ᠤᠯᠠᠭᠠᠨᠬᠤᠲᠠ ᠠᠩᠬᠠᠳᠠᠭᠴᠢ ᠰᠢᠨ᠎ᠡ ᠬᠡᠯᠪᠡᠷᠢ ᠶᠢᠨ ︽ᠡᠯᠧᠺᠲᠷᠣᠨ ᠮᠡᠳᠡᠭᠳᠡᠯ ᠤᠨ ᠬᠠᠭᠤᠳᠠᠰᠤ︾ ᠬᠡᠷᠡᠭᠯᠡᠪᠡ
ᠨᠡᠶᠢᠲᠡᠯᠡᠭᠰᠡᠨ ᠴᠠᠭ᠄
2023/4/11
   ᠣᠶᠢᠷ᠎ᠠ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠬᠢᠩᠭᠠᠨ ᠵᠡᠭᠡᠯᠢ ᠭᠤᠳᠤᠮᠵᠢ ᠶᠢᠨ ᠬᠤᠩ ᠴᠧᠩ ᠪᠠᠭ᠎ᠠ ᠰᠤᠷᠭᠠᠭᠤᠯᠢ ᠶᠢᠨ ᠤᠷᠴᠢᠮ᠂ ᠲᠤᠭᠳᠠᠭᠠᠯ ᠠᠴᠠ ᠵᠦᠷᠢᠴᠡᠨ ᠵᠠᠮ ᠡᠵᠡᠯᠡᠨ ᠵᠤᠭᠰᠤᠵᠤ ᠪᠠᠶᠢᠭᠰᠠᠨ ᠬᠤᠪᠢ ᠶᠢᠨ ᠮᠠᠰᠢᠨ ᠲᠡᠷᠭᠡᠨ ᠤ ᠡᠭᠦᠳᠡᠨ ᠳᠡᠭᠡᠷ᠎ᠡ ︽ᠬᠥᠬᠡ ᠭᠠᠳᠤᠷ᠎ᠠ︾ ᠨᠠᠭᠠᠵᠠᠢ᠃ ᠡᠨᠡ ᠪᠣᠯ ᠤᠯᠠᠭᠠᠨᠬᠤᠲᠠ ᠶᠢᠨ ᠬᠢᠨ ᠲᠤᠭᠳᠠᠭᠠᠯ ᠠᠴᠠ ᠵᠦᠷᠢᠴᠡᠨ ᠵᠠᠮ ᠡᠵᠡᠯᠡᠨ ᠵᠣᠭᠰᠣᠭᠰᠠᠨ ᠮᠠᠰᠢᠨ ᠲᠡᠷᠭᠡᠨ ᠳᠤ ᠴᠢᠭᠯᠡᠭᠦᠯᠦᠨ ᠭᠠᠷᠭᠠᠭᠰᠠᠨ ᠠᠩᠬᠠᠳᠠᠭᠴᠢ ᠰᠢᠨ᠎ᠡ ᠬᠡᠯᠪᠡᠷᠢ ᠶᠢᠨ ︽ᠡᠯᠧᠺᠲᠷᠣᠨ ᠮᠡᠳᠡᠭᠳᠡᠯ ᠤᠨ ᠬᠠᠭᠤᠳᠠᠰᠤ︾ ᠶᠤᠮ᠃
微信图片_20230411170418.png
   ᠤᠯᠠᠭᠠᠨᠬᠤᠲᠠ ᠠᠩᠬᠠᠳᠠᠭᠴᠢ ᠰᠢᠨ᠎ᠡ ᠬᠡᠯᠪᠡᠷᠢ ᠶᠢᠨ ︽ᠡᠯᠧᠺᠲᠷᠣᠨ ᠮᠡᠳᠡᠭᠳᠡᠯ ᠤᠨ ᠬᠠᠭᠤᠳᠠᠰᠤ︾ ᠬᠡᠷᠡᠭᠯᠡᠪᠡ   ᠬᠢᠩᠭᠠᠨ ᠠᠶᠢᠮᠠᠭ ᠤᠨ ᠤᠯᠠᠭᠠᠨᠬᠤᠲᠠ ᠶᠢᠨ ᠲᠣᠭᠤᠷᠢᠭ ᠤᠨ ᠲᠣᠭᠲᠠᠩᠭᠤᠢ ᠲᠡᠷᠭᠡ ᠵᠣᠭᠰᠣᠬᠤ ᠬᠠᠮᠢᠶᠠᠷᠤᠯᠲᠠ ᠶᠢᠨ ᠡᠮᠬᠢ ᠵᠢᠷᠤᠮ ᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ 4 ᠳ᠋ᠤᠭᠡᠷ ᠰᠠᠷ᠎ᠠ ᠠᠴᠠ ᠡᠬᠢᠯᠡᠨ᠂ ᠤᠯᠠᠭᠠᠨᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽ᠳᠡᠭᠡᠳᠦ ᠰᠢᠨᠵᠢᠯᠡᠭᠡ ᠮᠡᠷᠭᠡᠵᠢᠯ︾ ︱ ᠰᠢᠨ᠎ᠡ ᠬᠡᠯᠪᠡᠷᠢ ᠶᠢᠨ ᠡᠯᠧᠺᠲᠷᠣᠨ ᠮᠡᠳᠡᠭᠳᠡᠯ ᠤᠨ ᠬᠠᠭᠤᠳᠠᠰᠤ ᠶᠢ ᠬᠡᠷᠡᠭᠯᠡᠪᠡ᠃ ᠡᠨᠡ ᠬᠦ ᠡᠯᠧᠺᠲᠷᠣᠨ ᠮᠡᠳᠡᠭᠳᠡᠯ ᠤᠨ ᠬᠠᠭᠤᠳᠠᠰᠤ ᠶᠢᠨ ᠭᠠᠳᠠᠷ ᠪᠠᠶᠢᠳᠠᠯ ᠨᠢ ᠶᠠᠭ ᠯᠠ ︽ᠬᠥᠬᠡ ᠭᠠᠳᠤᠷ᠎ᠠ︾ ᠮᠡᠲᠦ ᠪᠥᠭᠡᠳ᠂ ᠨᠢᠭᠤᠷ ᠲᠠᠯ᠎ᠠ ᠳᠤᠨᠢ ︽ᠠᠮᠤᠷ ᠲᠦᠪᠰᠢᠨ ᠢᠶᠠᠷ ᠶᠠᠪᠤᠵᠤ ᠪᠣᠯᠪᠠᠰᠤᠨ ᠢᠶᠠᠷ ᠲᠡᠷᠭᠡ ᠵᠣᠭᠰᠣᠭᠠᠨ᠎ᠠ︾ ᠭᠡᠰᠡᠨ ᠥᠰᠥᠭ ᠪᠠ ᠬᠤᠶᠠᠷ ᠬᠡᠮᠵᠢᠯᠲᠦ ᠺᠣᠳ᠋ ᠲᠠᠢ᠂ ᠠᠷᠤ ᠲᠠᠯ᠎ᠠ ᠳᠤᠨᠢ GPS ᠣᠷᠣᠨ ᠪᠠᠶᠢᠷᠢ ᠲᠣᠭᠲᠠᠭᠠᠬᠤ ᠰᠢᠰᠲ᠋ᠧᠮ᠂ ᠲᠦᠭᠰᠢᠭᠦᠷᠢ ᠮᠡᠳᠡᠭᠡᠯᠡᠬᠦ ᠰᠢᠰᠲ᠋ᠧᠮ ᠪᠠ ᠬᠤᠭᠤᠰᠣᠮ ᠰᠣᠷᠣᠭᠤᠯ ᠲᠠᠪᠠᠭ ᠲᠠᠭᠠᠷᠠᠭᠤᠯᠵᠤ᠂ ᠰᠣᠷᠣᠭᠤᠯ ᠲᠠᠪᠠᠭ ᠤᠨ ᠰᠤᠷᠤᠬᠤ ᠬᠦᠴᠦ ᠨᠢ 300 ᠺᠢᠯᠣᠭ᠍ᠷᠠᠮ ᠠᠴᠠ ᠳᠡᠭᠡᠭᠰᠢ ᠪᠠᠶᠢᠳᠠᠭ᠃ ᠲᠤᠰ ᠲᠥᠬᠦᠭᠡᠷᠦᠮᠵᠢ ᠶᠢ ᠠᠪᠴᠤ ᠬᠠᠶᠠᠬᠤ ᠳᠤ ᠬᠢᠯᠪᠠᠷ ᠪᠢᠰᠢ ᠪᠥᠭᠡᠳ ᠲᠡᠷᠭᠡ ᠶᠢ ᠡᠪᠳᠡᠨ ᠰᠦᠢᠳᠬᠡᠬᠦ ᠦᠭᠡᠢ᠂ ᠲᠡᠷᠭᠡ ᠣᠨᠢᠰᠤᠯᠠᠬᠤ ᠶᠢ ᠨᠥᠯᠥᠭᠡᠯᠡᠬᠦ ᠦᠭᠡᠢ᠃ ᠬᠡᠷᠪᠡ ᠳᠦᠷᠢᠮ ᠠᠴᠠ ᠵᠥᠷᠢᠴᠡᠨ ᠵᠣᠭᠰᠣᠭᠠᠭᠰᠠᠨ ᠲᠡᠷᠭᠡᠨ ᠳᠤ ︽ᠡᠯᠧᠺᠲᠷᠣᠨ ᠮᠡᠳᠡᠭᠳᠡᠬᠦ ᠬᠠᠭᠤᠳᠠᠰᠤ︾ ᠨᠠᠭᠠᠭᠰᠠᠨ ᠪᠠᠶᠢᠪᠠᠯ᠂ ᠮᠡᠳᠡᠭᠳᠡᠯ ᠤᠨ ᠬᠠᠭᠤᠳᠠᠰᠤᠨ ᠳᠡᠭᠡᠷᠡᠬᠢ ᠰᠠᠨᠠᠭᠤᠯᠤᠮᠵᠢ ᠶᠢᠨ ᠮᠡᠳᠡᠭᠡ ᠵᠠᠩᠭᠢ ᠪᠠᠷ ᠰᠢᠢᠳᠪᠦᠷᠢᠯᠡᠨ᠎ᠡ᠃   ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠰᠢᠨ᠎ᠡ ᠬᠡᠯᠪᠡᠷᠢ ᠶᠢᠨ ︽ᠡᠯᠧᠺᠲᠷᠣᠨ ᠮᠡᠳᠡᠭᠳᠡᠯ ᠤᠨ ᠬᠠᠭᠤᠳᠠᠰᠤ︾ ᠶᠢ ᠦᠷᠭᠦᠯᠵᠢᠯᠡᠨ ᠲᠦᠭᠡᠮᠡᠯᠵᠢᠭᠦᠯᠬᠦ ᠶᠢᠨ ᠬᠠᠮᠲᠤ ᠵᠣᠭᠰᠤᠭ᠎ᠠ ᠲᠡᠷᠭᠡ ᠬᠥᠰᠬᠡ ᠶᠢᠨ ᠲᠣᠭᠲᠠᠭᠠᠯ ᠢ ᠵᠥᠷᠢᠴᠡᠨ ᠵᠣᠭᠰᠣᠭᠰᠠᠨ ᠳᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠳᠤ ᠬᠦᠴᠦᠨ ᠨᠡᠮᠡᠷᠢᠯᠡᠭᠦᠯᠬᠦ ᠪᠣᠯᠣᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ