4 ᠳ᠋ᠦ᠋ᠭᠡᠷ ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠲᠡᠳ᠋ ᠳᠠᠷᠤᠭ᠎ᠠ ᠯᠢᠦ ᠵᠢᠶᠠᠨ ᠬᠤᠸᠠ | ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠿᠢ ᠵᠣᠣ ᠬᠤᠲᠠ ᠳᠤ ᠬᠦᠷᠴᠦ ᠵᠢᠷᠭᠤᠳᠤᠭᠠᠷ ᠬᠤᠭᠤᠴᠠᠭᠠᠨ ᠤ ᠱᠠᠨᠳᠦ᠋ᠩ ᠮᠤᠵᠢ ᠶᠢᠨ ᠪᠣᠬᠢᠷᠲᠤᠯ ᠦᠭᠡᠢ ᠪᠠᠷᠢᠯᠭ᠎ᠠ | ᠪᠠ ᠡᠨᠧᠷᠭᠢ ᠠᠷᠪᠢᠯᠠᠬᠤ ᠪᠠᠷᠢᠯᠭ᠎ᠠ ᠶᠢᠨ ᠰᠢᠨ᠎ᠡ ᠮᠡᠷᠭᠡᠵᠢᠯ ᠤᠨ ᠦᠢᠯᠡᠳᠬᠦᠨ ᠤ ᠦᠵᠡᠭᠦᠯᠦᠯᠭᠡ ᠶᠢᠨ ᠴᠤᠬᠯᠠᠭᠠᠨ ᠳᠤ ᠣᠷᠣᠯᠴᠠᠪᠠ᠃ | | | | | ᠱᠠᠨᠳᠦ᠋ᠩ ᠮᠤᠵᠢ ᠶᠢᠨ ᠪᠣᠬᠢᠷᠲᠤᠯ ᠦᠭᠡᠢ ᠪᠠᠷᠢᠯᠭ᠎ᠠ ᠪᠣᠯᠣᠨ ᠡᠨᠧᠷᠭᠢ ᠠᠷᠪᠢᠯᠠᠬᠤ ᠪᠠᠷᠢᠯᠭ᠎ᠠ ᠶᠢᠨ ᠰᠢᠨ᠎ᠡ ᠮᠡᠷᠭᠡᠵᠢᠯ ᠤᠨ ᠦᠢᠯᠡᠳᠬᠦᠨ ᠤ ᠦᠵᠡᠭᠦᠯᠦᠯᠭᠡ ᠶᠢᠨ | ᠴᠤᠭᠯᠠᠭᠠᠨ ᠪᠣᠯ ᠳᠣᠷᠣᠨᠠᠲᠤ ᠣᠷᠣᠨ ᠤ ᠬᠡᠪᠴᠢᠶᠡᠨ ᠳᠤ ᠬᠠᠮᠤᠭ ᠤᠨ ᠶᠡᠭᠡ᠂ ᠬᠠᠮᠤᠭ ᠤᠨ ᠨᠥᠯᠥᠭᠡᠯᠡᠬᠦ ᠬᠦᠴᠦᠨ ᠲᠠᠢ ᠪᠣᠬᠢᠷᠲᠤᠯ ᠦᠭᠡᠢ ᠪᠠᠷᠢᠯᠭ᠎ᠠ ᠶᠢᠨ ᠲᠤᠰᠬᠠᠢ | ᠮᠡᠷᠭᠡᠵᠢᠯ ᠤᠨ ᠦᠵᠡᠭᠦᠯᠦᠯᠭᠡ ᠶᠢᠨ ᠴᠤᠭᠯᠠᠭᠠᠨ ᠪᠣᠯᠣᠨ᠎ᠠ᠂ ᠲᠤᠰ ᠬᠤᠭᠤᠴᠠᠭᠠᠨ ᠤ ︽ᠪᠤᠷᠬᠢᠳᠠᠯ ᠦᠭᠡᠢ ᠦᠵᠡᠭᠦᠯᠦᠯᠭᠡ ᠶᠢᠨ ᠴᠤᠬᠯᠠᠭᠠᠨ︾ ᠳᠤ ︽ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠶᠢ ᠲᠦᠷᠭᠡᠳᠬᠡᠵᠦ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠬᠥᠳᠡᠭᠡ ᠶᠢ ᠪᠦᠲᠦᠭᠡᠨ ᠪᠠᠶᠢᠭᠤᠯᠤᠶ᠎ᠠ︾ ᠪᠠᠷ ᠭᠤᠣᠯ ᠰᠡᠳᠦᠪ ᠪᠣᠯᠭᠠᠵᠤ᠂ ᠦᠵᠡᠭᠦᠯᠦᠯᠭᠡ ᠪᠣᠯᠣᠨ ᠶᠠᠷᠢᠶᠠᠨ ᠤ | ᠲᠠᠪᠴᠠᠩ ᠤᠨ ᠠᠵᠢᠯᠯᠠᠭ᠎ᠠ ᠭᠡᠵᠦ ᠬᠤᠶᠠᠷ ᠬᠡᠰᠡᠭ ᠬᠤᠪᠢᠶᠠᠬᠤ ᠶᠢᠨ ᠬᠠᠮᠲᠤ 5 ᠶᠡᠭᠡ ᠦᠵᠡᠭᠦᠯᠦᠯᠭᠡ ᠶᠢᠨ ᠲᠣᠭᠤᠷᠢᠭ᠂ 22 ᠤᠳᠠᠭᠠᠨ ᠤ ᠶᠠᠷᠢᠶᠠᠨ ᠤ | ᠲᠠᠪᠴᠠᠩ ᠤᠨ ᠠᠵᠢᠯᠯᠠᠭ᠎ᠠ ᠲᠣᠬᠢᠷᠠᠭᠤᠯᠵᠠᠢ᠃ ᠶᠠᠷᠢᠶᠠᠨ ᠤ ᠲᠠᠪᠴᠠᠩ ᠳᠤ ᠬᠤᠯᠪᠣᠭᠳᠠᠯ ᠪᠦᠬᠦᠢ ᠠᠵᠢᠯ ᠲᠦᠷᠦᠯ ᠤᠨ ᠨᠡᠷᠡᠳᠦ ᠲᠤᠰᠬᠠᠢ ᠮᠡᠷᠭᠡᠵᠢᠯᠲᠡᠨ ᠢ ᠤᠷᠢᠵᠤ | ᠲᠤᠰᠬᠠᠢ ᠰᠡᠳᠦᠪᠲᠦ ᠰᠣᠯᠢᠯᠴᠠᠭᠠᠨ ᠤ ᠶᠠᠷᠢᠶ᠎ᠠ ᠲᠠᠯᠪᠢᠭᠤᠯᠪᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠠᠳᠤᠨ | ᠭᠤᠣᠯ ᠳᠠᠭᠠᠤ ᠶᠢᠨ ᠡᠯ᠎ᠡ ᠮᠤᠵᠢ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠂ ᠦᠵᠡᠭᠦᠯᠦᠯᠭᠡ ᠳᠤ | ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ 7000 ᠭᠠᠷᠤᠢ ᠬᠥᠮᠥᠨ ᠣᠷᠣᠯᠴᠠᠵᠠᠢ᠃ | ᠬᠤᠷᠠᠯ ᠤᠨ ᠬᠤᠭᠤᠴᠠᠭᠠᠨ ᠳᠤ᠂ ᠯᠢᠦ ᠵᠢᠶᠠᠨ ᠬᠤᠸᠠ ᠨᠠᠷ ᠬᠤᠳᠠ ᠬᠥᠳᠡᠭᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ | ᠬᠥᠭᠵᠢᠯᠲᠡ ᠶᠢᠨ ᠠᠮᠵᠢᠯᠲᠠ ᠪᠦᠲᠦᠮᠵᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠪᠠᠷᠢᠯᠭ᠎ᠠ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ | ᠠᠵᠤ ᠦᠢᠯᠡᠳᠪᠦᠷᠢᠵᠢᠯᠲᠡ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠲᠣᠭᠠᠴᠢᠯᠠᠭᠰᠠᠨ ᠪᠠᠷᠢᠯᠭ᠎ᠠ ᠶᠢᠨ ᠲᠠᠪᠴᠠᠩ᠂ ᠬᠤᠳᠠ ᠶᠢᠨ ᠠᠮᠢ ᠨᠠᠰᠤᠨ ᠤ | ᠱᠤᠭᠤᠮ ᠤᠨ ᠠᠶᠦᠯᠭᠦᠢ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠡᠷᠭᠡ ᠦᠵᠡᠭᠦᠯᠦᠯᠭᠡ ᠶᠢᠨ ᠲᠣᠭᠤᠷᠢᠭ ᠢ ᠤᠷᠢᠳ ᠬᠤᠵᠢᠳ | ᠲᠣᠭᠤᠷᠢᠨ ᠦᠵᠡᠵᠦ ᠰᠤᠷᠤᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠵᠡᠭᠦᠯᠦᠯᠭᠡ ᠶᠢᠨ ᠲᠣᠭᠤᠷᠢᠭ ᠤᠨ | ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠪᠠ᠃ ᠲᠣᠭᠤᠷᠢᠨ ᠦᠵᠡᠭᠰᠡᠨ ᠤ ᠳᠠᠷᠠᠭ᠎ᠠ᠂ ᠯᠢᠦ ᠵᠢᠶᠠᠨ ᠬᠤᠸᠠ ᠨᠠᠷ ᠲᠤᠰ ᠲᠤᠰ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤ | ᠣᠷᠣᠯᠴᠠᠵᠤ᠂ ᠳᠤᠮᠳᠠᠳᠤ ᠤᠯᠤᠰ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠤᠨ ᠬᠥᠭᠵᠢᠯᠲᠡ ᠶᠢᠨ ᠰᠣᠯᠢᠯᠴᠠᠭᠠᠨ ᠤ ᠶᠡᠭᠡ ᠬᠤᠷᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠢ ᠲᠡᠮᠵᠢᠵᠦ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠰᠤᠯᠢᠯᠴᠠᠭᠠᠨ ᠤ ᠬᠤᠷᠠᠯ᠂ ᠬᠠᠲᠤᠨ ᠭᠤᠣᠯ ᠤᠨ ᠰᠠᠪᠠ ᠭᠠᠵᠠᠷ ᠤᠨ | ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ᠂ ᠪᠠᠷᠢᠯᠭ᠎ᠠ ᠶᠢᠨ ᠬᠦᠷᠢᠶ᠎ᠡ ᠬᠡᠪᠴᠢᠶᠡᠨ ᠳᠤ | ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠬᠦ ᠨᠡᠭᠦᠷᠡᠰᠦᠲᠥ᠋ᠷᠥᠭᠴᠢ ᠪᠠ ᠪᠣᠬᠢᠷᠲᠤᠯ ᠦᠭᠡᠢ ᠮᠡᠷᠭᠡᠵᠢᠯ ᠤᠨ ᠶᠠᠷᠢᠶᠠᠨ ᠤ ᠲᠠᠪᠴᠠᠩ᠂ ᠪᠣᠬᠢᠷᠲᠤᠯ ᠦᠭᠡᠢ ᠪᠠᠷᠢᠮᠵᠢᠶ᠎ᠠ | ᠬᠢᠭᠡᠳ ᠦᠢᠯᠡᠳᠬᠦ ᠦᠨ᠎ᠡ ᠶᠢ ᠲᠣᠭᠠᠴᠢᠯᠠᠭᠰᠠᠨ ᠶᠠᠷᠢᠶᠠᠨ ᠤ ᠳᠠᠪᠴᠠᠩ ᠵᠡᠷᠭᠡ ᠬᠠᠮᠢᠶ᠎ᠠ ᠪᠥᠬᠦᠢ ᠬᠥᠳᠡᠯᠭᠡᠭᠡᠨ ᠳᠤ ᠤᠷᠤᠯᠴᠠᠪᠠ᠃ | ᠯᠢᠦ ᠵᠢᠶᠠᠨ ᠬᠤᠸᠠ᠂ ᠱᠠᠨᠳᠦ᠋ᠩ ᠮᠤᠵᠢ ᠶᠢᠨ ᠬᠢᠨ ᠪᠣᠬᠢᠷᠲᠤᠯ ᠦᠭᠡᠢ ᠪᠠᠷᠢᠯᠭ᠎ᠠ ᠪᠣᠯᠣᠨ ᠡᠨᠧᠷᠭᠢ ᠠᠷᠪᠢᠯᠠᠬᠤ ᠴᠢᠨᠠᠷ ᠰᠠᠶᠢᠲᠠᠢ ᠪᠠᠷᠢᠯᠭ᠎ᠠ ᠶᠢᠨ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠬᠤᠳᠠ ᠬᠥᠳᠡᠭᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠥᠭᠵᠢᠯᠲᠡ ᠶᠢ | ᠪᠦᠲᠦᠭᠡᠨ ᠪᠠᠶᠢᠭᠤᠯᠬᠤ ᠳᠤ ᠲᠡᠷᠢᠭᠦᠨ ᠤ ᠲᠤᠷᠰᠢᠯᠭ᠎ᠠ ᠬᠠᠩᠭᠠᠵᠤ᠂ ︽ᠰᠢᠨ᠎ᠡ ᠰᠣᠷᠭᠤᠭ ᠦᠯᠢᠭᠡᠷ ᠳᠠᠭᠤᠷᠢᠶᠠᠯ︾ ᠡᠭᠦᠳᠴᠡᠢ᠃ ᠲᠣᠰ ᠤᠳᠠᠭᠠᠨ ᠤ ᠪᠣᠬᠢᠷᠳᠠᠯ | ᠦᠭᠡᠢ ᠦᠵᠡᠭᠦᠯᠦᠯᠭᠡ ᠶᠢᠨ ᠴᠤᠭᠯᠠᠭᠠᠨ ᠤ ᠰᠢᠨ᠎ᠡ ᠮᠡᠷᠭᠡᠵᠢᠯ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠶᠢ ᠬᠢᠨᠠᠮᠠᠭᠠᠢ ᠰᠤᠷᠤᠯᠴᠠᠨ ᠲᠣᠯᠢᠯᠠᠵᠤ᠂ ᠲᠣᠰ | ᠲᠣᠰ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠥᠷᠢᠶ᠎ᠡ ᠪᠠᠨ ᠡᠷᠢᠵᠦ᠂ ᠲᠤᠳᠠᠭᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠮᠠᠨ ᠤ ᠣᠷᠣᠨ ᠤ ᠬᠠᠮᠢᠶ᠎ᠠ ᠪᠦᠬᠦᠢ ᠠᠵᠢᠯ ᠢ ᠨᠠᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠤᠨ᠎ᠠ ᠭᠡᠵᠦ ᠵᠢᠭᠠᠨ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ᠨᠣᠷᠮ᠎ᠠ ᠬᠢᠭᠡᠳ | ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠨᠠᠷ ᠤᠷᠤᠯᠴᠠᠪᠠ᠃ |