ᠸᠠᠩ ᠸᠧᠨ ᡁᠢ ᠨᠡᠷ ᠱᠧᠨᠵᠧᠨ ᠵᠡᠷᠭᠡ ᠭᠠᠵᠠᠷ ᠲᠤ ᠬᠦᠷᠴᠦ ᠵᠠᠰᠠᠭ ᠤᠨ ᠣᠷᠳᠣᠨ ᠤ ᠪᠡᠯᠡ ᠤᠷᠤᠭᠤᠯᠤᠯᠳᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/18
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠬᠢᠬᠦ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 10 ᠤ ᠡᠳᠦᠷ ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠤᠨ ᠨᠠᠮ ᠤᠨ ᠶᠡᠷᠦᠩᠬᠡᠶ ᠡᠭᠦᠷ ᠤᠨ ᠱᠦᠵᠢ᠂ ᠡᠷᠬᠢᠯᠡᠭᠴᠢ ᠸᠠᠩ ᠸᠧᠨ ᡁᠢ ᠪᠦᠯᠬᠦᠮ ᠳᠠᠭᠠᠭᠤᠯᠤᠨ ᠱᠧᠨᠵᠧᠨ ᠬᠤᠲᠠ ᠶᠢᠨ ᠪᠠᠷᠢᠯᠭ᠎ᠠ ᠶᠢᠨ ᠠᠵᠢᠯ ᠤᠨ ᠶᠠᠪᠤᠳᠠᠯ ᠤᠨ ᠵᠠᠬᠢᠷᠭ᠎ᠠ᠂ ᠰᠢᠶᠠᠮᠧᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠶᠦᠨᠨᠠᠨ ᠮᠤᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠳᠠ ᠶᠢᠨ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠪᠣᠯᠤᠨ ᠨᠡᠶᠢᠲᠡᠯᠢᠭ ᠵᠢᠱᠢᠶ᠎ᠡ ᠶᠢ ᠪᠠᠶᠢᠴᠠᠭᠠᠨ ᠰᠤᠳᠤᠯᠵᠤ ᠰᠤᠷᠤᠯᠴᠠᠪᠠ᠃
2.jpg
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠱᠧᠨᠵᠧᠨ ᠬᠤᠲᠠ ᠶᠢᠨ ᠪᠠᠷᠢᠯᠭ᠎ᠠ ᠶᠢᠨ ᠠᠵᠢᠯ ᠤᠨ ᠶᠠᠪᠤᠳᠠᠯ ᠤᠨ ᠵᠠᠬᠢᠷᠭ᠎ᠠ᠂ ᠰᠢᠶᠠᠮᠧᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠶᠦᠨᠨᠠᠨ ᠮᠤᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠳᠠ ᠶᠢᠨ ᠬᠤᠪᠢ ᠡᠵᠡᠮᠳᠡᠭᠰᠡᠨ ᠪᠦᠯᠦᠭᠯᠡᠯ  ᠤᠨ ᠬᠢᠵᠠᠭᠠᠷᠲᠤ ᠺᠣᠮᠫᠠᠨᠢ ᠯᠤᠭ᠎ᠠ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠲᠥᠷᠥᠯ ᠵᠦᠶᠯ ᠢ ᠣᠷᠣᠯᠠᠨ ᠪᠥᠲᠥᠭᠡᠨ ᠪᠠᠶᠢᠭᠤᠯᠬᠤ ᠲᠦᠷᠢᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠭᠡᠷ᠎ᠡ ᠶᠢᠨ ᠬᠠᠮᠢᠶᠠᠷᠤᠯᠲᠠ᠂ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ᠂ ᠪᠠᠷᠢᠯᠭ᠎ᠠ ᠶᠢᠨ ᠸᠢᠰᠠ ᠶᠢᠨ ᠬᠤᠪᠢᠷᠠᠯᠲᠠ᠂ ᠮᠠᠲ᠋ᠧᠷᠢᠶᠠᠯ ᠲᠥᠬᠦᠭᠡᠷᠦᠮᠵᠢ ᠶᠢᠨ ᠨᠠᠷᠠᠲᠤ ᠲᠡᠮᠳᠡᠭᠲᠦ ᠶᠢᠨ ᠬᠥᠮᠥᠷᠭᠡ ᠶᠢᠨ ᠪᠠᠶᠢᠭᠤᠯᠤᠯᠲᠠ᠂ ᠤᠶᠤᠨᠴᠢᠯᠠᠭᠰᠠᠨ ᠮᠡᠳᠡᠭᠡ ᠵᠠᠩᠭᠢᠵᠢᠯᠠᠭᠰᠠᠨ ᠪᠠᠶᠢᠭᠤᠯᠤᠯᠲᠠ᠂ ᠬᠢᠨᠠᠨ ᠲᠣᠭᠲᠠᠭᠠᠯᠲᠠ ᠶᠢ ᠰᠠᠯᠭᠠᠬᠤ᠂ BIM ᠬᠡᠷᠡᠭᠯᠡᠯᠲᠡ᠂ ᠪᠣᠬᠢᠷᠲᠤᠯ ᠥᠬᠡᠶ ᠪᠠᠷᠢᠯᠭ᠎ᠠ ᠶᠢᠨ ᠵᠢᠱᠢᠶ᠎ᠡ ᠦᠵᠡᠭᠦᠯᠬᠦ ᠬᠡᠷᠡᠭᠯᠡᠭᠡ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ᠃   ᠸᠠᠩ ᠸᠧᠨ ᡁᠢ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠪᠠᠶᠢᠴᠠᠭᠠᠨ ᠰᠣᠳᠣᠯᠠᠭᠰᠠᠨ ᠠᠳᠠᠯᠢ ᠪᠤᠰᠤ ᠭᠠᠵᠠᠷ ᠣᠷᠣᠨ ᠨᠢ ᠵᠠᠰᠠᠭ ᠤᠨ ᠣᠷᠳᠣᠨ ᠤ ᠪᠠᠯᠠ ᠤᠷᠤᠭᠤᠯᠤᠯᠳᠠ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠴᠥᠮ ᠰᠤᠷᠤᠯᠴᠠᠵᠤ ᠯᠠᠪᠯᠠᠯᠲᠠ ᠪᠣᠯᠭᠠᠵᠤ ᠪᠣᠯᠬᠤ ᠭᠠᠵᠠᠷ ᠪᠠᠶᠢᠨ᠎ᠠ᠂ ᠱᠧᠨᠵᠧᠨ ᠬᠤᠲᠠ ᠶᠢᠨ ᠬᠠᠮᠲᠤᠷᠠᠭᠰᠠᠨ ᠬᠤᠷᠠᠯ ᠤᠨ ᠲᠣᠭᠲᠠᠴᠠ᠂ ᠳᠠᠭᠠᠭᠠᠴᠢᠯᠠᠯᠲᠠ ᠵᠠᠷᠯᠠᠬᠤ ᠰᠢᠯᠢᠳᠡᠭ ᠢ ᠰᠣᠩᠭᠤᠬᠤ ᠰᠢᠰᠲ᠋ᠧᠮ᠂ ᠭᠡᠷ᠎ᠡ ᠪᠡᠶᠡᠯᠡᠭᠦᠯᠬᠦ ᠬᠠᠮᠢᠶᠠᠷᠤᠯᠲᠠ᠂ ᠦᠨᠡᠨᠴᠢ ᠢᠲᠡᠭᠡᠮᠵᠢ ᠶᠢᠨ ᠬᠠᠮᠢᠶᠠᠷᠤᠯᠲᠠ᠂ ᠬᠢᠨᠠᠨ ᠦᠨᠡᠯᠡᠯᠳᠡ ᠶᠢ ᠰᠠᠯᠭᠠᠬᠤ ᠲᠦᠷᠢᠮ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ  ᠤᠨ ᠭᠠᠵᠠᠷ ᠤᠨ ᠪᠠᠶᠢᠭᠤᠯᠤᠯᠲᠠ ᠵᠡᠷᠭᠡ ᠲᠠᠯ᠎ᠠ ᠪᠠᠷ᠂ ᠰᠢᠶᠠᠮᠧᠨ ᠬᠤᠳᠠ ᠶᠢᠨ ᠨᠠᠶᠢᠳᠠᠯᠭ᠎ᠠ ᠪᠠᠷ ᠤᠯᠤᠰ ᠤᠨ ᠦᠮᠴᠢᠯᠡᠯᠳᠦ ᠠᠵᠤ ᠠᠬᠤᠶᠢᠯᠠᠯ ᠢ ᠣᠷᠣᠯᠠᠨ ᠪᠠᠶᠢᠭᠤᠯᠬᠤ᠂ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢᠨ ᠬᠠᠮᠢᠶᠠᠷᠤᠯᠲᠠ᠂ ᠳᠤᠲᠠᠭᠳᠠᠯ ᠢ ᠪᠠᠭᠲᠠᠭᠠᠵᠤ ᠭᠠᠷ ᠭᠦᠶᠴᠡᠳᠬᠡᠯ ᠢ ᠪᠡᠶᠡᠯᠡᠭᠦᠯᠬᠦ ᠵᠡᠷᠭᠡ ᠲᠠᠯ᠎ᠠ ᠪᠠᠷ ᠵᠢᠴᠢ ᠶᠦᠨᠨᠠᠨ ᠮᠤᠵᠢ ᠮᠤᠵᠢ ᠶᠢᠨ ᠱᠠᠲᠤᠨ ᠳᠤ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠪᠠᠶᠢᠭᠤᠯᠵᠤ᠂ ᠠᠵᠤ ᠠᠬᠤᠢᠯᠠᠯ ᠳᠤ ᠪᠡᠯᠡ ᠣᠷᠣᠭᠤᠯᠵᠤ ᠪᠡᠯᠡ ᠬᠤᠷᠠᠮᠳᠤᠭᠤᠯᠬᠤ᠂ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ᠂ ᠬᠠᠮᠲᠤᠷᠠᠨ ᠪᠡᠯᠡ ᠣᠷᠣᠭᠤᠯᠬᠤ ᠵᠡᠷᠭᠡ ᠲᠠᠯ᠎ᠠ ᠶᠢᠨ ᠲᠡᠷᠢᠭᠦᠨ ᠤ ᠬᠢᠳᠡᠯ ᠢ ᠨᠢ ᠪᠢᠳᠡ ᠪᠦᠷ ᠭᠦᠨᠵᠡᠭᠡᠶ ᠰᠤᠳᠤᠯᠵᠤ ᠰᠤᠷᠤᠯᠴᠠᠭᠤᠰᠢᠲᠠᠶ᠃ ᠪᠠᠶᠢᠴᠠᠭᠠᠨ ᠰᠤᠳᠤᠯᠤᠯᠲᠠ ᠳᠠᠭᠤᠰᠤᠭᠰᠠᠨ  ᠤ ᠳᠠᠷᠠᠭ᠎ᠠ᠂ ᠪᠣᠯᠤᠮᠵᠢᠲᠤ ᠴᠢᠨᠠᠷᠲᠠᠶ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠠᠮᠢᠶ᠎ᠠ ᠪᠥᠬᠦᠶ ᠠᠵᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠬᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠥᠲᠥᠭᠡᠨ ᠪᠠᠶᠢᠭᠤᠯᠤᠯᠳᠠ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠪᠤᠵᠠᠭᠠᠶᠢᠷᠠᠭᠤᠯᠬᠤ ᠳᠤ ᠰᠢᠶᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠦ ᠪᠤᠯᠤᠨ᠎ᠠ ᠭᠡᠵᠡᠢ᠃
1234.jpg
   ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ  ᠶᠢᠨ ᠦᠢᠯᠡᠰ ᠤᠨ ᠨᠡᠶᠢᠭᠡᠮᠯᠢᠭ᠂ ᠬᠥᠬᠡᠬᠤᠲᠠ ᠶᠢᠨ ᠣᠷᠣᠯᠠᠨ ᠪᠠᠶᠢᠭᠤᠯᠬᠤ ᠲᠥᠪ᠂ ᠤᠷᠳᠤᠰ ᠬᠤᠳᠠ ᠶᠢᠨ ᠣᠷᠣᠯᠠᠨ ᠪᠠᠶᠢᠭᠤᠯᠬᠤ ᠲᠥᠪ᠂ ᠰᠢᠯᠢ ᠶᠢᠨ ᠭᠤᠣᠯ ᠠᠶᠢᠮᠠᠭ ᠤᠨ ᠬᠤᠳᠠ ᠬᠥᠳᠡᠭᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ  ᠳᠤ ᠣᠷᠣᠯᠴᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠣᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ