ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠵᠢᠯᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 2023 ᠣᠨ ᠤ ᠬᠠᠤᠯᠢ ᠳᠦᠷᠢᠮ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ | ᠥᠷᠨᠢᠭᠦᠯᠪᠡ᠃ | | | | | | | | | ᠲᠤᠰ ᠤᠳᠠᠭᠠᠨ ᠤ ᠪᠣᠯᠪᠠᠰᠤᠷᠠᠯ ᠤᠨ ᠭᠤᠣᠯ ᠰᠡᠳᠦᠪ ᠨᠢ ︽ᠲᠦᠪ ᠴᠢᠩᠭ᠎ᠠ ᠬᠠᠤᠯᠢ ᠶᠤᠰᠤᠭᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠵᠢᠷᠤᠮᠵᠢᠯ ᠲᠠᠢ | ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ︾ ᠪᠤᠯᠤᠨ᠎ᠠ᠂ ᠲᠤᠰᠬᠠᠢ ᠮᠡᠷᠭᠡᠵᠢᠯᠲᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠦᠨᠵᠡᠭᠡᠢ᠂ ᠳᠥᠭᠦᠮ | ᠣᠶᠢᠯᠠᠭᠠᠮᠵᠢᠲᠠᠢ ᠪᠠᠷ ᠵᠠᠰᠠᠭ ᠵᠠᠬᠢᠷᠭᠠᠨ ᠤ ᠬᠠᠤᠯᠢ ᠶᠢᠨ ᠦᠨᠳᠦᠰᠦᠨ ᠵᠠᠷᠴᠢᠮ ᠢ ᠲᠠᠶᠢᠯᠪᠤᠷᠢᠯᠠᠵᠤ᠂ ᠪᠣᠳᠠᠲᠠᠢ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ | ᠤᠬᠠᠭᠳᠠᠬᠤᠨ᠂ ᠠᠴᠢ ᠲᠤᠰᠠ ᠵᠢᠴᠢ ᠭᠤᠣᠯ ᠲᠦᠷᠦᠯ ᠵᠦᠢᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ᠂ ᠵᠢᠴᠢ ᠤᠯᠤᠰ ᠤᠨ | ᠲᠥᠯᠥᠪᠦᠷᠢ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠢ ᠬᠤᠯᠪᠣᠭᠳᠠᠬᠤ ᠤᠯᠠᠨ ᠵᠦᠢᠯ ᠤᠨ ᠤᠨᠤᠯ ᠤᠨ ᠮᠡᠳᠡᠯᠭᠡ ᠶᠢ ᠵᠢᠭᠠᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠤᠨᠤᠯ ᠤᠨ ᠨᠥᠭᠡᠴᠡ ᠶᠢ ᠪᠠᠶᠠᠯᠢᠭᠵᠢᠭᠤᠯᠤᠭᠰᠠᠨ ᠮᠥᠷᠲᠡᠭᠡᠨ ᠪᠠᠰᠠ ᠬᠠᠤᠯᠢ ᠬᠡᠷᠡᠭᠵᠢᠭᠦᠯᠬᠦ ᠶᠢᠨ | ᠲᠥᠭᠡᠷᠢᠭᠳᠡᠯ ᠢ ᠠᠷᠢᠯᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠵᠢᠯᠯᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠵᠢᠯᠤᠭᠤᠳᠴᠤ | ᠮᠠᠰᠢ ᠰᠠᠶᠢᠨ ᠠᠴᠢ ᠬᠤᠯᠪᠣᠭᠳᠠᠯ ᠲᠠᠢ ᠪᠤᠯᠵᠠᠢ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠳ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠪᠠᠶᠠᠯᠢᠭ ᠪᠥᠭᠡᠳ | ᠪᠣᠳᠠᠲᠤ ᠬᠡᠷᠡᠭᠴᠡᠭᠡ ᠲᠠᠢ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠦᠢᠯᠡᠳᠦᠯᠭᠡ ᠶᠢᠨ ᠳᠤᠮᠳᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠵᠥᠪ ᠬᠡᠷᠡᠭᠯᠡᠬᠦ ᠶᠢ ᠨᠠᠩ ᠣᠨᠣᠪᠴᠢᠲᠠᠢ ᠡᠵᠡᠮᠰᠢᠨ ᠮᠠᠭᠠᠳᠯᠠᠭᠰᠠᠨ ᠭᠡᠵᠦ ᠰᠠᠨᠠᠯ ᠨᠢᠭᠡᠲᠡᠢ ᠪᠥᠭᠡᠳ ᠬᠤᠶᠢᠰᠢᠳᠠ ᠶᠢᠨ ᠠᠵᠢᠯ ᠤᠨ ᠳᠤᠮᠳᠠ ᠪᠠᠨ | ᠰᠤᠷᠤᠯᠴᠠᠯᠭ᠎ᠠ ᠪᠠᠷ ᠦᠢᠯᠡᠳᠦᠯᠭᠡ ᠶᠢ ᠠᠬᠢᠭᠤᠯᠵᠤ᠂ ᠪᠣᠯᠪᠠᠰᠤᠷᠠᠯ ᠤᠨ ᠦᠷ᠎ᠡ ᠪᠦᠲᠦᠭᠡᠯ ᠢ ᠢᠳᠡᠪᠬᠢᠲᠡᠢ ᠬᠡᠷᠡᠭᠯᠡᠨ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ | ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠢᠯᠡᠷᠬᠡᠶᠢᠯᠡᠪᠡ᠃ | |