BIM ᠮᠡᠷᠭᠡᠵᠢᠯ ᠤᠨ ᠬᠡᠷᠡᠭᠯᠡᠭᠡᠨ ᠤ ᠲᠤᠷᠰᠢᠯᠲᠠ ᠶᠢᠨ ᠲᠥᠷᠥᠯ ᠵᠦᠢᠯ ᠵᠢᠴᠢ ᠲᠤᠷᠰᠢᠯᠲᠠ ᠶᠢᠨ ᠨᠢᠭᠡᠴᠢ ︵ᠬᠤᠶᠠᠳᠤᠭᠠᠷ ᠪᠦᠯᠦᠭ︶ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/4/10
ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠨᠢᠭᠡᠴᠢ ᠳᠤ᠄  ︽ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ᠤᠨ ᠬᠡᠷᠡᠭᠯᠡᠯᠲᠡ ᠶᠢ ᠠᠬᠢᠭᠤᠯᠬᠤ ᠵᠢᠯᠣᠭᠤᠳᠬᠤ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠪᠠᠶᠢᠭᠤᠯᠤᠯᠲᠠ ᠴᠢᠨᠠᠷ ᠵᠠᠬᠢᠳᠠᠯ ﹇2015﹈ 159 ᠳ᠋ᠦ᠋ᠭᠡᠷ ᠲᠣᠭᠠᠲᠤ︶᠂ ︽ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 41 ᠳ᠋ᠦ᠋ᠭᠡᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 58 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ BIM ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ BIM ᠮᠡᠷᠭᠡᠵᠢᠯ ᠤᠨ ᠬᠡᠷᠡᠭᠯᠡᠭᠡᠨ ᠤ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠤ ᠠᠬᠤᠶᠢᠯᠠᠯ  ᠠᠴᠠ ᠭᠤᠶᠤᠴᠢᠯᠠᠬᠤ᠂ ᠠᠶᠢᠮᠠᠭ ᠬᠤᠲᠠ ᠶᠢᠨ ᠲᠠᠨᠢᠯᠴᠠᠭᠤᠯᠭ᠎ᠠ ᠪᠠᠷ ᠳᠡᠮᠵᠢᠨ᠂ ᠮᠠᠨ ᠤ ᠲᠢᠩᠬᠢᠮ ᠬᠤᠶᠠᠳᠤᠭᠠᠷ ᠪᠦᠯᠦᠭ ᠤᠨ BIM ᠮᠡᠷᠭᠡᠵᠢᠯ ᠤᠨ ᠬᠡᠷᠡᠭᠯᠡᠭᠡᠨ ᠤ ᠲᠤᠷᠰᠢᠯᠲᠠ ᠶᠢᠨ ᠴᠡᠭ ᠤᠨ ᠲᠥᠷᠥᠯ ᠵᠦᠢᠯ ᠵᠢᠴᠢ ᠲᠤᠷᠰᠢᠯᠲᠠ ᠶᠢᠨ ᠴᠡᠭ ᠤᠨ ᠨᠢᠭᠡᠴᠢ ︵ᠨᠡᠷᠡᠰ ᠢ ᠠᠷᠤ ᠳᠤᠨᠢ ᠳᠠᠭᠠᠯᠳᠤᠭᠤᠯᠪᠠ︶ ᠶᠢ ᠲᠣᠭᠲᠠᠭᠠᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ BIM ᠮᠡᠷᠭᠡᠵᠢᠯ ᠤᠨ ᠬᠡᠷᠡᠭᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶᠠᠲᠤ ᠣᠷᠣᠨ ᠤ ᠳᠣᠲᠣᠷᠠᠬᠢ ᠲᠤᠷᠰᠢᠯᠲᠠ ᠶᠢᠨ ᠲᠥᠷᠥᠯ ᠵᠦᠢᠯ ᠤᠨ ᠵᠢᠯᠣᠭᠤᠳᠣᠯᠭ᠎ᠠ᠂ ᠬᠠᠮᠢᠶᠠᠷᠤᠯᠲᠠ᠂ ᠦᠢᠯᠡᠴᠢᠯᠡᠭᠡ ᠶᠢ ᠴᠢᠩᠭᠠᠳᠬᠠᠨ᠂ ᠲᠤᠷᠰᠢᠯᠲᠠ ᠶᠢᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ ᠦᠷ᠎ᠡ ᠪᠦᠲᠦᠮᠵᠢ ᠪᠠᠷ ᠢᠯᠡᠷᠬᠡᠶ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠲᠤᠷᠰᠢᠯᠲᠠ ᠶᠢᠨ ᠨᠢᠭᠡᠴᠢ ᠳᠤ ᠲᠣᠭᠤᠷᠢᠨ ᠦᠵᠡᠵᠦ ᠰᠤᠷᠤᠯᠴᠠᠬᠤ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠮᠡᠷᠭᠡᠵᠢᠯ ᠤᠨ ᠲᠤᠷᠰᠢᠯᠭ᠎ᠠ ᠪᠠᠨ ᠰᠣᠯᠢᠯᠴᠠᠬᠤ ᠪᠠ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃  ᠬᠤᠶᠠᠷ᠂ ᠡᠯ᠎ᠡ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠨᠦᠭᠦᠳ BIM ᠬᠡᠷᠡᠭᠯᠡᠭᠡᠨ ᠤ ᠲᠥᠷᠥᠯ ᠬᠡᠯᠪᠡᠷᠢ᠂ ᠠᠬᠢᠴᠠ ᠪᠠ ᠬᠠᠮᠢᠶ᠎ᠠ ᠪᠥᠬᠦᠶ ᠮᠡᠷᠭᠡᠵᠢᠯ ᠤᠨ ᠱᠠᠭᠠᠷᠳᠠᠯᠭ᠎ᠠ ᠶᠣᠰᠣᠭᠠᠷ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠷᠰᠢᠯᠲᠠ ᠶᠢᠨ ᠲᠥᠷᠥᠯ ᠵᠦᠢᠯ ᠤᠨ BIM ᠮᠡᠷᠭᠡᠵᠢᠯ ᠤᠨ ᠬᠡᠷᠡᠭᠯᠡᠭᠡᠨ ᠤ ᠠᠵᠢᠯ ᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ᠃  ᠭᠤᠷᠪᠠ᠂ ᠡᠯ᠎ᠡ ᠲᠤᠷᠰᠢᠯᠲᠠ ᠶᠢᠨ ᠨᠢᠭᠡᠴᠢ BIM ᠮᠡᠷᠭᠡᠵᠢᠯ ᠤᠨ ᠬᠡᠷᠡᠭᠯᠡᠯᠲᠡ ᠶᠢ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠠᠵᠤ ᠲᠤᠰᠢᠶᠠᠨ ᠥᠭᠬᠦ᠂ ᠡᠵᠩᠨᠡᠯᠳᠡ ᠬᠠᠮᠠᠭᠠᠯᠠᠯᠳᠠ ᠵᠡᠷᠭᠡ ᠱᠠᠲᠤ ᠦᠶ᠎ᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ BIM ᠮᠡᠷᠭᠡᠵᠢᠯ ᠤᠨ ᠬᠡᠷᠡᠭᠯᠡᠭᠡᠨ ᠤ ᠲᠥᠷᠥᠯ ᠵᠦᠢᠯ ᠤᠨ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠶ᠃  ᠳᠥᠷᠪᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠲᠤᠷᠰᠢᠯᠲᠠ ᠶᠢᠨ ᠴᠡᠭ ᠤᠨ ᠲᠥᠷᠥᠯ ᠵᠦᠢᠯ ᠵᠢᠴᠢ ᠲᠤᠷᠰᠢᠯᠲᠠ ᠶᠢᠨ ᠴᠡᠭ ᠤᠨ ᠨᠢᠭᠡᠴᠢ ᠶᠢᠨ BIM ᠮᠡᠷᠭᠡᠵᠢᠯ ᠤᠨ ᠬᠡᠷᠡᠭᠯᠡᠯᠲᠡ ᠶᠢᠨ ᠪᠠᠶᠢᠳᠠᠯ ᠳᠤ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠯᠲᠡ ᠬᠢᠵᠦ᠂ ᠱᠠᠭᠠᠷᠳᠠᠯᠭ᠎ᠠ ᠳᠤ ᠥᠯᠥ ᠨᠡᠶᠢᠴᠡᠬᠦ ᠲᠥᠷᠥᠯ ᠵᠦᠢᠯ ᠵᠢᠴᠢ ᠲᠤᠷᠰᠢᠯᠲᠠ ᠶᠢᠨ ᠴᠡᠭ ᠤᠨ ᠨᠢᠭᠡᠴᠢ ᠳᠤ BIM ᠲᠤᠷᠰᠢᠯᠲᠠ ᠶᠢ ᠬᠦᠴᠦᠨ ᠥᠬᠡᠶ ᠪᠣᠯᠭᠠᠨ᠎ᠠ᠃    ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ BIM ᠮᠡᠷᠭᠡᠵᠢᠯ ᠤᠨ ᠬᠡᠷᠡᠭᠯᠡᠭᠡᠨ ᠤ ᠲᠤᠷᠰᠢᠯᠲᠠ ᠶᠢᠨ ᠴᠡᠭ ᠤᠨ ᠲᠥᠷᠥᠯ ᠵᠦᠢᠯ ᠵᠢᠴᠢ ᠲᠤᠷᠰᠢᠯᠲᠠ ᠶᠢᠨ ᠴᠡᠭ ᠤᠨ ᠨᠢᠭᠡᠴᠢ ᠶᠢᠨ ᠨᠡᠷᠡᠰ ︵ᠬᠤᠶᠠᠳᠤᠭᠠᠷ ᠪᠦᠯᠦᠭ︶ 2023 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ