂ ᠣᠪᠣᠷ ᠰᠤᠷᠲᠠᠯ ᠴᠢᠩᠭ᠎ᠠ᠂ ᠰᠠᠬᠢᠯᠭ᠎ᠠ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠡᠩᠨᠡᠭᠡ ᠶᠢ ᠪᠠᠶᠢᠭᠤᠯᠵᠠᠢ᠃ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ᠂ ᠤᠯᠤᠰ ᠲᠥᠷᠦ ᠶᠢᠨ ᠰᠤᠷᠤᠯᠴᠠᠯᠭ᠎ᠠ᠂ ᠴᠡᠷᠢᠭ ᠤᠨ ᠶᠠᠪᠤᠳᠠᠯ ᠤᠨ ᠪᠣᠯᠪᠠᠰᠤᠷᠠᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠳᠦᠷᠢᠮ ᠲᠣᠭᠲᠠᠴᠠ ᠶᠢ ᠴᠢᠩᠭᠠᠳᠬᠠᠵᠤ᠂ ᠲᠤᠰᠬᠠᠢ ᠰᠡᠳᠦᠪᠲᠦ ᠲᠠᠶᠢᠯᠤᠮᠵᠢ ᠡᠷᠬᠢᠯᠡᠬᠦ᠂ ᠬᠡᠷᠡᠭ ᠤᠨ ᠵᠢᠱᠢᠶ᠎ᠡ ᠰᠣᠯᠢᠯᠴᠠᠬᠤ ᠬᠤᠷᠠᠯ ᠬᠢᠬᠦ᠂ ᠬᠦᠴᠢᠷ ᠲᠦᠪᠡᠭᠲᠡᠢ ᠠᠰᠠᠭᠤᠳᠠᠯ ᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠬᠤᠷᠠᠯ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠡᠰᠢᠭᠦᠳ ᠤᠨ ᠬᠡᠷᠡᠭ ᠰᠢᠢᠳᠪᠦᠷᠢᠯᠡᠬᠦ ᠬᠢᠷᠢ ᠲᠦᠪᠰᠢᠨ ᠪᠠ ᠪᠣᠳᠠᠲᠠᠢ ᠬᠡᠷᠡᠭᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃   ᠬᠤᠶᠠᠷ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠮᠠᠩᠯᠠᠶᠢᠯᠠᠨ ᠤᠷᠤᠭᠰᠢᠯᠠᠵᠤ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠨ᠂ ᠪᠡᠷᠬᠡ ᠰᠡᠳᠦᠪ ᠢ ᠰᠢᠢᠳᠪᠦᠷᠢᠯᠡᠵᠦ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ︽ᠣᠶᠤᠨᠴᠢ ᠵᠠᠰᠠᠭ ᠤᠨ ᠶᠠᠪᠤᠳᠠᠯ ᠤᠨ ᠬᠠᠮᠢᠶᠠᠷᠤᠯᠲᠠ ᠶᠢᠨ ᠲᠠᠪᠴᠠᠩ︾ ᠵᠡᠷᠭᠡ ᠲᠣᠮᠣ ᠳ᠋ᠠᠶᠢᠲ᠋ᠠ ᠶᠢᠨ ᠲᠠᠪᠴᠠᠩ ᠶᠢ ᠢᠳᠡᠪᠬᠢᠲᠡᠢ ᠰᠦᠪᠡᠭᠴᠢᠯᠡᠨ ᠭᠦᠢᠴᠡᠳ ᠠᠰᠢᠭᠯᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠠᠯᠢ ᠣᠯᠠᠨ ᠠᠵᠢᠯ ᠤᠨ ᠲᠥᠰᠦᠯ ᠲᠣᠭᠲᠠᠭᠠᠵᠤ᠂ ᠬᠠᠤᠯᠢ ᠬᠡᠷᠡᠭᠵᠢᠭᠦᠯᠬᠦ ᠶᠠᠪᠤᠴᠠ ᠳᠤ ᠬᠠᠤᠯᠢ ᠠᠴᠠ ᠵᠥᠷᠢᠴᠡᠵᠦ ᠳᠦᠷᠢᠮ ᠲᠣᠭᠲᠠᠭᠠᠯ ᠠᠴᠠ ᠵᠥᠷᠢᠴᠡᠭᠰᠡᠨ ᠠᠳᠠᠯᠢ ᠪᠤᠰᠤ ᠦᠢᠯᠡ ᠠᠵᠢᠯᠯᠠᠭ᠎ᠠ ᠳᠤ ᠴᠢᠭᠯᠡᠭᠦᠯᠦᠨ᠂ ᠠᠮᠢᠳᠤᠯᠢᠭ ᠠᠵᠢᠯᠯᠠᠬᠤ ᠠᠷᠭ᠎ᠠ ᠠᠪᠴᠤ᠂ ︽ᠤᠷᠢᠳᠠᠪᠠᠷ ᠨᠡᠪᠲᠡᠷᠡᠭᠦᠯᠵᠦ ᠳᠠᠷᠠᠭ᠎ᠠ ᠨᠢ ᠬᠤᠷᠢᠭᠯᠠᠬᠤ᠂ ᠨᠡᠪᠲᠡᠷᠡᠭᠦᠯᠵᠦ ᠬᠤᠷᠢᠭᠯᠠᠬᠤ ᠶᠢ ᠤᠶᠠᠯᠳᠤᠭᠤᠯᠬᠤ︾ ᠶᠢ ᠪᠡᠶᠡᠯᠡᠭᠦᠯᠵᠦ᠂ ᠬᠠᠤᠯᠢ ᠶᠣᠰᠣᠭᠠᠷ ᠰᠢᠢᠳᠬᠡᠨ ᠲᠣᠷᠭᠠᠵᠤ᠂ ᠬᠠᠤᠯᠢ ᠶᠣᠰᠣᠭᠠᠷ ᠴᠠᠭᠠᠵᠠᠯᠠᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠵᠠᠢ᠃   ᠭᠤᠷᠪᠠ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠡᠢ᠃ ᠬᠠᠷᠢᠶ᠎ᠠ ᠣᠷᠣᠨ ᠳᠤ ᠣᠯᠠᠨᠲᠠ ᠭᠦᠨᠵᠡᠭᠡᠶᠢᠷᠡᠨ᠂ ᠪᠠᠶᠢᠳᠠᠯ ᠢ ᠣᠶᠢᠯᠠᠭᠠᠵᠤ᠂ ᠦᠨᠡᠬᠡᠷ ᠬᠦᠴᠢᠷᠳᠡᠯ ᠲᠠᠢ ᠬᠤᠳᠠᠯᠳᠤᠭᠠᠴᠢᠨ ᠢ ᠢᠳᠡᠪᠬᠢᠲᠡᠢ ᠪᠠᠷ ᠵᠣᠬᠢᠴᠠᠭᠤᠯᠤᠨ ᠨᠡᠪᠲᠡᠷᠡᠯᠴᠡᠵᠦ᠂ ᠳᠡᠯᠭᠡᠭᠦᠷ ᠡᠷᠢᠵᠦ ᠲᠤᠬᠢᠷᠠᠭᠤᠯᠤᠨ᠂ ᠠᠯᠢ ᠴᠢᠳᠠᠬᠤ ᠪᠠᠷ ᠬᠠᠪᠰᠤᠷᠤᠯᠭ᠎ᠠ ᠦᠵᠡᠭᠦᠯᠪᠡ᠃ ᠦᠵᠡᠯᠲᠡ ᠲᠠᠨᠢᠯᠲᠠ ᠪᠠᠨ ᠬᠤᠪᠢᠷᠠᠭᠤᠯᠤᠨ᠂ ᠬᠠᠮᠢᠶᠠᠷᠤᠯᠲᠠ ᠪᠠᠨ ᠦᠢᠯᠡᠴᠢᠯᠡᠭᠡ ᠪᠣᠯᠭᠠᠨ ᠬᠤᠪᠢᠷᠠᠭᠤᠯᠵᠤ᠂ ᠪᠤᠰᠤᠳ ᠤᠨ ᠡᠮᠦᠨ᠎ᠡ ᠠᠴᠠ ᠪᠣᠳᠣᠯᠬᠢᠯᠠᠵᠤ᠂ ᠨᠡᠪᠲᠡᠷᠡᠯᠴᠡᠭᠡ ᠪᠠᠨ ᠨᠡᠮᠡᠭᠳᠡᠭᠦᠯᠦᠨ᠂ ᠬᠤᠲᠠ ᠶᠢᠨ ᠬᠠᠮᠢᠶᠠᠷᠤᠯᠲᠠ ᠶᠢᠨ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ