ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠲᠢᠩᠬᠢᠮ ᠤᠨ ᠬᠢᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/18
   4 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠲᠢᠩᠬᠢᠮ ᠤᠨ ᠬᠢᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠬᠤᠷᠠᠯ ᠢ ᠡᠷᠭᠢᠯᠡᠪᠡ᠃
1.jpg
   ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠡᠭᠦᠷᠭᠡ ᠮᠥᠨ᠂ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ ᠶᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠲᠢᠩᠬᠢᠮ ᠤᠨ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ᠂ ᠳᠡᠭᠡᠳᠦ ᠱᠠᠳᠤ ᠨᠢ ᠳᠤᠤᠷᠠᠳᠤ ᠱᠠᠳᠤ ᠪᠠᠨ ᠳᠠᠭᠠᠭᠤᠯᠬᠤ ᠪᠠ ᠱᠠᠳᠤ ᠱᠠᠳᠤ ᠪᠠᠷ ᠳᠠᠭᠠᠬᠤ ᠶᠢ ᠤᠶᠠᠯᠳᠤᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠭᠦᠷᠭᠡ ᠪᠠᠨ ᠨᠠᠶᠢᠳᠠᠪᠤᠷᠢᠵᠢᠭᠤᠯᠵᠤ᠂ ᠠᠵᠢᠯ ᠢᠶᠠᠨ ᠯᠠᠪᠳᠠᠭᠤᠨ ᠪᠠᠲᠤᠲᠠᠶ ᠬᠢᠵᠦ ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠲᠤ ᠱᠠᠲᠤ ᠪᠠᠷ ᠬᠥᠲᠥᠯᠥᠨ ᠳᠠᠭᠠᠭᠤᠯᠤᠨ ᠳᠠᠶᠢᠴᠢᠯᠠᠵᠤ᠂ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ ᠲᠦᠷᠦᠭᠦᠯᠡᠨ ᠭᠤᠤᠯ ᠰᠡᠳᠦᠪᠲᠦ ᠬᠥᠮᠦᠵᠢᠯ ᠳᠤ ᠢᠳᠡᠪᠬᠢᠲᠡᠶ ᠣᠷᠣᠯᠴᠠᠵᠤ᠂ ᠲᠤᠰᠬᠠᠶ ᠰᠡᠳᠦᠪᠲᠦ ᠨᠠᠮ ᠤᠨ ᠬᠢᠴᠢᠶᠡᠯ ᠲᠠᠶᠢᠯᠪᠦᠷᠢᠯᠠᠵᠦ᠂ ᠭᠤᠤᠯ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠬᠡᠷᠡᠭᠲᠡᠶ᠃ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠵᠦ ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠦᠨᠡᠨ ᠪᠤᠳᠠᠲᠠᠢ ᠪᠠᠷ ᠠᠳᠬᠤᠵᠤ ᠦᠷ᠎ᠡ ᠪᠦᠲᠦᠮᠵᠢ ᠭᠠᠷᠭᠠᠵᠤ᠂ ᠤᠬᠠᠮᠰᠠᠷ ᠠᠴᠠ ᠪᠠᠨ ᠬᠡᠪ ᠳᠠᠭᠤᠷᠢᠶᠠᠯ ᠪᠤᠯᠵᠤ᠂ ᠵᠢᠱᠢᠶ᠎ᠡ ᠦᠵᠡᠭᠦᠯᠵᠦ᠂ ᠦᠯᠢᠭᠡᠷ ᠳᠠᠭᠤᠷᠢᠶᠠᠯ ᠪᠤᠯᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠪᠠᠨ ᠨᠠᠶᠢᠳᠠᠪᠤᠵᠢᠭᠤᠯᠬᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠬᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠡᠯ᠎ᠡ ᠵᠦᠢᠯ ᠤᠨ ᠠᠵᠢᠯ ᠢ ᠭᠦᠨᠵᠡᠭᠡᠢ ᠠᠬᠢᠭᠤᠯᠵᠤ᠂ ᠤᠳᠤᠷᠢᠳᠬᠤ ᠺᠠᠳ᠋ᠷ ᠨᠡᠩ ᠥᠨᠳᠥᠷ ᠪᠠᠷᠢᠮᠵᠢᠶ᠎ᠠ ᠶᠢ ᠪᠤᠢ ᠪᠣᠯᠭᠠᠵᠤ᠂ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠤᠷᠢᠳᠠᠪᠠᠷ ᠥᠭᠡᠷᠡᠴᠢᠯᠡᠵᠦ᠂ ᠪᠣᠳᠠᠲᠠᠢ ᠪᠠᠷ ᠥᠭᠡᠷᠡᠴᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠰᠠᠶᠢᠨ ᠵᠢᠱᠢᠶ᠎ᠡ ᠦᠵᠡᠭᠦᠯᠵᠦ᠂ ᠦᠯᠢᠬᠡᠷ ᠳᠠᠭᠤᠷᠢᠶᠠᠯ ᠪᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠨᠢᠭᠡ ᠱᠠᠳᠤ ᠨᠢ ᠨᠢᠭᠡ ᠱᠠᠳᠤ ᠳᠤ ᠪᠠᠨ ᠬᠠᠷᠢᠭᠤᠴᠠᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠪᠠᠲᠤᠯᠠᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠨᠡᠨ ᠬᠦ ᠰᠤᠷᠤᠯᠴᠠᠵᠤ᠂ ᠦᠨᠡᠨ ᠬᠦ ᠣᠶᠢᠯᠠᠭᠠᠵᠤ᠂ ᠦᠨᠡᠨ ᠬᠦ ᠢᠲᠡᠭᠡᠵᠦ᠂ ᠦᠨᠡᠨ ᠬᠦ ᠤᠬᠠᠭᠠᠵᠦ᠂ ᠰᠤᠷᠤᠯᠴᠠᠯᠭ᠎ᠠ ᠶᠢᠨ ᠤᠭ ᠰᠠᠨᠠᠭ᠎ᠠ᠂ ᠰᠤᠷᠤᠯᠴᠠᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠥᠪᠡᠷ ᠪᠡᠶ᠎ᠡ ᠳᠡᠭᠡᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠳᠠᠭᠠᠨ ᠣᠷᠣᠭᠤᠯᠵᠤ᠂ ᠠᠵᠢᠯ ᠳᠠᠭᠠᠨ ᠣᠷᠣᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃   ᠬᠤᠷᠠᠯ ᠠᠴᠠ᠂ ︽ᠲᠣᠭᠲᠠᠭᠰᠠᠨ ᠠᠵᠢᠯᠯᠠᠭ᠎ᠠ︾ ᠪᠣᠯᠤᠨ ︽ᠥᠪᠡᠰᠦᠪᠡᠨ ᠰᠣᠩᠭᠤᠬᠤ ᠠᠵᠢᠯᠯᠠᠭ᠎ᠠ︾ ᠢ ᠤᠶᠠᠯᠳᠤᠭᠤᠯᠬᠤ ᠬᠡᠷᠡᠭᠲᠡᠶ᠃ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠣᠨᠴᠠᠯᠢᠭ ᠢ ᠢᠯᠡᠷᠡᠭᠦᠯᠬᠦ᠂ ᠥᠪᠥᠷ ᠮᠣᠩᠭᠤᠯ ᠤᠨ ᠨᠡᠷ᠎ᠡ ᠲᠥᠷᠦ ᠶᠢ ᠪᠣᠶ ᠪᠣᠯᠭᠠᠬᠤ ᠪᠠᠷ ᠡᠨᠡ ᠤᠳᠠᠭᠠᠨ ᠤ ᠰᠤᠷᠭᠠᠨ ᠬᠥᠮᠦᠵᠢᠯ ᠤᠨ ᠬᠦᠴᠦᠯᠡᠬᠦ ᠴᠡᠭ ᠪᠣᠯᠭᠠᠵᠤ᠂ ᠠᠷᠭ᠎ᠠ ᠬᠡᠮᠵᠢᠶ᠎ᠡ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ︾ 3+1 ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠢ ᠰᠢᠨ᠎ᠡ ᠬᠥᠭᠵᠢᠯᠲᠡ ᠶᠢᠨ ᠵᠠᠭᠪᠤᠷ ᠳᠠᠰᠢ ᠬᠤᠪᠢᠷᠠᠭᠤᠯᠬᠤ ᠶᠢ ᠠᠬᠢᠭᠤᠯᠬᠤ᠂ ᠪᠠᠷᠢᠯᠭ᠎ᠠ ᠶᠢᠨ ᠦᠢᠯᠡᠰ ᠤᠨ ᠶᠠᠰᠤ ᠴᠢᠨᠠᠷ ᠢ ᠴᠢᠩᠭᠠᠷᠠᠭᠤᠯᠬᠤ ᠶᠢ ᠠᠬᠢᠭᠤᠯᠬᠤ ᠵᠢᠴᠢ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷᠲᠠᠢ᠂ ᠤᠶᠤᠨᠳᠦ ᠬᠤᠳᠠ ᠵᠡᠷᠭᠡ ᠭᠤᠷᠪᠠᠨ ᠲᠠᠯ᠎ᠠ ᠪᠠᠷ ᠲᠡᠷᠢᠭᠦᠨ ᠳᠤ ᠣᠷᠣᠬᠤ ᠬᠤᠲᠠ ᠶᠢ ᠴᠣᠭᠴᠠᠯᠠᠬᠤ ᠪᠠᠷ ᠴᠢᠷᠮᠠᠶᠢᠨ ᠪᠡᠶᠡᠯᠡᠭᠦᠯᠵᠦ᠂ ︽ᠦᠷᠢᠰᠦᠯᠳᠦᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ︾ ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠡᠭᠦᠳᠴᠦ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠪᠠᠷ ᠬᠥᠲᠥᠯᠦᠨ ᠳᠠᠭᠠᠭᠤᠯᠵᠤ ᠬᠥᠭᠵᠢᠯᠲᠡ ᠶᠢ ᠳᠥᠯᠭᠢᠨ ᠠᠬᠢᠭᠤᠯᠬᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠤᠯᠭᠠᠨ᠎ᠠ ᠭᠡᠵᠦ ᠱᠠᠭᠠᠷᠳᠠᠪᠠ᠃   ᠬᠤᠷᠠᠯ ᠠᠴᠠ᠂ ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ ᠪᠠ ᠪᠡᠶ᠎ᠡ ᠪᠠᠷ ᠢᠶᠠᠨ ᠦᠢᠯᠡᠳᠦᠯᠭᠡᠵᠢᠭᠦᠯᠬᠦ ᠶᠢ ᠤᠶᠠᠯᠳᠤᠭᠤᠯᠬᠤ ᠬᠡᠷᠡᠭᠲᠡᠢ᠃ ︽ᠭᠤᠷᠪᠠ ᠶᠢ ᠰᠤᠷᠤᠯᠴᠠᠬᠤ᠂ ᠭᠤᠷᠪᠠ ᠶᠢ ᠡᠷᠬᠢᠮᠯᠡᠬᠦ᠂ ᠭᠤᠷᠪᠠ ᠶᠢ ᠦᠵᠡᠬᠦ᠂ ᠭᠤᠷᠪᠠ ᠶᠢ ᠠᠳᠠᠯᠢᠳᠬᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠭ ᠵᠣᠬᠢᠶᠠᠯ ᠢ ᠨᠢ ᠤᠩᠰᠢᠵᠤ ᠣᠭ ᠵᠣᠬᠢᠶᠠᠯ ᠢ ᠨᠢ ᠰᠤᠷᠤᠯᠴᠠᠵᠤ ᠣᠭ ᠶᠣᠰᠣ ᠶᠢ ᠣᠶᠢᠯᠠᠭᠠᠬᠤ ᠶᠢ ᠪᠠᠷᠢᠮᠲᠠᠯᠠᠨ᠂ ᠢᠯᠡᠭᠦᠬᠡᠨ ᠪᠣᠳᠣᠯᠬᠢᠯᠠᠵᠤ ᠢᠯᠡᠭᠦᠤ ᠰᠡᠳᠬᠢᠬᠦ᠂ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ ᠣᠶᠢᠯᠠᠭᠠᠬᠤ ᠶᠢ ᠪᠠᠷᠢᠮᠲᠠᠯᠠᠵᠤ᠂ ᠪᠣᠳᠠᠲᠠᠶ ᠲᠠᠢ ᠤᠶᠠᠯᠳᠤᠭᠤᠯᠤᠨ᠂ ᠠᠵᠢᠯ ᠤᠨ ᠪᠠᠶᠢᠷᠢ ᠳᠠᠭᠠᠨ ᠰᠠᠭᠤᠷᠢᠯᠠᠬᠤ ᠶᠢ ᠪᠠᠷᠢᠮᠲᠠᠯᠠᠵᠤ᠂ ᠦᠩᠭᠡᠨ ᠲᠠᠯ᠎ᠠ ᠶᠢ ᠮᠡᠳᠡᠬᠦ ᠠᠴᠠ ᠨᠠᠩ ᠤᠳᠬ᠎ᠠ ᠶᠢ ᠮᠡᠳᠡᠬᠦ᠂ ᠤᠴᠢᠷ ᠤᠳᠬ᠎ᠠ ᠶᠢ ᠮᠡᠳᠡᠬᠦ  ᠠᠴᠠ ᠨᠠᠩ ᠢᠯᠡᠭᠦᠤ ᠶᠠᠭᠠᠬᠢᠭᠠᠳ ᠭᠡᠬᠦ ᠶᠢ ᠮᠡᠳᠡᠬᠦ᠂ ᠣᠨᠣᠯ ᠤᠨ ᠰᠤᠷᠤᠯᠴᠠᠯᠭ᠎ᠠ ᠪᠠᠷ ᠲᠠᠷᠢᠬᠢ ᠲᠣᠯᠣᠭᠠᠶ ᠬᠡᠷᠡᠭᠯᠡᠵᠦ᠂ ᠦᠨᠡᠨᠴᠢ ᠢᠲᠡᠭᠡᠮᠵᠢ ᠲᠠᠢ ᠲᠦᠯᠬᠢᠨ ᠠᠬᠢᠭᠤᠯᠤᠨ᠎ᠠ᠃ ᠪᠠᠶᠢᠴᠠᠭᠠᠨ ᠰᠤᠳᠤᠯᠤᠯᠲᠠ ᠪᠠᠷ ᠵᠠᠮ ᠨᠡᠭᠡᠭᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ 12 ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠢᠩᠬᠢᠮ ᠤᠨ ᠰᠢᠰᠲ᠋ᠧᠮ ᠳᠤ ᠲᠣᠭᠲᠠᠭᠠᠭᠰᠠᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ 10 ᠲᠠᠯ᠎ᠠ ᠶᠢᠨ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠣᠰᠣᠭᠠᠷ᠂ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠰᠢᠭᠤᠳ ᠦᠨᠳᠦᠰᠦᠨ ᠱᠠᠳᠤ ᠪᠣᠯᠤᠨ ᠨᠢᠭᠡᠳᠦᠭᠡᠷ ᠹᠷᠣᠨᠲ ᠲᠤ ᠬᠦᠷᠴᠦ᠂ ᠪᠣᠳᠠᠲᠤ ᠪᠠᠶᠢᠳᠠᠯ ᠢ ᠪᠠᠶᠢᠴᠠᠭᠠᠵᠤ᠂ ᠲᠤᠳᠠᠭᠳᠠᠯ ᠢ ᠡᠷᠢᠵᠦ᠂ ᠪᠣᠳᠠᠲᠠᠢ ᠠᠷᠭ᠎ᠠ ᠤᠬᠠᠭᠠᠨ ᠰᠦᠪᠡᠭᠴᠢᠯᠡᠵᠦ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠠᠰᠠᠭᠤᠳᠠᠯ ᠢ ᠪᠣᠳᠠᠲᠠᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠢᠮᠠᠭᠲᠠ ᠲᠤᠭᠤᠰᠢᠯᠠᠭᠤᠯᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠵᠤ᠂ ᠪᠠᠶᠢᠴᠠᠭᠠᠨ ᠦᠵᠡᠬᠦ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠤᠨᠤᠯ ᠤᠨ ᠰᠤᠷᠤᠯᠴᠠᠯᠭ᠎ᠠ᠂ ᠤᠯᠤᠰ ᠲᠦᠷᠦ ᠶᠢᠨ ᠬᠡᠪ ᠴᠢᠨᠠᠷ᠂ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠤᠨ ᠰᠤᠷᠲᠠᠯ ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠡᠷᠭᠡ 6 ᠲᠠᠯ᠎ᠠ ᠶᠢᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠠᠰᠠᠭᠤᠳᠠᠯ ᠤᠨ ᠦᠨᠳᠦᠰᠦ ᠰᠤᠷᠪᠤᠯᠵᠢ ᠪᠠ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠠᠵᠢᠯ ᠲᠦᠷᠦᠯ ᠤᠨ ᠵᠠᠰᠠᠯᠲᠠ ᠶᠢᠨ ᠲᠦᠪᠰᠢᠨ ᠪᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠶ ᠴᠤᠭ ᠪᠠᠳᠠᠷᠠᠩᠭᠤᠢ ᠡᠭᠦᠷᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠵᠢᠯ ᠤᠨ ᠡᠬᠢᠨ ᠳᠤ ᠲᠣᠭᠲᠠᠭᠠᠭᠰᠠᠨ ᠠᠵᠢᠯ ᠤᠨ ᠬᠠᠷᠠᠯᠲᠠ ᠶᠢ ᠠᠯᠬᠤᠮ ᠠᠯᠬᠤᠮ ᠢᠶᠠᠷ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
22222.jpg
   ᠬᠤᠷᠠᠯ ᠠᠴᠠ᠂ ︽ᠪᠠᠲᠤᠯᠠᠪᠤᠷᠢ ᠲᠠᠢ ᠲᠤᠰᠢᠶᠠᠬᠤ ᠠᠰᠠᠷ︾᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠪᠠᠶᠢᠴᠠᠭᠠᠵᠤ ᠴᠡᠭᠴᠡᠯᠡᠨ ᠵᠠᠰᠠᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠵᠡᠷᠭᠡ ᠭᠤᠣᠯᠳᠠᠯᠭ᠎ᠠ ᠲᠠᠢ ᠲᠤᠰᠬᠠᠢ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠴᠢᠬᠤᠯᠠᠴᠢᠯᠠᠭᠰᠠᠨ ᠨᠢ᠂ ︽ᠪᠠᠲᠤᠯᠠᠪᠤᠷᠢ ᠲᠠᠢ ᠲᠤᠰᠢᠶᠠᠬᠤ ᠠᠰᠠᠷ︾ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠵᠤ᠂ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠶᠢᠯᠠᠯ ᠤᠨ ᠥᠪᠡᠷ ᠢ ᠪᠠᠨ ᠠᠪᠤᠷᠬᠠᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠪᠠᠲᠤᠯᠠᠪᠤᠷᠢ ᠲᠠᠢ ᠲᠤᠰᠢᠶᠠᠬᠤ ᠠᠰᠠᠷ ᠤᠨ ᠲᠤᠰᠬᠠᠶ ᠵᠦᠢᠯ ᠤᠨ ᠵᠢᠭᠡᠯᠡᠯᠭᠡ ᠶᠢ ᠰᠠᠶᠢᠲᠤᠷ ᠬᠡᠷᠡᠭᠯᠡᠨ᠂ ᠪᠠᠩᠬᠢ ᠶᠢᠨ ᠢᠵᠢ ᠪᠥᠷᠢᠳᠦᠭᠦᠯᠬᠦ ᠵᠢᠭᠡᠯᠡᠯᠭᠡ ᠶᠢ ᠢᠳᠡᠪᠬᠢᠲᠡᠶ ᠵᠣᠬᠢᠴᠠᠭᠤᠯᠵᠤ᠂ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠦᠨᠡᠨᠬᠦ ᠰᠠᠶᠢᠲᠤᠷ ᠬᠢᠵᠦ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠰᠠᠶᠢᠲᠤᠷ ᠠᠳᠬᠤᠬᠤ ᠤᠷᠢᠲᠠᠯ ᠳᠣᠤᠷ᠎ᠠ᠂ ᠲᠥᠷᠥᠯ ᠵᠦᠢᠯ ᠤᠨ ᠠᠯᠢ ᠲᠦᠷᠭᠡᠨ ᠢᠶᠠᠷ ᠬᠡᠷ ᠪᠠᠶᠢᠰᠢᠩ ᠲᠤᠰᠢᠶᠠᠬᠤ ᠶᠢ ᠲᠦᠷᠭᠡᠳᠬᠡᠨ ᠠᠬᠢᠭᠤᠯᠵᠤ᠂ ᠴᠠᠭ ᠲᠤᠬᠠᠢ ᠳᠤᠨᠢ ᠪᠠᠲᠤᠯᠠᠪᠤᠷᠢ ᠲᠠᠢ ᠲᠤᠰᠢᠶᠠᠬᠤ ᠠᠰᠠᠷ ᠤᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠥᠪᠡᠰᠦᠪᠡᠨ ᠪᠠᠷᠢᠭᠰᠠᠨ ᠬᠡᠷ ᠪᠠᠶᠢᠰᠢᠩ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠠᠭ ᠬᠤᠭᠤᠴᠠᠭ᠎ᠠ ᠪᠠ ᠡᠭᠦᠷᠭᠡ ᠬᠠᠷᠠᠯᠲᠠ ᠶᠢ ᠴᠢᠩᠭ᠎ᠠ ᠠᠳᠬᠤᠨ᠂ ᠲᠤᠰᠬᠠᠶ ᠮᠡᠷᠭᠡᠵᠢᠯ ᠤᠨ ᠠᠵᠢᠯᠲᠠᠨ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠪᠠ ᠬᠤᠷᠴᠠ ᠴᠢᠳᠠᠮᠠᠭᠠᠶ ᠬᠦᠴᠦᠨ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠡᠨᠡ ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠰᠦᠪᠡᠨ ᠪᠠᠷᠢᠭᠰᠠᠨ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠢᠨᠵᠧᠨᠧᠷᠢᠩ ᠢ ᠴᠡᠭᠴᠡᠯᠡᠨ ᠵᠠᠰᠠᠬᠤ ᠶᠢ ᠲᠦᠷᠭᠡᠳᠬᠡᠵᠦ᠂ ᠬᠠᠷᠢᠶ᠎ᠠ ᠭᠠᠵᠠᠷ ᠤᠨ ᠴᠡᠭᠴᠡᠯᠡᠨ ᠵᠠᠰᠠᠬᠤ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠳᠠ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠥᠪᠡᠰᠦᠪᠡᠨ ᠪᠠᠷᠢᠭᠰᠠᠨ ᠬᠡᠷ ᠪᠠᠶᠢᠰᠢᠩ ᠳᠤ᠂ ᠬᠢᠨᠠᠨ ᠦᠨᠡᠯᠡᠯᠳᠡ ᠳ᠋ᠦᠩᠨᠡᠯᠲᠡ᠂ ︽ᠨᠢᠭᠡ ᠰᠠᠭᠤᠷᠢ ᠨᠢᠭᠡ ᠪᠣᠳᠣᠯᠭ᠎ᠠ︾ ᠶᠢ ᠦᠨᠳᠦᠰᠦᠯᠡᠨ ᠴᠡᠭᠴᠡᠯᠡᠨ ᠵᠠᠰᠠᠬᠤ ᠲᠥᠰᠦᠯ ᠲᠣᠭᠲᠠᠭᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠠᠪᠴᠤ᠂ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠢᠳᠡᠪᠬᠢᠲᠡᠶ ᠠᠬᠢᠭᠤᠯᠤᠨ᠂ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠠᠷᠢᠯᠭᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠭᠡᠷ ᠪᠠᠶᠢᠰᠢᠩ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠥᠷᠢᠨᠰᠢᠬᠦᠯᠵᠤ᠂ ᠡᠬᠢ ᠡᠭᠦᠰᠦᠯ ᠠᠴᠠ ᠨᠢ ᠵᠠᠰᠠᠬᠤ ᠪᠠᠷ ᠴᠢᠷᠮᠠᠶᠢᠵᠤ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠥᠪᠰᠢᠨ ᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠲᠤᠨ ᠭᠤᠤᠯ ᠳᠠᠭᠠᠤ ᠰᠠᠪᠠ ᠭᠠᠵᠠᠷ ᠤᠨ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠪᠠᠶᠢᠭᠤᠯᠤᠯᠳᠠᠲᠤ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠶᠢᠨ ᠵᠢᠭᠰᠠᠭᠠᠨ ᠪᠠᠶᠢᠴᠠᠭᠠᠵᠦ ᠪᠠᠶᠢᠳᠠᠯ ᠢ ᠤᠶᠢᠯᠠᠭᠠᠬᠤ ᠠᠵᠢᠯ ᠢ ᠬᠢᠨᠠᠮᠠᠭᠠᠶ ᠥᠷᠨᠢᠭᠦᠯᠵᠦ᠂ ᠭᠤᠷᠪᠠᠨ ᠨᠠᠷᠢᠨ ᠲᠠᠩᠰᠠ ᠶᠢ ᠲᠦᠷᠭᠡᠬᠡᠨ ᠭᠠᠷᠭᠠᠬᠤ ᠶᠢᠨ ᠬᠠᠮᠲᠤ᠂ ᠡᠯ᠎ᠡ ᠭᠠᠵᠠᠷ ᠤᠨ ᠬᠢᠨ ᠢ ᠰᠢᠮᠳᠠᠭᠤᠯᠤᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠤᠨ ᠤ ᠲᠥᠯᠥᠪᠯᠡᠭᠡ ᠶᠢ ᠲᠣᠭᠲᠠᠭᠠᠵᠤ᠂ ᠠᠵᠢᠯ ᠡᠬᠢᠯᠡᠭᠡ ᠦᠭᠡᠢ ᠭᠠᠵᠠᠷ ᠣᠷᠣᠨ ᠤ ᠱᠠᠯᠠᠪᠳᠠᠨ ᠪᠠᠶᠢᠷᠢᠰᠢᠭᠤᠯᠵᠤ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠵᠤ᠂ ᠲᠤᠳᠠᠭᠳᠠᠯ ᠢᠶᠠᠨ ᠲᠦᠷᠭᠡᠬᠡᠨ ᠨᠥᠬᠦᠪᠥᠷᠢᠯᠡᠵᠦ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠬᠡᠷᠡᠭᠯᠡᠵᠦ ᠳᠠᠭᠤᠰᠬᠠᠬᠤ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃   ᠬᠤᠷᠠᠯ ᠠᠴᠠ᠂ ︽ᠭᠤᠷᠪᠠᠨ ᠲᠤᠰᠢᠶᠠᠯᠲᠠᠨ︾ ᠤ ᠰᠡᠳᠬᠢᠬᠦᠶ ᠪᠠᠷ ᠠᠵᠢᠯ ᠢᠶᠠᠨ ᠠᠬᠢᠭᠤᠯᠬᠤ ᠬᠡᠷᠡᠭᠲᠡᠶ ᠂ ᠵᠥᠪᠬᠡᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ᠂ ᠪᠠᠶᠢᠳᠠᠯ ᠢ ᠬᠤᠷᠢᠶᠠᠩᠭᠤᠶᠢᠯᠠᠬᠤ ︽ᠲᠤᠭ᠎ᠠ ᠪᠦᠷᠢᠳᠬᠡᠭᠴᠢ︾ ᠪᠣᠯᠤᠭᠰᠠᠨ ᠳᠠᠭᠠᠨ ᠰᠡᠳᠬᠢᠯ ᠬᠠᠨᠵᠤ ᠪᠣᠯᠬᠤ ᠦᠭᠡᠢ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ ︽ᠬᠢᠨᠠᠭᠴᠢ︾ ᠪᠤᠯᠵᠤ᠂ ᠡᠴᠦᠰ ᠲᠡᠭᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ︽ᠮᠡᠷᠭᠡᠵᠢᠯᠲᠡᠨ︾ ᠪᠤᠯᠵᠤ ᠂ ᠭᠦᠨᠵᠡᠭᠡᠢ ᠪᠣᠳᠣᠯᠬᠢᠯᠠᠵᠤ᠂ ᠭᠦᠨᠵᠡᠭᠡᠢ ᠰᠡᠳᠬᠢᠵᠦ᠂ ᠦᠨᠳᠦᠰᠦᠨ ᠱᠠᠲᠤ ᠶᠢ ᠬᠠᠪᠰᠤᠷᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠢᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠭᠦᠨᠵᠡᠭᠡᠢ ᠥᠷᠨᠢᠭᠦᠯᠬᠦ ᠲᠥᠰᠥᠯ︾ ᠢ ᠰᠤᠳᠤᠯᠵᠠᠢ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ