︽ᠵᠢᠷᠭᠤᠭᠠᠨ ᠵᠠᠭᠤᠨ ᠤ ᠵᠠᠭᠤ︾ ᠶᠢ ᠪᠦᠬᠦ ᠬᠦᠴᠦᠨ ᠢᠶᠠᠷ ᠰᠠᠶᠢᠲᠤᠷ ᠬᠢᠵᠦ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ
ᠨᠡᠶᠢᠲᠡᠯᠡᠭᠰᠡᠨ ᠴᠠᠭ᠄
2023/3/30
   ᠪᠠᠷᠢᠯᠭ᠎ᠠ ᠶᠢᠨ ᠭᠠᠵᠠᠷ ᠢ 100% ᠪᠠᠷ ᠪᠢᠳᠡᠭᠦᠮᠵᠢᠯᠡᠨ᠎ᠡ︔ ᠪᠣᠳᠠᠰ ᠮᠠᠲ᠋ᠧᠷᠢᠶᠠᠯ ᠤᠨ ᠤᠪᠤᠭ᠎ᠠ 100% ᠪᠠᠷ ᠪᠦᠷᠬᠦᠯᠲᠡ ᠲᠠᠢ︔ ᠣᠷᠣᠵᠤ ᠭᠠᠷᠬᠤ ᠲᠡᠷᠭᠡ ᠶᠢ 100% ᠪᠠᠷ ᠤᠬᠢᠶᠠᠨ᠎ᠠ︔ ᠪᠠᠷᠢᠯᠭ᠎ᠠ ᠶᠢᠨ ᠭᠠᠵᠠᠷ ᠤᠨ ᠭᠠᠳᠠᠷᠭᠤ ᠶᠢ 100% ᠪᠠᠷ ᠬᠠᠳᠠᠭᠤᠵᠢᠭᠤᠯᠤᠨ᠎ᠠ︔ ᠨᠡᠭᠦᠯᠭᠡᠨ ᠨᠤᠷᠠᠭᠠᠬᠤ ᠪᠠᠷᠢᠯᠭ᠎ᠠ ᠶᠢᠨ ᠭᠠᠵᠠᠷ ᠲᠤ 100% ᠪᠠᠷ ᠴᠢᠬᠢᠭᠯᠢᠭ ᠠᠵᠢᠯᠯᠠᠭᠤᠯᠤᠨ᠎ᠠ︔ ᠬᠤᠭ ᠰᠢᠷᠣᠢ ᠶᠢᠨ ᠲᠡᠷᠭᠡ ᠬᠥᠰᠬᠡ ᠶᠢ 100% ᠪᠠᠷ ᠪᠢᠲᠡᠭᠦᠮᠵᠢᠯᠡᠨ ᠲᠡᠭᠡᠭᠡᠪᠦᠷᠢᠯᠡᠨ᠎ᠡ᠃   ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢᠨ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠲᠣᠭᠤᠰᠣ ᠰᠢᠷᠣᠢ ᠶᠢᠨ ᠪᠣᠬᠢᠷᠳᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ᠪᠠᠷᠢᠯᠭ᠎ᠠ ᠶᠢᠨ ᠲᠣᠭᠤᠰᠣ ᠰᠢᠷᠣᠢ ᠶᠢᠨ ᠠᠭᠠᠷ ᠤᠨ ᠴᠢᠨᠠᠷ ᠴᠢᠨᠰᠠᠭ᠎ᠠ ᠳᠤ ᠦᠵᠡᠭᠦᠯᠬᠦ ᠨᠥᠯᠥᠭᠡ ᠶᠢ ᠬᠤᠷᠢᠭᠯᠠᠬᠤ ᠶᠢᠨ ᠲᠦᠯᠦᠭᠡ᠂ ᠣᠶᠢᠷ᠎ᠠ ᠳᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢᠨ ᠪᠣᠬᠢᠷᠳᠤᠯ ᠢ ᠲᠤᠰᠬᠠᠶᠢᠯᠠᠨ ᠵᠠᠰᠠᠬᠤ ᠠᠵᠢᠯ ᠢ ᠡᠬᠢᠯᠡᠭᠦᠯᠵᠦ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠨᠠᠷᠢᠯᠢᠭᠵᠢᠭᠤᠯᠬᠤ ᠶᠢ ᠲᠦᠯᠬᠢᠨ ᠠᠬᠢᠭᠤᠯᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠶᠡᠷᠦᠩᠬᠡᠢ ᠱᠠᠭᠠᠷᠳᠠᠯᠭ᠎ᠠ ᠶᠢ ᠪᠡᠶᠡᠯᠡᠭᠦᠯᠬᠦ ᠶᠢ ᠦᠨᠡᠨ ᠬᠦ     ᠪᠠᠲᠤᠯᠠᠪᠠ᠃   1᠂ ᠪᠤᠳᠠᠳᠦ ᠭᠠᠵᠠᠷ ᠲᠤ ᠰᠤᠷᠪᠤᠯᠵᠢᠯᠠᠬᠤ᠂ ᠠᠬᠤᠢ ᠲᠠᠯᠠᠪᠠᠢ ᠳᠤ ᠲᠠᠶᠢᠯᠤᠮᠵᠢ ᠬᠢᠪᠡ
5.jpg
   ᠪᠠᠷᠢᠯᠭ᠎ᠠ ᠶᠢᠨ ᠭᠠᠵᠠᠷ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠠᠷᠢᠯᠭ᠎ᠠ ᠶᠢᠨ ᠠᠬᠤᠢ ᠲᠠᠯᠠᠪᠠᠢ ᠶᠢᠨ ᠬᠥᠮᠥᠰ ᠲᠤ ᠬᠠᠨᠳᠤᠭᠤᠯᠤᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ᠂ ᠬᠤᠳᠠ ᠶᠢᠨ ᠬᠠᠮᠢᠶᠠᠷᠤᠯᠲᠠ ᠶᠢᠨ ᠲᠣᠭᠲᠠᠭᠠᠯ ᠢ ᠤᠯᠠᠮᠵᠢᠯᠠᠵᠤ᠂ ︽ᠵᠢᠷᠭᠤᠭᠠᠨ ᠵᠠᠭᠤᠨ ᠤ ᠵᠠᠭᠤ︾ ᠶᠢᠨ ᠪᠠᠷᠢᠯᠭ᠎ᠠ ᠶᠢᠨ ᠠᠬᠤᠢ ᠲᠠᠯᠠᠪᠠᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠪᠠ᠃   2᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠠᠮᠢᠶᠠᠷᠤᠯᠲᠠ ᠪᠠᠨ ᠴᠢᠩᠳᠠᠯᠠᠪᠠ   ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠭᠠᠵᠠᠷ ᠲᠤ ᠪᠥᠬᠦ ᠲᠠᠯ᠎ᠠ ᠶᠢᠨ᠂ ᠥᠨᠴᠥᠭ ᠪᠤᠯᠤᠩ ᠦᠭᠡᠢ ᠪᠠᠷ ᠵᠢᠭᠰᠠᠭᠠᠨ ᠪᠠᠶᠢᠴᠠᠭᠠᠯᠲᠠ ᠬᠢᠵᠦ᠂ ᠠᠬᠤᠢ ᠲᠠᠯᠠᠪᠠᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠳᠠᠷᠠᠭ᠎ᠠ ᠶᠢ ᠨᠡᠮᠡᠭᠳᠡᠭᠦᠯᠦᠨ᠂ ᠪᠠᠷᠢᠯᠭ᠎ᠠ ᠶᠢᠨ ᠭᠠᠵᠠᠷ ᠲᠤ ᠤᠬᠢᠶᠠᠬᠤ ᠲᠦᠭᠦᠭᠡᠷᠦᠮᠵᠢ᠂ ᠰᠦᠷᠴᠢᠭᠦᠷ ᠤᠨ ᠰᠢᠰᠲ᠋ᠧᠮ ᠤᠭᠰᠠᠷᠠᠬᠤ ᠶᠢ ᠴᠢᠩᠭ᠎ᠠ ᠱᠠᠭᠠᠷᠳᠠᠪᠠ᠃ ᠲᠤᠬᠠᠢ ᠶᠢᠨ ᠲᠠᠯᠠᠪᠠᠶ ᠶᠢᠨ ᠰᠤᠯᠠ ᠵᠠᠳᠠᠭᠠᠢ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠠᠰᠠᠭᠤᠳᠠᠯ ᠤᠨ ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠪᠠ ᠬᠠᠷᠢᠭᠤᠴᠠᠯᠭᠠᠲᠠᠨ ᠢ ᠲᠣᠳᠣᠷᠬᠠᠶᠢᠯᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠬᠢᠴᠠ ᠳᠤ ᠬᠢᠨᠠᠯᠲᠠ ᠲᠠᠯᠪᠢᠪᠠ᠃
8.png
   ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠪᠠᠷᠢᠯᠭ᠎ᠠ ᠶᠢᠨ ᠠᠬᠤᠢ ᠲᠠᠯᠠᠪᠠᠢ ᠶᠢᠨ ᠪᠠᠷᠢᠮᠵᠢᠶᠠᠵᠢᠭᠰᠠᠨ᠂ ᠳᠦᠷᠢᠮᠵᠢᠭᠰᠡᠨ᠂ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠳᠥᠭᠦᠮ ᠳᠥᠲᠡ᠂ ᠴᠡᠪᠡᠷ ᠲᠡᠭᠰᠢ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠢᠳᠡᠪᠬᠢᠲᠡᠢ ᠪᠠᠷ ᠪᠣᠶ ᠪᠣᠯᠭᠠᠨ᠎ᠠ᠃   
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ